︽2018 - 2022 ᠤᠨ ᠤ ᠪᠦᠬᠦ ᠤᠯᠤᠰ ᠤᠨ ᠺᠠᠳᠠᠷ ᠤᠨ ᠬᠦᠮᠦᠵᠢᠯ ᠪᠤᠯᠪᠠᠰᠤᠷᠠᠯ ᠤᠨ ᠳᠦᠯᠦᠪᠵᠢᠬᠦᠯᠭᠡ︾ ᠎ ᠶᠢᠨ ᠳᠤᠬᠠᠢ ᠳᠠᠶᠢᠯᠤᠮᠵᠢ
ᠨᠡᠶᠢᠲᠡᠯᠡᠭᠰᠡᠨ ᠴᠠᠭ᠄
2018-10-12
ᠵᠤᠴᠢᠨ᠄ ᠦᠪᠤᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠮᠠᠷᠺᠰ ᠤᠨ ᠦᠵᠡᠯ ᠤᠨ ᠳᠡᠭᠡᠳᠤ ᠰᠤᠷᠭᠠᠭᠤᠯᠢ ᠶᠢᠨ ᠳᠡᠳ᠋ ᠫᠷᠤᠹᠧᠰᠰᠤᠷ ᠳᠠᠪᠰᠢᠯᠳᠤ﹇ᠬᠦᠳᠦᠯᠦᠭᠴᠢ﹈  ︽2018--2022 ᠤᠨ ᠤ ᠪᠦᠬᠦ ᠤᠯᠤᠰ ᠤᠨ ᠺᠠᠳᠠᠷ ᠤᠨ ᠬᠦᠮᠦᠵᠢᠯ ᠪᠤᠯᠪᠠᠰᠤᠷᠠᠯ ᠤᠨ ᠳᠦᠯᠦᠪᠵᠢᠬᠦᠯᠭᠡ︾᠎ ᠎ ᠶᠢ ᠳᠤᠭᠳᠠᠭᠠᠨ ᠬᠡᠷᠡᠭᠵᠢᠬᠦᠯᠬᠦ ᠠᠴᠢ ᠬᠤᠯᠪᠤᠭᠳᠠᠯ ᠤᠨ ᠳᠤᠬᠠᠢ ᠳᠠᠶᠢᠯᠪᠤᠷᠢᠯᠠᠵᠦ ᠦᠭᠬᠦᠨᠦ︖ ﹇ᠵᠤᠴᠢᠨ﹈ ᠨᠢᠭᠡ ᠳᠤ᠂ ᠺᠠᠳᠠᠷ ᠤᠨ ᠬᠦᠮᠦᠵᠢᠯ ᠪᠤᠯ ᠳᠤᠮᠳᠠᠳᠤ ᠤᠯᠤᠰ ᠤᠨ ᠡᠪ ᠬᠠᠮᠳᠤ ᠨᠠᠮ ᠤᠨ ᠤᠳᠤᠷᠢᠳᠤᠮᠵᠢ ᠶᠢᠨ ᠴᠢᠨᠠᠷᠳᠠᠢ᠂ ᠰᠠᠭᠤᠷᠢ ᠴᠢᠨᠠᠷᠳᠠᠢ᠂ ᠪᠦᠬᠦ ᠳᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠠᠰᠠᠭᠤᠳᠠᠯ ᠮᠦᠨ᠃ ᠬᠤᠶᠠᠷ ᠲᠤ᠂ ᠺᠠᠳᠠᠷ ᠤᠨ ᠬᠦᠮᠦᠵᠢᠯ ᠪᠤᠯ ᠨᠠᠮ ᠤᠨ ᠦᠨᠳᠤᠰᠤᠨ ᠱᠤᠭᠤᠮ ᠴᠢᠭᠯᠡᠯᠳᠡ ᠳᠦᠷᠦ ᠶᠢᠨ ᠪᠤᠳᠤᠯᠭ᠎ᠠ ᠶᠢ ᠳᠤᠤᠱᠯᠠᠭᠤᠯᠤᠨ ᠬᠡᠷᠡᠭᠵᠢᠬᠦᠯᠬᠦ ᠳᠤ ᠴᠢᠬᠤᠯᠠ ᠠᠴᠢ ᠬᠤᠯᠪᠤᠭᠳᠠᠯ ᠲᠠᠢ ᠪᠠᠶᠢᠳᠠᠭ᠃ ᠭᠤᠷᠪᠠ ᠳᠤ᠂ ᠦᠨᠡᠨᠴᠢ ᠢᠳᠡᠭᠡᠯ ᠲᠠᠢ᠂ ᠦᠨᠡᠨᠴᠢ ᠰᠢᠳᠤᠷᠭᠤ᠂ ᠠᠷᠢᠭᠤᠨ ᠴᠢᠭᠡᠴᠢ᠂ ᠢᠳᠡᠭᠡᠯ ᠬᠠᠷᠢᠭᠤᠴᠠᠯᠭ᠎ᠠ ᠎ ᠲᠠᠢ᠂ ᠦᠨᠳᠤᠷ ᠬᠡᠪ ᠪᠤᠯᠪᠠᠰᠤᠷᠠᠯ ᠲᠠᠢ ᠺᠠᠳᠡᠷ ᠤᠨ ᠡᠩᠨᠡᠭᠡ ᠶᠢ ᠪᠠᠶᠢᠭᠤᠯᠬᠤ ᠪᠤᠯ ᠳᠤᠮᠳᠠᠳᠤ ᠶᠢᠨ ᠬᠦᠰᠡᠯᠡᠩ ᠢ ᠪᠡᠶᠡᠯᠡᠬᠦᠯᠬᠦ ᠨᠠᠮ ᠤᠨ ᠠᠵᠢᠯ ᠢ ᠵᠢᠯᠤᠭᠤᠳᠬᠤ ᠦᠨᠳᠤᠰᠤᠨ ᠨᠦᠬᠦᠴᠡᠯ ᠪᠤᠯᠤᠨ᠎ᠠ᠃﹇ᠬᠦᠳᠦᠯᠦᠭᠴᠢ﹈ ᠰᠢᠨ᠎ᠡ ᠴᠠᠭ ᠦᠶ᠎ᠡ ᠶᠢᠨ ᠺᠠᠳᠡᠷ ᠤᠨ ᠬᠦᠮᠦᠵᠢᠯ ᠪᠤᠯᠪᠠᠰᠤᠷᠠᠯ ᠡᠷᠬᠡᠪᠰᠢ ᠰᠢᠨ᠎ᠡ ᠳᠦᠷᠰᠦ ᠪᠠᠶᠢᠳᠠᠯ ᠰᠢᠨ᠎ᠡ ᠠᠵᠢᠯᠯᠠᠭ᠎ᠠ ᠲᠠᠢ ᠪᠠᠶᠢᠬᠤ ᠬᠡᠷᠡᠭᠳᠡᠢ ᠭᠡᠳᠡᠭ ᠢ ᠬᠡᠷᠬᠢᠨ ᠤᠶᠢᠯᠠᠭᠠᠬᠤ ᠪᠤᠢ︖﹇ᠵᠤᠴᠢᠨ﹈ ᠨᠢᠭᠡ ᠳᠤ᠂ ᠬᠦᠰᠡᠯᠡᠩ ᠢᠳᠡᠭᠡᠯ ᠪᠢᠰᠢᠷᠡᠯ ᠤᠨ ᠬᠦᠮᠦᠵᠢᠯ ᠢ ᠴᠢᠩᠭᠠᠳᠬᠠᠬᠤ ᠬᠡᠷᠡᠭᠳᠡᠢ᠃ ᠬᠤᠶᠠᠷ ᠲᠤ᠂ ᠮᠠᠷᠺᠰ ᠤᠨ ᠦᠵᠡᠯ ᠤᠨ ᠤᠨᠤᠯ ᠤᠨ ᠬᠦᠮᠦᠵᠢᠯ ᠢ ᠴᠢᠩᠭᠠᠳᠬᠠᠬᠤ ᠬᠡᠷᠡᠭᠳᠡᠢ᠃ ᠭᠤᠷᠪᠠ ᠳᠤ᠂ ᠨᠠᠮᠴᠢ ᠴᠢᠨᠠᠷ ᠤᠨ ᠬᠦᠮᠦᠵᠢᠯ ᠢ ᠴᠢᠩᠭᠠᠳᠬᠠᠬᠤ ᠬᠡᠷᠡᠭᠳᠡᠢ᠃ ᠳᠦᠷᠪᠡ ᠳᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠬᠦᠨᠵᠡᠭᠡᠶᠢᠷᠡᠬᠦᠯᠦᠨ ᠰᠤᠷᠤᠯᠴᠠᠵᠦ᠂ ᠤᠨᠤᠯ ᠤᠶᠢᠯᠡᠳᠤᠯᠭᠡ ᠶᠢ ᠤᠶᠠᠯᠳᠤᠭᠤᠯᠬᠤ ᠶᠢ ᠪᠠᠷᠢᠮᠳᠠᠯᠠᠬᠤ ᠬᠡᠷᠡᠭᠳᠡᠢ᠃ ᠡᠨᠡᠬᠦ ᠠᠪᠤᠷᠭᠤ ᠡᠷᠳᠡᠮᠳᠡᠨ ᠳᠤ ᠶᠤᠰᠤᠯᠠᠬᠤ ᠶᠢᠨ ᠳᠠᠭᠤ ᠳᠡᠬᠦᠨ ᠢ ᠬᠦᠨᠳᠤᠳᠭᠡᠵᠦ ᠪᠢᠰᠢᠷᠡᠬᠦ᠂ ᠳᠡᠬᠦᠨ ᠤ ᠪᠢᠴᠢᠭ ᠡᠷᠳᠡᠮ ᠳᠤ ᠰᠢᠮᠳᠡᠨ ᠵᠢᠳᠬᠦᠬᠦ ᠴᠦᠬᠦᠷᠡᠰᠢ ᠦᠬᠡᠢ ᠵᠤᠷᠢᠭ ᠰᠠᠨᠠᠭ᠎ᠠ᠂ ᠡᠷᠳᠡᠮ ᠢ ᠰᠤᠷᠬᠤ ᠳᠠᠷᠤᠤ ᠬᠢᠴᠢᠶᠠᠩᠭᠦᠢ ᠵᠠᠩ ᠰᠤᠷᠳᠠᠯ ᠪᠦᠬᠦᠨ ᠢ ᠨᠢ ᠳᠡᠭᠡᠳᠤᠯᠡᠵᠦ ᠪᠢᠰᠢᠷᠡᠬᠦ ᠶᠢᠨ ᠤᠳᠬ᠎ᠠ ᠤᠴᠢᠷ ᠤᠨ ᠳᠠᠨᠢᠭᠤᠯᠵᠦ ᠬᠡᠯᠡᠯᠭᠡᠨ ᠪᠠᠶᠢᠭ᠎ᠠ ᠶᠠᠪᠤᠳᠠᠯ ᠶᠤᠮ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号