︽2018 - 2022 ᠤᠨ ᠤ ᠪᠦᠬᠦ ᠤᠯᠤᠰ ᠤᠨ ᠺᠠᠳᠠᠷ ᠤᠨ ᠬᠦᠮᠦᠵᠢᠯ ᠪᠤᠯᠪᠠᠰᠤᠷᠠᠯ ᠤᠨ ᠳᠦᠯᠦᠪᠵᠢᠬᠦᠯᠭᠡ︾  ᠶᠢᠨ ᠳᠤᠬᠠᠢ ᠳᠠᠶᠢᠯᠤᠮᠵᠢ
ᠨᠡᠶᠢᠲᠡᠯᠡᠭᠰᠡᠨ ᠴᠠᠭ᠄
2018-10-12
ᠵᠤᠴᠢᠨ᠄ ᠦᠪᠤᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠮᠠᠷᠺᠰ ᠤᠨ ᠦᠵᠡᠯ ᠤᠨ ᠳᠡᠭᠡᠳᠤ ᠰᠤᠷᠭᠠᠭᠤᠯᠢ ᠶᠢᠨ ᠳᠡᠳ᠋ ᠫᠷᠤᠹᠧᠰᠰᠤᠷ ᠳᠠᠪᠰᠢᠯᠳᠤ﹇ᠬᠦᠳᠦᠯᠦᠭᠴᠢ﹈  ︽2018--2022 ᠤᠨ ᠤ ᠪᠦᠬᠦ ᠤᠯᠤᠰ ᠤᠨ ᠺᠠᠳᠠᠷ ᠤᠨ ᠬᠦᠮᠦᠵᠢᠯ ᠪᠤᠯᠪᠠᠰᠤᠷᠠᠯ ᠤᠨ ᠳᠦᠯᠦᠪᠵᠢᠬᠦᠯᠭᠡ︾  ᠶᠢ ᠳᠤᠭᠳᠠᠭᠠᠨ ᠬᠡᠷᠡᠭᠵᠢᠬᠦᠯᠬᠦ ᠠᠴᠢ ᠬᠤᠯᠪᠤᠭᠳᠠᠯ ᠤᠨ ᠳᠤᠬᠠᠢ ᠳᠠᠶᠢᠯᠪᠤᠷᠢᠯᠠᠵᠦ ᠦᠭᠬᠦᠨᠦ︖ ﹇ᠵᠤᠴᠢᠨ﹈ ᠨᠢᠭᠡ ᠳᠤ᠂ ᠺᠠᠳᠠᠷ ᠤᠨ ᠬᠦᠮᠦᠵᠢᠯ ᠪᠤᠯ ᠳᠤᠮᠳᠠᠳᠤ ᠤᠯᠤᠰ ᠤᠨ ᠡᠪ ᠬᠠᠮᠳᠤ ᠨᠠᠮ ᠤᠨ ᠤᠳᠤᠷᠢᠳᠤᠮᠵᠢ ᠶᠢᠨ ᠴᠢᠨᠠᠷᠳᠠᠢ᠂ ᠰᠠᠭᠤᠷᠢ ᠴᠢᠨᠠᠷᠳᠠᠢ᠂ ᠪᠦᠬᠦ ᠳᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠠᠰᠠᠭᠤᠳᠠᠯ ᠮᠦᠨ᠃ ᠬᠤᠶᠠᠷ ᠲᠤ᠂ ᠺᠠᠳᠠᠷ ᠤᠨ ᠬᠦᠮᠦᠵᠢᠯ ᠪᠤᠯ ᠨᠠᠮ ᠤᠨ ᠦᠨᠳᠤᠰᠤᠨ ᠱᠤᠭᠤᠮ ᠴᠢᠭᠯᠡᠯᠳᠡ ᠳᠦᠷᠦ ᠶᠢᠨ ᠪᠤᠳᠤᠯᠭ᠎ᠠ ᠶᠢ ᠳᠤᠤᠱᠯᠠᠭᠤᠯᠤᠨ ᠬᠡᠷᠡᠭᠵᠢᠬᠦᠯᠬᠦ ᠳᠤ ᠴᠢᠬᠤᠯᠠ ᠠᠴᠢ ᠬᠤᠯᠪᠤᠭᠳᠠᠯ ᠲᠠᠢ ᠪᠠᠶᠢᠳᠠᠭ᠃ ᠭᠤᠷᠪᠠ ᠳᠤ᠂ ᠦᠨᠡᠨᠴᠢ ᠢᠳᠡᠭᠡᠯ ᠲᠠᠢ᠂ ᠦᠨᠡᠨᠴᠢ ᠰᠢᠳᠤᠷᠭᠤ᠂ ᠠᠷᠢᠭᠤᠨ ᠴᠢᠭᠡᠴᠢ᠂ ᠢᠳᠡᠭᠡᠯ ᠬᠠᠷᠢᠭᠤᠴᠠᠯᠭ᠎ᠠ  ᠲᠠᠢ᠂ ᠦᠨᠳᠤᠷ ᠬᠡᠪ ᠪᠤᠯᠪᠠᠰᠤᠷᠠᠯ ᠲᠠᠢ ᠺᠠᠳᠡᠷ ᠤᠨ ᠡᠩᠨᠡᠭᠡ ᠶᠢ ᠪᠠᠶᠢᠭᠤᠯᠬᠤ ᠪᠤᠯ ᠳᠤᠮᠳᠠᠳᠤ ᠶᠢᠨ ᠬᠦᠰᠡᠯᠡᠩ ᠢ ᠪᠡᠶᠡᠯᠡᠬᠦᠯᠬᠦ ᠨᠠᠮ ᠤᠨ ᠠᠵᠢᠯ ᠢ ᠵᠢᠯᠤᠭᠤᠳᠬᠤ ᠦᠨᠳᠤᠰᠤᠨ ᠨᠦᠬᠦᠴᠡᠯ ᠪᠤᠯᠤᠨ᠎ᠠ᠃﹇ᠬᠦᠳᠦᠯᠦᠭᠴᠢ﹈ ᠰᠢᠨ᠎ᠡ ᠴᠠᠭ ᠦᠶ᠎ᠡ ᠶᠢᠨ ᠺᠠᠳᠡᠷ ᠤᠨ ᠬᠦᠮᠦᠵᠢᠯ ᠪᠤᠯᠪᠠᠰᠤᠷᠠᠯ ᠡᠷᠬᠡᠪᠰᠢ ᠰᠢᠨ᠎ᠡ ᠳᠦᠷᠰᠦ ᠪᠠᠶᠢᠳᠠᠯ ᠰᠢᠨ᠎ᠡ ᠠᠵᠢᠯᠯᠠᠭ᠎ᠠ ᠲᠠᠢ ᠪᠠᠶᠢᠬᠤ ᠬᠡᠷᠡᠭᠳᠡᠢ ᠭᠡᠳᠡᠭ ᠢ ᠬᠡᠷᠬᠢᠨ ᠤᠶᠢᠯᠠᠭᠠᠬᠤ ᠪᠤᠢ︖﹇ᠵᠤᠴᠢᠨ﹈ ᠨᠢᠭᠡ ᠳᠤ᠂ ᠬᠦᠰᠡᠯᠡᠩ ᠢᠳᠡᠭᠡᠯ ᠪᠢᠰᠢᠷᠡᠯ ᠤᠨ ᠬᠦᠮᠦᠵᠢᠯ ᠢ ᠴᠢᠩᠭᠠᠳᠬᠠᠬᠤ ᠬᠡᠷᠡᠭᠳᠡᠢ᠃ ᠬᠤᠶᠠᠷ ᠲᠤ᠂ ᠮᠠᠷᠺᠰ ᠤᠨ ᠦᠵᠡᠯ ᠤᠨ ᠤᠨᠤᠯ ᠤᠨ ᠬᠦᠮᠦᠵᠢᠯ ᠢ ᠴᠢᠩᠭᠠᠳᠬᠠᠬᠤ ᠬᠡᠷᠡᠭᠳᠡᠢ᠃ ᠭᠤᠷᠪᠠ ᠳᠤ᠂ ᠨᠠᠮᠴᠢ ᠴᠢᠨᠠᠷ ᠤᠨ ᠬᠦᠮᠦᠵᠢᠯ ᠢ ᠴᠢᠩᠭᠠᠳᠬᠠᠬᠤ ᠬᠡᠷᠡᠭᠳᠡᠢ᠃ ᠳᠦᠷᠪᠡ ᠳᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠬᠦᠨᠵᠡᠭᠡᠶᠢᠷᠡᠬᠦᠯᠦᠨ ᠰᠤᠷᠤᠯᠴᠠᠵᠦ᠂ ᠤᠨᠤᠯ ᠤᠶᠢᠯᠡᠳᠤᠯᠭᠡ ᠶᠢ ᠤᠶᠠᠯᠳᠤᠭᠤᠯᠬᠤ ᠶᠢ ᠪᠠᠷᠢᠮᠳᠠᠯᠠᠬᠤ ᠬᠡᠷᠡᠭᠳᠡᠢ᠃ ᠡᠨᠡᠬᠦ ᠠᠪᠤᠷᠭᠤ ᠡᠷᠳᠡᠮᠳᠡᠨ ᠳᠤ ᠶᠤᠰᠤᠯᠠᠬᠤ ᠶᠢᠨ ᠳᠠᠭᠤ ᠳᠡᠬᠦᠨ ᠢ ᠬᠦᠨᠳᠤᠳᠭᠡᠵᠦ ᠪᠢᠰᠢᠷᠡᠬᠦ᠂ ᠳᠡᠬᠦᠨ ᠤ ᠪᠢᠴᠢᠭ ᠡᠷᠳᠡᠮ ᠳᠤ ᠰᠢᠮᠳᠡᠨ ᠵᠢᠳᠬᠦᠬᠦ ᠴᠦᠬᠦᠷᠡᠰᠢ ᠦᠬᠡᠢ ᠵᠤᠷᠢᠭ ᠰᠠᠨᠠᠭ᠎ᠠ᠂ ᠡᠷᠳᠡᠮ ᠢ ᠰᠤᠷᠬᠤ ᠳᠠᠷᠤᠤ ᠬᠢᠴᠢᠶᠠᠩᠭᠦᠢ ᠵᠠᠩ ᠰᠤᠷᠳᠠᠯ ᠪᠦᠬᠦᠨ ᠢ ᠨᠢ ᠳᠡᠭᠡᠳᠤᠯᠡᠵᠦ ᠪᠢᠰᠢᠷᠡᠬᠦ ᠶᠢᠨ ᠤᠳᠬ᠎ᠠ ᠤᠴᠢᠷ ᠤᠨ ᠳᠠᠨᠢᠭᠤᠯᠵᠦ ᠬᠡᠯᠡᠯᠭᠡᠨ ᠪᠠᠶᠢᠭ᠎ᠠ ᠶᠠᠪᠤᠳᠠᠯ ᠶᠤᠮ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号