ᠭᠠᠶᠢᠯᠢ ᠶᠢ ᠪᠠᠭᠠᠰᠬᠠᠵᠦ ᠰᠤᠶᠢᠳᠭᠡᠯ ᠢ ᠪᠠᠭᠤᠷᠠᠭᠤᠯᠬᠤ ᠳᠦᠷᠦ ᠶᠢᠨ ᠪᠤᠳᠤᠯᠭ᠎ᠠ ᠶᠢᠨ ᠳᠤᠬᠠᠢ ᠳᠤᠰᠬᠠᠢ ᠳᠠᠶᠢᠯᠤᠮᠵᠢ
ᠨᠡᠶᠢᠲᠡᠯᠡᠭᠰᠡᠨ ᠴᠠᠭ᠄
2018-10-12
ᠵᠤᠴᠢᠨ᠄ ᠦᠪᠤᠷ ᠮᠤᠩᠭᠤᠯ ᠤᠨ ᠶᠡᠭᠡ ᠰᠤᠷᠭᠠᠭᠤᠯᠢ ᠶᠢᠨ ᠠᠵᠦ ᠠᠬᠤᠢ ᠶᠢᠨ ᠬᠠᠮᠢᠶᠠᠷᠤᠯᠳᠠ ᠶᠢᠨ ᠳᠡᠭᠡᠳᠤ ᠰᠤᠷᠭᠠᠭᠤᠯᠢ ᠶᠢᠨ ᠳᠡᠳ᠋ ᠫᠷᠤᠹᠧᠰᠰᠤᠷ ᠡᠩᠬᠡᠮᠡᠨᠳᠤ﹇ᠬᠦᠳᠦᠯᠦᠭᠴᠢ﹈ ᠭᠠᠶᠢᠯᠢ ᠶᠢ ᠪᠠᠭᠠᠰᠬᠠᠵᠦ ᠰᠤᠶᠢᠳᠭᠡᠯ ᠢ ᠪᠠᠭᠤᠷᠠᠭᠤᠯᠬᠤ ᠳᠦᠷᠦ ᠶᠢᠨ ᠪᠤᠳᠤᠯᠭ᠎ᠠ ᠶᠢ ᠬᠡᠷᠡᠭᠵᠢᠬᠦᠯᠦᠭᠰᠡᠨ ᠠᠬᠤᠢ ᠪᠠᠶᠢᠳᠠᠯ ᠤᠨ ᠳᠤᠬᠠᠢ ᠳᠠᠨᠢᠯᠴᠠᠭᠤᠯᠵᠦ ᠦᠭᠬᠦᠨᠦ︖﹇ᠵᠤᠴᠢᠨ﹈ ᠳᠤᠰ ᠳᠦᠷᠦ ᠶᠢᠨ ᠪᠤᠳᠤᠯᠭ᠎ᠠ ᠶᠢ ᠬᠡᠷᠡᠭᠵᠢᠬᠦᠯᠦᠭᠰᠡᠨ ᠠᠬᠤᠢ ᠪᠠᠶᠢᠳᠠᠯ ᠤᠨ ᠨᠢᠭᠡ ᠨᠢ ᠪᠤᠯ ᠳᠠᠯᠡᠬᠡᠢ ᠶᠢᠨ ᠠᠷᠠᠯᠵᠢᠶᠠᠨ ᠤ ᠪᠠᠶᠢᠳᠠᠯ ᠪᠤᠳᠤᠯᠢᠶᠠᠨᠳᠠᠢ ᠪᠤᠯᠤᠭᠰᠠᠨ ᠶᠠᠪᠤᠳᠠᠯ ᠪᠤᠯᠤᠨ᠎ᠠ᠃ ᠳᠤᠰ ᠳᠦᠷᠦ ᠶᠢᠨ ᠪᠤᠳᠤᠯᠭ᠎ᠠ ᠶᠢ ᠬᠡᠷᠡᠭᠵᠢᠬᠦᠯᠦᠭᠰᠡᠨ ᠪᠠᠰᠠ ᠨᠢᠭᠡ ᠠᠬᠤᠢ ᠪᠠᠶᠢᠳᠠᠯ ᠪᠤᠯ ᠤᠯᠤᠰ ᠤᠨ ᠳᠤᠳᠤᠭᠠᠳᠤ ᠶᠢᠨ ᠵᠠᠬ᠎ᠠ ᠳᠡᠯᠭᠡᠬᠦᠷ ᠢ ᠬᠦᠭᠵᠢᠶᠡᠨ ᠲᠠᠢ ᠪᠤᠯᠭᠠᠬᠤ ᠶᠢᠨ ᠳᠦᠯᠦᠭᠡ ᠶᠤᠮ᠃ ᠭᠤᠷᠪᠠ ᠳᠤ᠂ ᠳᠤᠰ ᠳᠦᠷᠦ ᠶᠢᠨ ᠪᠤᠳᠤᠯᠭ᠎ᠠ ᠶᠢ ᠬᠡᠷᠡᠭᠵᠢᠬᠦᠯᠬᠦ ᠨᠢ ᠳᠤᠮᠳᠠ ᠵᠢᠵᠢᠭ ᠠᠵᠦ ᠠᠬᠤᠶᠢᠯᠡᠯ ᠤᠨ ᠠᠮᠢᠵᠢᠷᠠᠯ ᠤᠨ ᠬᠦᠴᠦᠨ ᠢ ᠳᠡᠭᠡᠭᠰᠢᠯᠡᠬᠦᠯᠵᠦ ᠠᠵᠢᠯ ᠤᠨ ᠪᠠᠶᠢᠷᠢ ᠶᠢ ᠨᠡᠮᠡᠭᠳᠡᠬᠦᠯᠬᠦ ᠳᠤ ᠠᠰᠢᠭᠳᠠᠢ᠃﹇ᠬᠦᠳᠦᠯᠦᠭᠴᠢ﹈  ᠳᠤᠰ ᠳᠦᠷᠦ ᠶᠢᠨ ᠪᠤᠳᠤᠯᠭ᠎ᠠ ᠨᠢ ᠤᠯᠤᠰ ᠤᠨ ᠠᠵᠦ ᠠᠬᠤᠢ ᠠᠷᠠᠳ ᠤᠨ ᠠᠮᠢᠳᠤᠷᠠᠯ ᠳᠤ ᠶᠠᠮᠠᠷᠰᠢᠦ ᠠᠰᠢᠭ ᠳᠤᠰᠠ ᠠᠪᠴᠢᠷᠠᠬᠤ ᠪᠤᠢ︖﹇ᠵᠤᠴᠢᠨ﹈ ᠨᠢᠭᠡ ᠳᠤ᠂ ᠳᠤᠰ ᠳᠦᠷᠦ ᠶᠢᠨ ᠪᠤᠳᠤᠯᠭ᠎ᠠ ᠶᠢ ᠬᠡᠷᠡᠭᠵᠢᠬᠦᠯᠪᠡᠯ ᠠᠵᠦ ᠠᠬᠤᠶᠢᠯᠡᠯ ᠤᠨ ᠳᠠᠷᠠᠭᠠᠰᠦ ᠬᠦᠩᠭᠡᠷᠡᠵᠦ ᠤᠶᠢᠯᠡᠳᠪᠤᠷᠢᠯᠡᠯ ᠦᠷᠭᠡᠳᠭᠡᠨ ᠮᠡᠷᠭᠡᠵᠢᠯ ᠢᠶᠠᠨ ᠰᠠᠶᠢᠵᠢᠷᠠᠭᠤᠯᠵᠦ ᠴᠢᠳᠠᠨ᠎ᠠ᠃ ᠬᠤᠶᠠᠷ ᠲᠤ᠂ ᠳᠤᠰ ᠳᠦᠷᠦ ᠶᠢᠨ ᠪᠤᠳᠤᠯᠭ᠎ᠠ ᠶᠢ ᠬᠡᠷᠡᠭᠵᠢᠬᠦᠯᠪᠡᠯ ᠠᠵᠢᠯ ᠤᠯᠭᠤᠯᠳᠠ ᠰᠠᠶᠢᠵᠢᠷᠠᠵᠦ ᠠᠷᠠᠳ ᠤᠨ ᠤᠷᠤᠯᠭ᠎ᠠ ᠨᠡᠮᠡᠭᠳᠡᠵᠦ ᠬᠡᠷᠡᠭᠯᠡᠭᠡᠨ ᠤ ᠵᠠᠬ᠎ᠠ ᠳᠡᠯᠭᠡᠬᠦᠷ ᠤᠯᠠᠮ ᠬᠦᠭᠵᠢᠶᠡᠨ ᠲᠠᠢ ᠪᠤᠯᠵᠦ ᠴᠢᠳᠠᠨ᠎ᠠ᠃﹇ᠬᠦᠳᠦᠯᠦᠭᠴᠢ﹈ ᠳᠤᠰ ᠳᠦᠷᠦ ᠶᠢᠨ ᠪᠤᠳᠤᠯᠭ᠎ᠠ ᠶᠢ ᠶᠠᠭᠠᠬᠢᠵᠦ ᠳᠤᠶᠢᠯᠪᠤᠷᠢᠳᠠᠢ ᠬᠡᠷᠡᠭᠵᠢᠬᠦᠯᠬᠦ ᠪᠤᠢ︖﹇ᠵᠤᠴᠢᠨ﹈ ᠨᠢᠭᠡ ᠳᠤ᠂ ᠳᠤᠰ ᠳᠦᠷᠦ ᠶᠢᠨ ᠪᠤᠳᠤᠯᠭ᠎ᠠ ᠶᠢ ᠰᠠᠶᠢᠳᠤᠷ ᠬᠡᠷᠡᠭᠵᠢᠬᠦᠯᠬᠦ ᠳᠤ ᠶᠠᠭᠤᠨ ᠤ ᠤᠷᠢᠳ ᠵᠠᠰᠠᠭ ᠤᠨ ᠤᠷᠳᠤᠨ ᠤ ᠬᠢᠨᠠᠯᠳᠠ ᠶᠢ ᠴᠢᠩᠭᠠᠳᠬᠠᠬᠤ ᠬᠡᠷᠡᠭᠳᠡᠢ᠃ ᠬᠤᠶᠠᠷ ᠲᠤ᠂ ᠳᠤᠰ ᠳᠦᠷᠦ ᠶᠢᠨ ᠪᠤᠳᠤᠯᠭ᠎ᠠ ᠶᠢ ᠰᠠᠶᠢᠳᠤᠷ ᠬᠡᠷᠡᠭᠵᠢᠬᠦᠯᠬᠦ ᠳᠤ ᠭᠠᠳᠠᠭᠠᠳᠤ ᠠᠵᠦ ᠠᠬᠤᠶᠢᠯᠠᠯ ᠤᠨ ᠳᠠᠷᠤᠭᠠᠰᠤ ᠶᠢ ᠬᠦᠩᠭᠡᠷᠡᠬᠦᠯᠦᠨ ᠳᠦᠬᠦᠮ ᠦᠵᠡᠬᠦᠯᠬᠦ ᠬᠡᠷᠡᠭᠳᠡᠢ᠃ ᠭᠤᠷᠪᠠ ᠳᠤ᠂ ᠳᠤᠰ ᠳᠦᠷᠦ ᠶᠢᠨ ᠪᠤᠳᠤᠯᠭ᠎ᠠ ᠶᠢ ᠰᠠᠶᠢᠳᠤᠷ ᠬᠡᠷᠡᠭᠵᠢᠬᠦᠯᠬᠦ ᠳᠤ ᠭᠠᠳᠠᠭᠠᠳᠤ ᠠᠴᠠ ᠤᠷᠤᠭᠤᠯᠬᠤ ᠠᠵᠦ ᠠᠬᠤᠶᠢᠯᠠᠯ ᠢ ᠬᠠᠷᠠᠭᠠᠯᠵᠠᠨ ᠡᠵᠡᠩᠨᠡᠯᠳᠡ ᠶᠢ ᠨᠢ ᠳᠡᠮᠵᠢᠬᠦ ᠬᠡᠷᠡᠭᠳᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号