ᠨᠠᠮ ᠤᠨ ᠰᠠᠬᠢᠯᠭ᠎ᠠ ᠪᠠᠳᠤ ᠤᠯᠠᠮ ᠴᠢᠩᠭ᠎ᠠ ᠪᠤᠯᠤᠨ᠎ᠠ | 8 ᠰᠠᠷ᠎ᠠ ᠶᠢᠨ 26 ᠤ ᠡᠳᠤᠷ᠂ ᠰᠢᠨ᠎ᠡ ᠪᠠᠷ ᠵᠠᠰᠠᠪᠤᠷᠢ ᠤᠷᠤᠭᠤᠯᠤᠭᠰᠠᠨ ︽ᠳᠤᠮᠳᠠᠳᠤ ᠤᠯᠤᠰ ᠤᠨ ᠡᠪ | ᠬᠠᠮᠳᠤ ᠨᠠᠮ ᠤᠨ ᠰᠠᠬᠢᠯᠭ᠎ᠠ ᠪᠠᠳᠤ ᠶᠢᠨ ᠰᠢᠢᠳᠭᠡᠯ ᠦᠭᠬᠦ ᠳᠦᠷᠢᠮ︾ ᠢ ᠪᠦᠬᠦ ᠠᠭᠤᠯᠭ᠎ᠠ ᠪᠠᠷ ᠨᠢ ᠨᠡᠶᠢᠳᠡᠯᠡᠵᠦ᠂ | 10 ᠰᠠᠷ᠎ᠠ ᠶᠢᠨ 1 ᠤ ᠡᠳᠤᠷ ᠠᠴᠠ ᠡᠬᠢᠯᠡᠨ ᠬᠡᠷᠡᠭᠵᠢᠬᠦᠯᠬᠦ ᠪᠤᠯᠤᠨ᠎ᠠ᠃ | ᠰᠢᠨ᠎ᠡ ᠳᠦᠷᠢᠮ ᠨᠢ 8900 ᠳᠦᠮᠡ ᠭᠠᠷᠤᠢ ᠨᠠᠮ ᠤᠨ ᠬᠡᠰᠢᠬᠦᠨ ᠳᠤ ᠬᠠᠨᠳᠤᠭᠤᠯᠵᠦ᠂ ᠳᠦᠷᠢᠮ ᠳᠤ | ᠰᠠᠬᠢᠯᠭ᠎ᠠ ᠪᠠᠳᠤ ᠶᠢᠨ ᠮᠠᠰᠢ ᠤᠯᠠᠨ ︽ᠦᠨᠳᠤᠷ ᠳᠠᠷᠤᠯᠳᠠᠳᠤ ᠱᠤᠭᠤᠮ︾ ᠢ ᠰᠢᠨ᠎ᠡ ᠪᠠᠷ ᠨᠡᠮᠡᠭᠰᠡᠨ ᠪᠤᠶᠤ ᠵᠠᠰᠠᠪᠤᠷᠢ | ᠤᠷᠤᠭᠤᠯᠵᠦ᠂ ᠨᠡᠩ ᠳᠤᠳᠤᠷᠬᠠᠢ᠂ ᠨᠡᠩ ᠨᠠᠷᠢᠯᠢᠬᠵᠢᠭᠤᠯᠤᠭᠰᠠᠨ ᠪᠠᠶᠢᠨ᠎ᠠ᠃ ᠰᠢᠨ᠎ᠡ ᠳᠦᠷᠢᠮ ᠳᠤ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠵᠢᠯᠤᠭᠤᠳᠬᠤ ᠦᠵᠡᠯ ᠰᠠᠨᠠᠭ᠎ᠠ ᠪᠤᠯᠭᠠᠵᠦ᠂ ︽ᠬᠤᠶᠠᠷ ᠡᠷᠡᠰ ᠪᠠᠷᠢᠮᠳᠠᠯᠠᠬᠤ︾ ᠪᠠᠷ ᠨᠠᠮ ᠤᠨ ᠳᠦᠪ | ᠬᠤᠷᠢᠶᠠᠨ ᠤ ᠡᠷᠬᠡ ᠰᠦᠷ ᠪᠠ ᠳᠦᠪᠯᠡᠷᠡᠬᠦᠯᠦᠨ ᠨᠢᠭᠡᠳᠤᠯᠳᠠᠢ ᠤᠳᠤᠷᠢᠳᠤᠯᠭ᠎ᠠ ᠶᠢ ᠪᠠᠳᠤᠯᠠᠵᠦ᠂ ︽ᠳᠦᠷᠪᠡᠨ | ᠤᠬᠠᠮᠰᠡᠷ︾ ᠢᠶᠠᠷ ᠦᠵᠡᠯ ᠰᠠᠨᠠᠭᠠᠨ ᠤ ᠰᠡᠷᠭᠡᠶᠢᠯᠡᠯᠳᠡ ᠶᠢᠨ ᠱᠤᠭᠤᠮ ᠢ ᠪᠠᠬᠢᠵᠢᠬᠦᠯᠵᠦ᠂ ᠬᠢᠨᠠᠯᠳᠠ ᠳᠠᠯᠪᠢᠵᠦ | ᠰᠠᠬᠢᠯᠭ᠎ᠠ ᠪᠠᠳᠤ ᠶᠢ ᠬᠡᠷᠡᠭᠵᠢᠬᠦᠯᠬᠦ ︽ᠭᠤᠤᠯᠳᠠᠯᠭ᠎ᠠ︾ ᠶᠢ ᠳᠤᠪᠤᠶᠢᠯᠭᠠᠵᠦ᠂ ︽ᠳᠦᠷᠪᠡᠨ ᠬᠡᠯᠪᠡᠷᠢ︾ ᠪᠠᠷ | ᠦᠩᠭᠡᠷᠡᠭᠰᠡᠨ ᠢ ᠨᠢ ᠵᠠᠯᠬᠠᠭᠠᠵᠦ ᠬᠤᠶᠢᠰᠢᠳᠠ ᠳᠤ ᠨᠢ ᠴᠡᠭᠡᠷᠯᠡᠯ ᠪᠤᠯᠭᠠᠵᠦ᠂ ᠡᠪᠡᠳᠴᠢᠨ ᠢ ᠨᠢ ᠵᠠᠰᠠᠵᠦ | ᠡᠳᠡᠭᠡᠷᠡᠬᠦᠯᠦᠨ ᠠᠪᠬᠤ ᠳᠦᠷᠢᠮ ᠢ ᠢᠯᠡᠷᠡᠬᠦᠯᠵᠦ᠂ ᠨᠠᠮ ᠤᠨ ᠰᠠᠬᠢᠯᠭ᠎ᠠ ᠤᠯᠤᠰ ᠤᠨ ᠬᠠᠤᠯᠢ ᠶᠢᠨ ᠵᠤᠯᠭᠠᠯᠴᠠᠯ | ᠠᠪᠤᠴᠠᠯᠳᠤᠭ᠎ᠠ ᠶᠢ ᠠᠬᠢᠭᠤᠯᠵᠦ᠂ ᠴᠢᠩᠭ᠎ᠠ ᠪᠠᠷ ᠰᠢᠢᠳᠭᠡᠬᠦ ᠪᠠᠷ ᠳᠠᠮᠵᠢᠨ ︽ᠡᠬᠦᠨ ᠠᠴᠠ ᠬᠤᠶᠢᠰᠢ ᠤᠯᠠᠮ ᠠᠴᠠ | ᠤᠯᠠᠮ ᠴᠢᠩᠭᠠᠷᠠᠬᠤ︾ ᠰᠦᠷᠳᠡᠬᠦᠯᠬᠦ ᠤᠶᠢᠯᠡᠳᠤᠯ ᠢ ᠬᠦᠢᠴᠡᠳ ᠪᠠᠳᠠᠷᠠᠭᠤᠯᠵᠦ᠂ ︽ᠳᠤᠯᠤᠭᠠᠨ ᠪᠠᠶᠢᠬᠤ︾ ᠶᠢ | ᠴᠢᠩᠭ᠎ᠠ ᠵᠠᠯᠬᠠᠭᠠᠵᠦ ᠤᠯᠤᠰ ᠳᠦᠷᠦ ᠶᠢᠨ ᠠᠮᠢ ᠠᠬᠤᠢ ᠶᠢ ᠴᠡᠪᠡᠷᠰᠢᠬᠦᠯᠦᠨ᠂ ᠰᠢᠨ᠎ᠡ ᠬᠡᠯᠪᠡᠷᠢ ᠶᠢᠨ ᠰᠠᠬᠢᠯᠭ᠎ᠠ | ᠪᠠᠳᠤ ᠶᠢ ᠵᠦᠷᠢᠴᠡᠭᠰᠡᠨ ᠠᠵᠢᠯᠯᠠᠭ᠎ᠠ ᠶᠢ ᠴᠢᠩᠭ᠎ᠠ ᠪᠠᠶᠢᠴᠠᠭᠠᠬᠤ ᠪᠤᠯᠤᠨ᠎ᠠ᠃ | ᠰᠢᠨ᠎ᠡ ᠬᠤᠪᠢ ᠬᠦᠮᠦᠨ ᠤ ᠤᠯᠵᠠᠪᠤᠷᠢ ᠶᠢᠨ ᠭᠠᠶᠢᠯᠢ ᠶᠢᠨ ᠬᠠᠤᠯᠢ ᠪᠠᠳᠤᠯᠠᠭᠳᠠᠵᠦ᠂ ᠭᠠᠶᠢᠯᠢ | ᠳᠠᠳᠠᠪᠤᠷᠢᠯᠠᠬᠤ ᠴᠢᠭ ᠨᠢ ᠰᠠᠷ᠎ᠠ ᠪᠦᠷᠢ 5000 ᠳᠦᠬᠦᠷᠢᠭ ᠪᠤᠯᠪᠠ | 8 ᠰᠠᠷ᠎ᠠ ᠶᠢᠨ 31 ᠤ ᠡᠳᠤᠷ᠂ ᠨᠡᠶᠢᠭᠡᠮ ᠨᠡᠶᠢᠳᠡ ᠶᠢᠨ ᠠᠩᠬᠠᠷᠤᠭᠰᠠᠭᠠᠷ ᠢᠷᠡᠭᠰᠡᠨ ᠬᠤᠪᠢ ᠬᠦᠮᠦᠨ ᠤ | ᠤᠯᠵᠠᠪᠤᠷᠢ ᠶᠢᠨ ᠭᠠᠶᠢᠯᠢ ᠶᠢᠨ ᠬᠠᠤᠯᠢ ᠳᠤ ᠵᠠᠰᠠᠪᠤᠷᠢ ᠤᠷᠤᠭᠤᠯᠬᠤ ᠳᠤᠬᠠᠢ ᠳᠤᠭᠳᠠᠭᠠᠯ ᠠᠷᠪᠡᠨ ᠭᠤᠷᠪᠠᠳᠤᠭᠠᠷ | ᠬᠤᠭᠤᠴᠠᠭᠠᠨ ᠤ ᠪᠦᠬᠦ ᠤᠯᠤᠰ ᠶᠢᠨ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶ᠎ᠠ ᠶᠢᠨ ᠳᠠᠪᠤᠳᠤᠭᠠᠷ ᠤᠳᠠᠭᠠᠨ ᠤ ᠬᠤᠷᠠᠯ ᠢᠶᠠᠷ ᠳᠠᠮᠵᠢᠨ ᠪᠠᠳᠤᠯᠠᠭᠳᠠᠵᠦ᠂ ᠴᠡᠯᠢᠩ ᠬᠦᠯᠦᠰᠦ ᠶᠢᠨ | ᠤᠷᠤᠯᠭ᠎ᠠ ᠳᠤ ᠰᠠᠷ᠎ᠠ ᠪᠦᠷᠢ 5000 ᠳᠦᠬᠦᠷᠢᠭ ᠤᠨ ᠵᠠᠷᠤᠳᠠᠯ ᠬᠠᠰᠤᠬᠤ ᠪᠠᠷᠢᠮᠵᠢᠶ᠎ᠡ ᠶᠢ ᠬᠡᠷᠡᠭᠵᠢᠬᠦᠯᠬᠦ ᠪᠦᠭᠡᠳ | ᠰᠢᠨ᠎ᠡ ᠭᠠᠶᠢᠯᠢ ᠶᠢᠨ ᠨᠤᠷᠮ᠎ᠠ ᠶᠢᠨ ᠬᠦᠰᠦᠨᠦᠭ ᠢ ᠬᠡᠷᠡᠭᠯᠡᠵᠦ᠂ ᠬᠤᠪᠢ ᠶᠢᠨ ᠤᠶᠢᠯᠡᠳᠪᠤᠷᠢ ᠬᠤᠳᠠᠯᠳᠤᠭᠠᠨ ᠤ | ᠡᠷᠤᠭᠡ ᠶᠢᠨ ᠤᠶᠢᠯᠡᠳᠪᠤᠷᠢᠯᠡᠯ ᠡᠵᠡᠩᠨᠡᠯᠳᠡ ᠶᠢᠨ ᠤᠷᠤᠯᠭ᠎ᠠ᠂ ᠠᠵᠦ ᠠᠬᠤᠶᠢᠯᠠᠯ ᠠᠵᠢᠯ ᠤᠶᠢᠯᠡᠰ ᠤᠨ ᠨᠢᠭᠡᠴᠡ ᠶᠢᠨ | ᠳᠠᠭᠠᠭᠠᠴᠢᠯᠠᠵᠦ ᠳᠦᠷᠢᠶᠡᠰᠦᠯᠡᠭᠰᠡᠨ ᠡᠵᠡᠩᠨᠡᠯᠳᠡ ᠶᠢᠨ ᠤᠷᠤᠯᠭ᠎ᠠ ᠳᠤ ᠮᠦᠨ ᠰᠢᠨ᠎ᠡ ᠳᠦᠷᠦ ᠶᠢᠨ ᠪᠤᠳᠤᠯᠭ᠎ᠠ ᠶᠢ | ᠬᠡᠷᠡᠭᠵᠢᠬᠦᠯᠦᠨ᠎ᠡ᠃ | ᠰᠢᠨ᠎ᠡ ᠬᠠᠤᠯᠢ ᠶᠢ 2019 ᠤᠨ ᠤ 1 ᠰᠠᠷ᠎ᠠ ᠶᠢᠨ 1 ᠤ ᠡᠳᠤᠷ ᠠᠴᠠ ᠡᠬᠢᠯᠡᠨ ᠬᠡᠷᠡᠭᠵᠢᠬᠦᠯᠦᠨ᠎ᠡ᠃ | 2018 ᠤᠨ ᠤ 1 ᠤ ᠡᠳᠤᠷ ᠠᠴᠠ ᠡᠬᠢᠯᠡᠨ ᠰᠢᠨ᠎ᠡ ᠳᠠᠳᠠᠪᠤᠷᠢᠯᠠᠬᠤ ᠴᠢᠭ ᠪᠠ ᠭᠠᠶᠢᠯᠢ ᠶᠢᠨ ᠨᠤᠷᠮ᠎ᠠ ᠶᠢ | ᠬᠡᠷᠡᠭᠵᠢᠬᠦᠯᠦᠨ᠎ᠡ᠃ ᠵᠦᠪᠬᠡᠨ ᠵᠠᠷᠤᠳᠠᠯ ᠢ ᠬᠠᠰᠤᠬᠤ ᠦᠨᠳᠤᠰᠤᠨ ᠪᠠᠷᠢᠮᠵᠢᠶ᠎ᠡ ᠶᠢ ᠰᠠᠷ᠎ᠠ ᠪᠦᠷᠢ 5000 ᠳᠦᠬᠦᠷᠢᠭ | ᠪᠤᠯᠳᠠᠯ᠎ᠠ ᠳᠡᠭᠡᠭᠰᠢᠯᠡᠬᠦᠯᠬᠦ ᠡᠨᠡ ᠬᠦ ᠬᠦᠴᠦᠨ ᠵᠤᠶᠢᠯ ᠢᠶᠠᠷ ᠳᠦᠰᠦᠪᠯᠡᠨ ᠪᠤᠳᠤᠪᠠᠯ ᠬᠤᠪᠢ ᠬᠦᠮᠦᠨ ᠤ | ᠤᠯᠵᠠᠪᠤᠷᠢ ᠶᠢᠨ ᠭᠠᠶᠢᠯᠢ ᠶᠢᠨ ᠬᠠᠤᠯᠢ ᠳᠤ ᠵᠠᠰᠠᠪᠤᠷᠢ ᠤᠷᠤᠭᠤᠯᠤᠭᠰᠠᠨ ᠤ ᠳᠠᠷᠠᠭ᠎ᠠ ᠬᠤᠪᠢ ᠬᠦᠮᠦᠨ ᠤ ᠠᠰᠢᠭ | ᠤᠷᠤᠯᠭ᠎ᠠ ᠶᠢᠨ ᠭᠠᠶᠢᠯᠢ ᠳᠤᠰᠢᠶᠠᠭᠴᠢ ᠶᠢᠨ ᠬᠤᠳᠠ ᠪᠠᠯᠭᠠᠰᠤᠨ ᠤ ᠠᠵᠢᠯ ᠬᠢᠵᠦ ᠪᠠᠶᠢᠭ᠎ᠠ ᠬᠦᠮᠦᠰ ᠲᠤ ᠡᠵᠡᠯᠡᠬᠦ | ᠬᠠᠷᠢᠴᠡᠯ ᠨᠢ ᠤᠳᠤ ᠶᠢᠨ 44% ᠪᠠᠶᠢᠭᠰᠠᠨ ᠠᠴᠠ 15% ᠪᠤᠯᠳᠠᠯ᠎ᠠ ᠳᠤᠷᠤᠭᠰᠢᠯᠠᠬᠤ ᠪᠤᠯᠤᠨ᠎ᠠ᠃ | ᠢᠳᠡᠭᠡᠨ ᠤᠮᠳᠠᠭᠠᠨ ᠤ ᠤᠶᠢᠯᠡᠳᠪᠤᠷᠢᠯᠡᠯ ᠳᠤ ︽QS︾ ᠳᠡᠮᠳᠡᠭ ᠢ ᠬᠡᠷᠡᠭᠯᠡᠵᠦ ᠪᠤᠯᠬᠤ ᠦᠬᠡᠢ | ᠰᠢᠨ᠎ᠡ ︽ᠢᠳᠡᠭᠡᠨ ᠤᠮᠳᠠᠭᠠᠨ ᠤ ᠠᠮᠤᠷ ᠳᠦᠪᠰᠢᠨ ᠤ ᠬᠠᠤᠯᠢ︾ ᠶᠢ 2015 ᠤᠨ ᠤ 10 ᠰᠠᠷ᠎ᠠ ᠶᠢᠨ | 1 ᠤ ᠡᠳᠤᠷ ᠠᠴᠠ ᠡᠬᠢᠯᠡᠨ ᠬᠡᠷᠡᠭᠵᠢᠬᠦᠯᠦᠭᠰᠡᠨ ᠶᠤᠮ᠃ ᠡᠨᠡᠬᠦ ᠬᠠᠤᠯᠢ ᠯᠤᠭ᠎ᠠ ᠳᠤᠬᠢᠷᠠᠯᠴᠠᠭᠰᠠᠨ ᠳᠦᠷᠢᠮ | ᠳᠤᠭᠳᠠᠭᠠᠯ ᠪᠤᠯᠬᠤ ᠤᠯᠤᠰ ᠤᠨ ᠢᠳᠡᠭᠡᠨ ᠤ ᠵᠤᠶᠢᠯ ᠡᠮ ᠤᠨ ᠵᠤᠶᠢᠯ ᠳᠤ ᠬᠢᠨᠠᠯᠳᠠ ᠳᠠᠯᠪᠢᠬᠤ ᠬᠠᠮᠢᠶᠠᠷᠤᠯᠳᠠ ᠶᠢᠨ | ᠶᠡᠷᠤᠩᠭᠡᠢ ᠳᠤᠪᠴᠢᠶ᠎ᠡ ᠶᠢᠨ ᠳᠤᠭᠳᠠᠭᠠᠭᠰᠠᠨ ︽ᠢᠳᠡᠭᠡᠨ ᠤᠮᠳᠠᠭᠠᠨ ᠤ ᠤᠶᠢᠯᠡᠳᠪᠤᠷᠢᠯᠡᠯ ᠤᠨ ᠵᠦᠪᠰᠢᠶᠡᠷᠡᠯ | ᠤᠯᠭᠤᠬᠤ ᠬᠠᠮᠢᠶᠠᠷᠤᠯᠳᠠ ᠶᠢᠨ ᠠᠷᠭ᠎ᠠ︾ ᠶᠢ ᠴᠦ ᠠᠳᠠᠯᠢ ᠬᠤᠭᠤᠴᠠᠭᠠᠨ ᠠᠴᠠ ᠡᠬᠢᠯᠡᠨ ᠬᠡᠷᠡᠭᠵᠢᠬᠦᠯᠵᠡᠢ᠃ | ︽ᠠᠷᠭ᠎ᠠ︾ ᠶᠢ ᠬᠡᠷᠡᠭᠵᠢᠬᠦᠯᠦᠭᠰᠡᠨ ᠤ ᠳᠠᠷᠠᠭ᠎ᠠ᠂ ᠦᠨᠡᠮᠯᠡᠯ ᠭᠠᠷᠳᠠᠭᠰᠠᠨ ᠢᠳᠡᠭᠡᠨ ᠤᠮᠳᠠᠭᠠᠨ | ᠤᠶᠢᠯᠡᠳᠪᠤᠷᠢᠯᠡᠭᠴᠢ ᠪᠤᠭᠤᠳᠠᠯ ᠪᠤᠶᠤ ᠳᠠᠮᠳᠡᠭ ᠳᠡᠭᠡᠷ᠎ᠡ ᠪᠠᠨ ᠢᠳᠡᠭᠡᠨ ᠤᠮᠳᠠᠭᠠᠨ ᠤ ᠤᠶᠢᠯᠡᠳᠪᠤᠷᠢᠯᠡᠯ ᠤᠨ | ᠵᠦᠪᠰᠢᠶᠡᠷᠡᠯ ᠤᠨ ᠦᠨᠡᠮᠯᠡᠯ ᠤᠨ ᠳ᠋ᠤᠭᠠᠷ ᠢᠶᠠᠨ ᠬᠠᠳᠠᠬᠤ ᠬᠡᠷᠡᠭᠳᠡᠢ ᠬᠡᠵᠦ ᠳᠤᠳᠤᠷᠬᠠᠢ ᠳᠤᠭᠳᠠᠭᠠᠵᠦ᠂ ︽QS︾ | ᠳᠡᠮᠳᠡᠭ ᠬᠠᠳᠠᠬᠤ ᠪᠠᠨ ᠪᠤᠯᠢᠵᠠᠢ᠃ ᠡᠨᠡᠬᠦ ᠳᠦᠷᠢᠮ ᠤᠨ ᠪᠦᠬᠦ ᠳᠠᠯ᠎ᠠ ᠪᠠᠷ ᠬᠡᠷᠡᠭᠵᠢᠬᠦᠯᠬᠦ ᠶᠢ ᠠᠬᠢᠭᠤᠯᠵᠦ᠂ | ᠤᠶᠢᠯᠡᠳᠪᠦᠷᠢᠯᠡᠭᠴᠢ ᠶᠢᠨ ᠨᠢᠭᠡᠨᠳᠡ ᠤᠶᠢᠯᠡᠳᠪᠤᠷᠢᠯᠡᠭᠰᠡᠨ ᠪᠤᠭᠤᠯᠳᠠ ᠬᠢᠬᠦ ᠮᠠᠲ᠋ᠧᠷᠢᠶᠠᠯ ᠪᠠ ᠢᠳᠡᠭᠡᠨ ᠤᠮᠳᠠᠭᠠᠨ ᠤ | ᠳᠡᠮᠳᠡᠭ ᠢ ᠦᠷᠡᠭᠡᠬᠦ ᠦᠬᠡᠢ ᠪᠠᠶᠢᠬᠤ ᠶᠢ ᠪᠠᠳᠤᠯᠠᠬᠤ ᠶᠢᠨ ᠳᠤᠰᠠᠳᠠ ᠭᠤᠷᠪᠠᠨ ᠵᠢᠯ ᠤᠨ ᠦᠩᠭᠡᠷᠡᠯᠳᠡ ᠶᠢᠨ | ᠬᠤᠭᠤᠴᠠᠭ᠎ᠠ ᠲᠠᠢ ᠭᠡᠵᠦ ᠳᠤᠭᠳᠠᠭᠠᠭᠰᠠᠨ ᠪᠠᠶᠢᠳᠠᠭ᠃ ᠳᠠᠷᠤᠢ 2018 ᠣᠨ ᠤ 10 ᠰᠠᠷ᠎ᠠ ᠶᠢᠨ 1 ᠤ ᠡᠳᠤᠷ | ᠵᠢᠴᠢ ᠡᠬᠦᠨ ᠠᠴᠠ ᠬᠤᠶᠢᠰᠢ ᠤᠶᠢᠯᠡᠳᠪᠤᠷᠢᠯᠡᠭᠰᠡᠨ ᠢᠳᠡᠭᠡᠨ ᠤᠮᠳᠠᠭᠠᠨ ᠤ ᠪᠤᠭᠤᠳᠠᠯ ᠳᠡᠭᠡᠷ᠎ᠡ ᠪᠠᠨ ︽QS︾ | ᠳᠡᠮᠳᠡᠭ ᠢ ᠬᠠᠳᠠᠵᠦ ᠪᠤᠯᠬᠤ ᠦᠬᠡᠢ ᠶᠤᠮ᠃ | ᠬᠤᠭᠤᠯᠠ ᠤᠮᠳᠠ ᠶᠢᠨ ᠤᠶᠢᠯᠡᠴᠢᠯᠡᠭᠡ ᠳᠠᠬᠢ ᠢᠳᠡᠭᠡᠨ ᠤᠮᠳᠠᠭᠠᠨ ᠤ ᠠᠮᠤᠷ ᠳᠦᠪᠰᠢᠨ ᠤ ᠠᠵᠢᠯᠯᠠᠬᠤ | ᠶᠠᠪᠤᠴᠠ ᠶᠢᠨ ᠳᠤᠤᠷ ᠰᠦᠯᠵᠢᠶᠡᠨ ᠤ ᠬᠤᠭᠤᠯᠠ ᠤᠮᠳᠠ ᠶᠢᠨ ᠤᠶᠢᠯᠡᠴᠢᠯᠡᠭᠡ ᠳᠤ ᠱᠠᠭᠠᠷᠳᠠᠯᠭ᠎ᠠ ᠳᠠᠯᠪᠢᠵᠡᠢ | ᠤᠯᠤᠰ ᠤᠨ ᠵᠠᠬ᠎ᠠ ᠳᠡᠯᠭᠡᠬᠦᠷ ᠲᠤ ᠬᠢᠨᠠᠯᠳᠠ ᠳᠠᠯᠪᠢᠬᠤ ᠶᠡᠷᠦᠩᠭᠡᠢ ᠳᠤᠪᠴᠢᠶ᠎ᠡ ᠶᠢᠨ 7 ᠰᠠᠷ᠎ᠠ ᠶᠢᠨ 23 ᠤ | ᠡᠳᠤᠷ ᠨᠡᠶᠢᠳᠡᠯᠡᠭᠰᠡᠨ ᠰᠢᠨ᠎ᠡ ᠪᠠᠷ ᠵᠠᠰᠠᠪᠤᠷᠢ ᠤᠷᠤᠭᠤᠯᠤᠭᠰᠠᠨ ︽ᠬᠤᠭᠤᠯᠠ ᠤᠮᠳᠠᠭᠠᠨ ᠤ ᠤᠶᠢᠯᠡᠴᠢᠯᠡᠭᠡᠨ ᠤ | ᠢᠳᠡᠭᠡᠨ ᠤᠮᠳᠠᠭᠠᠨ ᠤ ᠠᠮᠤᠷ ᠳᠦᠪᠰᠢᠨ ᠤ ᠠᠵᠢᠯᠯᠠᠬᠤ ᠶᠠᠪᠤᠴᠠ ᠶᠢᠨ ᠳᠦᠷᠢᠮᠵᠢᠯ︾ ᠢ 10 ᠰᠠᠷ᠎ᠠ ᠶᠢᠨ 1 ᠤ | ᠡᠳᠤᠷ ᠠᠴᠠ ᠡᠬᠢᠯᠡᠨ ᠬᠡᠷᠡᠭᠵᠢᠬᠦᠯᠦᠨ᠎ᠡ᠃ | ᠡᠨᠡᠬᠦ ᠰᠢᠨ᠎ᠡ ᠳᠦᠷᠢᠮ ᠨᠢ ᠬᠤᠭᠤᠯᠠ ᠤᠮᠳᠠ ᠶᠢᠨ ᠤᠶᠢᠯᠡᠴᠢᠯᠡᠭᠡ ᠬᠠᠩᠭᠠᠭᠰᠠᠳ ᠲᠤ ᠳᠤᠬᠢᠷᠠᠵᠦ᠂ | ᠬᠤᠭᠤᠯᠠ ᠤᠮᠳᠠ ᠶᠢᠨ ᠤᠶᠢᠯᠡᠴᠢᠯᠡᠭᠡ ᠡᠵᠡᠩᠨᠡᠭᠴᠢ ᠪᠠ ᠠᠯᠪᠠᠨ ᠪᠠᠶᠢᠭᠤᠯᠭ᠎ᠠ ᠶᠢᠨ ᠬᠤᠭᠤᠯᠠᠨ ᠳᠠᠩᠭᠢᠮ ᠵᠡᠷᠭᠡ | ᠭᠤᠤᠯ ᠴᠤᠭᠴᠠ ᠴᠦ ᠬᠤᠭᠤᠯᠠ ᠤᠮᠳᠠ ᠶᠢᠨ ᠤᠶᠢᠯᠡᠴᠢᠯᠡᠭᠡ ᠬᠠᠩᠭᠠᠳᠠᠭ ᠡᠵᠡᠩᠨᠡᠭᠴᠢᠳ ᠲᠤ ᠳᠤᠬᠢᠷᠠᠨ᠎ᠠ᠃ | ᠳᠤᠤᠷ ᠰᠦᠯᠵᠢᠶᠡᠨ ᠤ ᠬᠤᠭᠤᠯᠠ ᠤᠮᠳᠠ ᠶᠢᠨ ᠤᠶᠢᠯᠡᠴᠢᠯᠡᠭᠡ ᠳᠤ ᠬᠠᠨᠳᠤᠭᠤᠯᠵᠦ ᠳᠦᠷᠢᠮᠵᠢᠬᠦᠯᠬᠦ ᠱᠠᠭᠠᠷᠳᠠᠯᠭ᠎ᠠ | ᠳᠠᠯᠪᠢᠵᠦ᠂ ᠭᠤᠷᠪᠠᠳᠤᠭᠠᠷ ᠳᠠᠯ᠎ᠠ ᠶᠢᠨ ᠳᠠᠪᠴᠡᠩ ᠠᠴᠠ ᠳᠤᠤᠷ ᠰᠦᠯᠵᠢᠶᠡᠨ ᠳᠡᠭᠡᠷ᠎ᠡ ᠤᠶᠢᠯᠡᠴᠢᠯᠡᠭᠡ | ᠬᠠᠩᠭᠠᠭᠴᠢ ᠶᠢᠨ ᠨᠡᠷ᠎ᠡ᠂ ᠬᠠᠶ᠋ᠢᠭ᠂ ᠢᠳᠡᠭᠡᠨ ᠤᠮᠳᠠᠭᠠᠨ ᠤ ᠠᠮᠤᠷ ᠳᠦᠪᠰᠢᠨ ᠤ ᠳᠠᠰ᠂ ᠢᠳᠡᠭᠡᠨ ᠤᠮᠳᠠᠭᠠᠨ | ᠡᠵᠡᠩᠨᠡᠬᠦ ᠵᠦᠪᠰᠢᠶᠡᠷᠡᠯ ᠤᠨ ᠦᠨᠡᠮᠯᠡᠯ ᠵᠡᠷᠭᠡ ᠪᠠᠨ ᠳᠤᠳᠤᠷᠬᠠᠢ ᠪᠠᠶᠢᠷᠢᠨ ᠳᠤ ᠢᠯᠡᠷᠬᠡᠶᠢᠯᠡᠬᠦ ᠬᠡᠷᠡᠭᠳᠡᠢ᠃ | ᠰᠦᠯᠵᠢᠶᠡᠨ ᠳᠤ ᠨᠡᠶᠢᠳᠡᠯᠡᠭᠰᠡᠨ ᠬᠤᠭᠤᠯᠠ ᠤᠮᠳᠠ ᠶᠢᠨ ᠤᠶᠢᠯᠡᠴᠢᠯᠡᠭᠡ ᠬᠠᠩᠭᠠᠭᠴᠢ ᠪᠠᠰᠠ ᠰᠦᠯᠵᠢᠶᠡᠨ ᠳᠡᠭᠡᠷ᠎ᠡ | ᠨᠤᠭᠤᠭ᠎ᠠ ᠴᠠᠭ᠎ᠠ ᠶᠢᠨ ᠨᠡᠷᠡᠶᠢᠳᠤᠯ ᠵᠢᠴᠢ ᠭᠤᠤᠯ ᠪᠤᠯᠬᠤ ᠮᠠᠲ᠋ᠧᠷᠢᠶᠠᠯ ᠢᠶᠠᠨ ᠳᠤᠳᠤᠷᠬᠠᠶᠢᠯᠠᠬᠤ ᠬᠡᠷᠡᠭᠳᠡᠢ᠃ | ᠵᠠᠮ ᠬᠠᠷᠢᠯᠴᠠᠭᠠᠨ ᠤ ᠠᠳᠡᠯ ᠰᠦᠢᠳᠤᠯ ᠢ ᠳᠦᠯᠦᠪᠤᠷᠢᠯᠡᠬᠦ ᠵᠢᠭᠤᠷᠠᠯᠳᠤᠭᠠᠨ ᠢ ᠳᠤᠤᠷ ᠰᠦᠯᠵᠢᠶᠡᠨ | ᠳᠡᠭᠡᠷ᠎ᠡ ᠰᠢᠢᠳᠪᠤᠷᠢᠯᠡᠨ᠎ᠡ | ᠬᠠᠮᠤᠭ ᠤᠨ ᠳᠡᠭᠡᠳᠤ ᠰᠢᠬᠦᠬᠦ ᠬᠤᠷᠢᠶ᠎ᠠ ᠶᠢᠨ ᠠᠯᠪᠡᠨ ᠳᠢᠩᠬᠢᠮ᠂ ᠬᠠᠤᠯᠢ ᠴᠠᠭᠠᠵᠠ ᠶᠢᠨ ᠶᠠᠮᠤᠨ ᠤ ᠠᠯᠪᠠᠨ | ᠳᠢᠩᠬᠢᠮ᠂ ᠳᠤᠮᠳᠠᠳᠤ ᠤᠯᠤᠰ ᠤᠨ ᠪᠠᠩᠭᠢ ᠶᠢᠨ ᠳᠠᠭᠠᠳᠬᠠᠯ ᠳᠤ ᠬᠢᠨᠠᠯᠳᠠ ᠳᠠᠯᠪᠢᠬᠤ ᠬᠠᠮᠢᠶᠠᠷᠤᠯᠳᠠ ᠶᠢᠨ | ᠵᠦᠪᠯᠡᠯ ᠤᠨ ᠠᠯᠪᠠᠨ ᠳᠢᠩᠬᠢᠮ ᠵᠡᠷᠭᠡ ᠳᠦᠷᠪᠡᠨ ᠶᠠᠮᠤᠨ ᠵᠦᠪᠯᠡᠯ ᠠᠴᠠ ︽ᠵᠠᠮ ᠬᠠᠷᠢᠯᠴᠠᠭᠠᠨ ᠤ ᠠᠳᠡᠯ | ᠰᠤᠶᠢᠳᠤᠯ ᠢ ᠳᠦᠯᠦᠪᠤᠷᠢᠯᠡᠬᠦ ᠵᠢᠭᠤᠷᠠᠯᠳᠤᠭᠠᠨ ᠤ ︿ᠳᠤᠤᠷ ᠰᠦᠯᠵᠢᠶᠡᠨ ᠤ ᠳᠤᠭ᠎ᠠ ᠪᠠᠷᠢᠮᠳᠠ ᠶᠢ ᠨᠢᠭᠡ ᠴᠤᠭᠴᠠ ᠪᠠᠷ | ᠰᠢᠢᠳᠪᠤᠷᠢᠯᠡᠬᠦ﹀ ᠠᠵᠢᠯ ᠤᠨ ᠳᠦᠷᠢᠮᠵᠢᠯ ︵ᠳᠤᠷᠰᠢᠨ ᠬᠡᠷᠡᠭᠵᠢᠬᠦᠯᠬᠦ︶︾ ᠢ ᠨᠡᠶᠢᠳᠡᠯᠡᠵᠦ᠂ ᠵᠠᠮ ᠬᠠᠷᠢᠯᠴᠠᠭᠠᠨ ᠤ | ᠠᠳᠤᠯ ᠰᠤᠶᠢᠳᠤᠯ ᠢ ᠳᠦᠯᠦᠪᠤᠶᠢᠷᠯᠡᠬᠦ ᠵᠢᠭᠤᠷᠠᠯᠳᠤᠭᠠᠨ ᠢ ᠳᠤᠤᠷ ᠰᠦᠯᠵᠢᠶᠡᠨ ᠳᠡᠭᠡᠷ᠎ᠡ ᠰᠢᠢᠳᠪᠤᠷᠢᠯᠡᠬᠦ ᠶᠢ | ᠠᠬᠢᠭᠤᠯᠵᠠᠢ᠃ ᠳᠦᠷᠢᠮᠵᠢᠯ ᠢ ᠦᠨᠳᠤᠰᠦᠯᠡᠪᠡᠯ᠂ ᠵᠢᠭᠤᠷᠠᠭᠠᠨ ᠡᠬᠦᠰᠦᠭᠰᠡᠨ ᠤ ᠳᠠᠷᠠᠭ᠎ᠠ᠂ ᠳᠤᠬᠠᠢ ᠶᠢᠨ ᠬᠦᠮᠦᠨ | ᠵᠠᠮ ᠬᠠᠷᠢᠯᠴᠠᠭᠠᠨ ᠤ ᠠᠳᠤᠯ ᠰᠤᠶᠢᠳᠤᠯ ᠢ ᠳᠦᠯᠦᠪᠦᠷᠢᠯᠡᠬᠦ ᠵᠢᠭᠤᠷᠠᠯᠳᠤᠭᠠᠨ ᠢ ᠰᠢᠢᠳᠪᠤᠷᠢᠯᠡᠬᠦ ᠰᠦᠯᠵᠢᠶᠡᠨ ᠳᠤ | ᠭᠠᠷᠴᠦ᠂ ᠨᠢᠭᠡ ᠴᠤᠭᠴᠠ ᠪᠠᠷ ᠰᠢᠢᠳᠪᠤᠷᠢᠯᠡᠬᠦ ᠳᠠᠪᠴᠡᠩ ᠢ ᠠᠰᠢᠭᠯᠠᠨ ᠳᠦᠯᠦᠪᠤᠷᠢᠯᠡᠬᠦ ᠮᠦᠩᠬᠦ ᠳᠦᠬᠦᠷᠢᠭ ᠢᠶᠠᠨ | ᠪᠤᠳᠤᠵᠦ ᠭᠠᠷᠭᠠᠵᠦ ᠪᠦᠭᠡᠳ ᠡᠶᠡᠳᠡᠬᠦᠯᠦᠨ ᠰᠢᠢᠳᠪᠤᠷᠢᠯᠡᠬᠦ ᠡᠰᠡᠬᠦᠯ᠎ᠡ ᠵᠠᠭᠠᠯᠳᠤᠯᠭ᠎ᠠ ᠬᠢᠬᠦ ᠶᠢ ᠭᠤᠶᠤᠴᠢᠯᠠᠵᠦ | ᠪᠤᠯᠤᠨ᠎ᠠ᠃ ᠡᠨᠡᠬᠦ ᠳᠦᠷᠢᠮᠵᠢᠯ ᠢ 2018 ᠤᠨ ᠤ 10 ᠰᠠᠷ᠎ᠠ ᠶᠢᠨ 1 ᠤ ᠡᠳᠤᠷ ᠠᠴᠠ ᠡᠬᠢᠯᠡᠨ ᠬᠡᠷᠡᠭᠵᠢᠬᠦᠯᠦᠨ᠎ᠡ᠃ | | ᠬᠦᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠬᠦᠷ ᠤᠨ ᠳᠦᠷ ᠬᠡᠷᠡᠭᠵᠢᠬᠦᠯᠬᠦ ᠳᠦᠷᠢᠮ ᠨᠢ | ᠠᠵᠢᠯ ᠡᠷᠢᠭᠰᠡᠳ ᠲᠤ ᠪᠠᠳᠤᠯᠠᠭ᠎ᠠ ᠬᠠᠩᠭᠠᠨ᠎ᠠ | ︽ᠬᠦᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠬᠦᠷ ᠤᠨ ᠳᠦᠷ ᠬᠡᠷᠡᠭᠵᠢᠬᠦᠯᠬᠦ ᠳᠦᠷᠢᠮ︾ | 2018 ᠤᠨ ᠤ 10 ᠰᠠᠷ᠎ᠠ ᠶᠢᠨ 1 ᠤ ᠡᠳᠤᠷ ᠠᠴᠠ ᠡᠬᠢᠯᠡᠨ ᠬᠡᠷᠡᠭᠵᠢᠬᠦᠯᠦᠭᠳᠡᠨᠡ᠃ | ᠡᠨᠡᠬᠦ ᠳᠦᠷᠢᠮ ᠨᠢ ᠰᠢᠰᠲ᠋ᠧᠮ ᠢ ᠳᠦᠷᠢᠮᠵᠢᠬᠦᠯᠦᠭᠰᠡᠨ ᠮᠠᠨ ᠤ ᠤᠯᠤᠰ ᠤᠨ ᠬᠢᠯᠢ ᠠᠴᠠ ᠬᠦᠮᠦᠨ ᠤ | ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠬᠦᠷ ᠢᠶᠠᠷ ᠠᠵᠢᠯ ᠡᠷᠢᠬᠦ᠂ ᠠᠵᠢᠯᠴᠢᠨ ᠡᠯᠰᠡᠬᠦ ᠪᠠ ᠬᠦᠮᠦᠨ ᠤ | ᠬᠦᠴᠦᠨ ᠤ ᠡᠬᠢ ᠪᠠᠶᠠᠯᠢᠭ ᠤᠨ ᠤᠶᠢᠯᠡᠴᠢᠯᠡᠭᠡ ᠶᠢᠨ ᠠᠵᠢᠯᠯᠠᠭ᠎ᠠ ᠦᠷᠨᠢᠬᠦᠯᠳᠡᠭ ᠨᠢᠭᠡᠳᠤᠭᠡᠷ ᠵᠠᠰᠠᠭ ᠵᠠᠬᠢᠷᠭᠠᠨ ᠤ | ᠬᠠᠤᠯᠢ ᠪᠤᠯᠬᠤ ᠶᠤᠮ᠃ | ᠡᠮ ᠡᠮᠨᠡᠯᠭᠡ ᠶᠢᠨ ᠵᠢᠭᠤᠷᠠᠯᠳᠤᠭᠠᠨ ᠢ ᠤᠷᠢᠳᠴᠢᠯᠡᠨ ᠰᠡᠷᠬᠡᠶᠢᠯᠡᠬᠦ ᠪᠠ ᠰᠢᠢᠳᠪᠤᠷᠢᠯᠡᠬᠦ ᠶᠠᠪᠤᠴᠠ ᠶᠢ | ᠳᠤᠳᠤᠷᠬᠠᠢ ᠪᠤᠯᠭᠠᠨ᠎ᠠ | 2018 ᠤᠨ ᠤ 6 ᠰᠠᠷ᠎ᠠ ᠳᠤ ᠳᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ | ᠬᠤᠷᠠᠯ ᠢᠶᠠᠷ ︽ᠡᠮ ᠡᠮᠨᠡᠯᠭᠡ ᠶᠢᠨ ᠵᠢᠭᠤᠷᠠᠯᠳᠤᠭᠠᠨ ᠢ ᠤᠷᠢᠳᠴᠢᠯᠡᠨ ᠰᠡᠷᠬᠡᠶᠢᠯᠡᠬᠦ ᠪᠠ ᠰᠢᠢᠳᠪᠤᠷᠢᠯᠡᠬᠦ ᠳᠦᠷᠢᠮ ︵ | ᠡᠬᠡ ᠨᠤᠤᠷᠠᠭ︶︾ ᠢ ᠵᠦᠪᠯᠡᠵᠦ᠂ 2018 ᠤᠨ ᠤ 7 ᠰᠠᠷ᠎ᠠ ᠳᠤ ᠳᠦᠷᠦ ᠶᠢᠨ ᠶᠠᠪᠤᠳᠠᠯ ᠤᠨ ᠬᠤᠷᠢᠶᠠᠨ ᠠᠴᠠ | ᠳᠦᠷᠢᠮ ᠢ ᠨᠠᠶᠢᠳᠡᠯᠡᠵᠡᠢ᠃ ᠳᠦᠷᠢᠮ ᠳᠤ ᠡᠮᠴᠢᠯᠡᠬᠡᠨ ᠤ ᠠᠵᠢᠯᠯᠠᠭ᠎ᠠ ᠦᠷᠨᠢᠬᠦᠯᠬᠦ ᠳᠤ ᠡᠪᠡᠳᠴᠢᠳᠡᠨ ᠢᠶᠠᠷ ᠳᠦᠪ | ᠪᠤᠯᠭᠠᠵᠦ᠂ ᠬᠦᠮᠦᠡᠯᠢᠭ ᠦᠵᠡᠯ ᠤᠨ ᠬᠠᠶᠢᠷ᠎ᠠ ᠬᠠᠯᠠᠮᠵᠢ ᠦᠵᠡᠬᠦᠯᠬᠦ ᠶᠢ ᠴᠢᠬᠤᠯᠠᠴᠢᠯᠠᠵᠦ᠂ ᠬᠠᠮᠢᠶ᠎ᠡ ᠪᠦᠬᠦᠢ ᠬᠠᠤᠯᠢ | ᠳᠦᠷᠢᠮ ᠢ ᠴᠢᠩᠭ᠎ᠠ ᠵᠢᠷᠤᠮᠯᠡᠵᠦ᠂ ᠠᠵᠢᠯ ᠮᠡᠷᠭᠡᠵᠢᠯ ᠤᠨ ᠶᠤᠰᠤ ᠰᠤᠷᠳᠠᠬᠤᠨ ᠢ ᠴᠢᠩᠳᠠᠯᠠᠬᠤ ᠬᠡᠷᠡᠭᠳᠡᠢ ᠭᠡᠵᠦ | ᠳᠤᠭᠳᠠᠭᠠᠵᠠᠢ᠃ ᠳᠦᠷᠢᠮ ᠳᠤ ᠡᠮ ᠡᠮᠨᠡᠯᠭᠡ ᠶᠢᠨ ᠵᠢᠭᠤᠷᠠᠯᠳᠤᠭᠠᠨ ᠢ ᠰᠢᠢᠳᠪᠤᠷᠢᠯᠡᠬᠦ ᠵᠠᠷᠴᠢᠮ᠂ ᠶᠠᠪᠤᠴᠠ ᠶᠢ | ᠳᠤᠳᠤᠷᠠᠭᠤᠯᠵᠦ᠂ ᠠᠷᠠᠳ ᠳᠦᠮᠡᠨ ᠠᠴᠠ ᠡᠶᠡᠳᠡᠬᠦᠯᠬᠦ ᠨᠢ ᠮᠠᠰᠢ ᠴᠢᠬᠤᠯᠠ ᠭᠡᠳᠡᠭ ᠢ ᠭᠤᠤᠯᠳᠠᠯᠭ᠎ᠠ ᠲᠠᠢ | ᠴᠢᠬᠤᠯᠠᠴᠢᠯᠠᠵᠦ᠂ ᠵᠠᠭᠠᠯᠳᠤᠯᠭ᠎ᠠ ᠠᠴᠠ ᠡᠮᠤᠨᠡᠬᠢ ᠡᠮ ᠡᠮᠨᠡᠯᠭᠡ ᠶᠢᠨ ᠰᠤᠶᠢᠳᠤᠯ ᠢ ᠬᠢᠨᠠᠨ ᠳᠤᠭᠳᠠᠭᠠᠬᠤ ᠪᠠᠷᠢᠮᠵᠢᠶ᠎ᠡ᠂ | ᠶᠠᠪᠤᠴᠠ ᠪᠠ ᠮᠡᠷᠭᠡᠵᠢᠯᠳᠡᠨ ᠤ ᠬᠦᠮᠦᠷᠭᠡ ᠵᠡᠷᠭᠡ ᠳᠠᠯ᠎ᠠ ᠪᠠᠷ ᠨᠢᠭᠡᠳᠤᠯᠳᠠᠢ ᠳᠦᠷᠢᠮᠵᠢᠬᠦᠯᠵᠡᠢ᠃ ᠳᠦᠷᠢᠮ ᠠᠴᠠ ᠪᠠᠰᠠ | ᠡᠮ ᠡᠮᠨᠡᠯᠭᠡ ᠶᠢᠨ ᠴᠢᠨᠠᠷ ᠴᠢᠨᠰᠠᠭᠠᠨ ᠤ ᠠᠮᠤᠷ ᠳᠦᠪᠰᠢᠨ ᠤ ᠬᠠᠮᠢᠶᠠᠷᠤᠯᠳᠠ ᠶᠢᠨ ᠱᠠᠭᠠᠷᠳᠠᠯᠭ᠎ᠠ ᠶᠢ ᠵᠢᠷᠤᠮᠯᠠᠬᠤ | ᠦᠬᠡᠢ᠂ ᠬᠤᠳᠠᠯ ᠬᠠᠭᠤᠷᠮᠠᠭ ᠬᠢᠨᠠᠨ ᠳᠤᠭᠳᠠᠭᠠᠯᠳᠠ ᠶᠢᠨ ᠳ᠋ᠦᠩ ᠪᠤᠶᠦ ᠬᠡᠭᠦᠷ ᠤᠨ ᠪᠠᠶᠢᠴᠠᠭᠠᠯᠳᠠ ᠶᠢᠨ | ᠮᠡᠳᠡᠬᠦᠯᠦᠯᠳᠡ ᠭᠠᠷᠭᠠᠬᠤ᠂ ᠡᠮ ᠡᠮᠨᠡᠯᠭᠡ ᠶᠢᠨ ᠵᠢᠭᠤᠷᠠᠭᠠᠨ ᠤ ᠬᠤᠳᠠᠯ ᠬᠠᠭᠤᠷᠮᠠᠭ ᠰᠤᠷᠠᠭ ᠵᠠᠩᠭᠢ ᠵᠤᠬᠢᠶᠠᠵᠦ | ᠴᠤᠤᠷᠬᠠᠯ ᠳᠡᠭᠳᠡᠭᠡᠬᠦ ᠵᠡᠷᠭᠡ ᠬᠠᠤᠯᠢ ᠶᠢ ᠵᠦᠷᠢᠴᠡᠭᠰᠡᠨ ᠠᠵᠢᠯᠯᠠᠭ᠎ᠠ ᠳᠤ ᠴᠢᠩᠭ᠎ᠠ ᠬᠠᠤᠯᠢ ᠴᠠᠭᠠᠵᠠ ᠶᠢᠨ ᠡᠬᠦᠷᠭᠡ | ᠬᠠᠷᠢᠭᠤᠴᠠᠯᠭ᠎ᠠ ᠳᠤᠭᠳᠠᠭᠠᠭᠰᠠᠨ ᠪᠠᠶᠢᠨ᠎ᠠ᠃ |