︵ᠳᠠᠪᠤ︶ ᠠᠮᠢ ᠠᠬᠤᠢ ᠶᠢᠨ ᠤᠷᠴᠢᠨ ᠳᠤᠭᠤᠷᠢᠨ ᠦᠷᠬᠦᠯᠵᠢᠯᠡᠨ ᠰᠠᠶᠢᠵᠢᠷᠠᠪᠠ | ᠳᠠᠪᠤᠨ ᠵᠢᠯ ᠤᠨ ᠳᠤᠷᠰᠢ᠂ ᠪᠢᠳᠡ ᠢᠮᠠᠭᠳᠠ ︽ᠬᠦᠭᠡᠮᠳᠦᠭ ᠨᠤᠭᠤᠭᠠᠨ ᠠᠭᠤᠯᠠ ᠤᠰᠤ ᠪᠤᠯ ᠳᠠᠷᠤᠢ | ᠠᠯᠳᠠᠨ ᠠᠭᠤᠯᠠ ᠮᠦᠩᠭᠦᠨ ᠬᠠᠶᠢᠷᠬᠠᠨ︾ ᠪᠤᠯᠬᠤ ᠶᠢ ᠪᠠᠳᠤ ᠴᠡᠭᠡᠵᠢᠯᠡᠵᠦ᠂ ᠠᠮᠢ ᠠᠬᠤᠢ ᠶᠢᠨ ᠰᠡᠷᠬᠦᠭᠡᠯᠳᠡ ᠶᠢᠨ | ᠪᠦᠳᠦᠭᠡᠨ ᠪᠠᠶᠢᠭᠤᠯᠤᠯᠳᠠ ᠶᠢᠨ ᠡᠷᠴᠢᠮ ᠢ ᠴᠢᠩᠭᠠᠷᠠᠭᠤᠯᠵᠦ᠂ ᠬᠦᠭᠡ ᠳᠡᠭᠷᠢ᠂ ᠴᠡᠩᠭᠡᠷ ᠤᠰᠤ᠂ ᠨᠤᠭᠤᠭᠠᠨ ᠵᠦᠯᠭᠡ | ᠂ ᠬᠦᠭᠡ ᠠᠭᠤᠯᠠ ᠶᠢ ᠳᠠᠬᠢᠨ ᠢᠯᠡᠷᠡᠬᠦᠯᠪᠡ᠃ ᠠᠮᠢ ᠠᠬᠤᠢ ᠶᠢ ᠰᠠᠯᠪᠢᠨ ᠵᠠᠰᠠᠬᠤ ᠠᠵᠢᠯ ᠢᠯᠡᠳᠳᠡ ᠦᠷ᠎ᠡ | ᠪᠦᠳᠦᠮᠵᠢ ᠤᠯᠵᠦ᠂ ᠪᠦᠬᠦ ᠪᠡᠯᠡ ᠤᠷᠤᠭᠤᠯᠤᠯᠳᠠ ᠨᠢ 3.7 ᠳ᠋ᠦᠩᠰᠢᠭᠤᠷ ᠳᠦᠭᠦᠷᠢᠭ ᠪᠠᠶᠢᠪᠠ᠃ ᠪᠡᠭᠡᠵᠢᠭ | ᠳᠢᠶᠠᠨᠵᠢᠨ ᠤ ᠡᠯᠡᠰᠤᠨ ᠰᠠᠯᠬᠢᠨ ᠤ ᠡᠬᠢ ᠶᠢ ᠰᠡᠷᠬᠡᠶᠢᠯᠡᠨ ᠵᠠᠰᠠᠬᠤ᠂ ᠪᠠᠶᠢᠭᠠᠯᠢ ᠶᠢᠨ ᠤᠢ ᠶᠢ ᠬᠠᠮᠠᠭᠠᠯᠠᠬᠤ ᠵᠡᠷᠭᠡ | ᠭᠤᠤᠯᠳᠠᠯᠭ᠎ᠠ ᠲᠠᠢ ᠤᠢ ᠰᠢᠭᠤᠢ ᠶᠢᠨ ᠳᠦᠰᠤᠪᠯᠡᠯ ᠢ 17.1 ᠳᠦᠮᠡᠨ ᠮᠦ ᠬᠡᠷᠡᠭᠵᠢᠬᠦᠯᠵᠦ᠂ ᠨᠡᠶᠢᠭᠡᠮ ᠤᠨ | ᠬᠦᠴᠦᠨ ᠢ ᠳᠠᠶᠢᠴᠢᠯᠠᠵᠦ ︽ᠪᠠᠳᠺᠠᠷ ᠰᠦᠮ᠎ᠡ ᠶᠢᠨ ᠠᠮᠢ ᠠᠬᠤᠢ ᠶᠢᠨ ᠤᠢ︾᠂ ︽ᠰᠤᠷᠪᠤᠯᠵᠢᠯᠠᠭᠴᠢ | ᠬᠦᠳᠡᠯᠮᠤᠷᠢ ᠶᠢᠨ ᠵᠢᠱᠢᠶᠡᠴᠢ ᠶᠢᠨ ᠤᠢ︾ ᠶᠢ ᠪᠦᠳᠦᠭᠡᠨ ᠪᠠᠶᠢᠭᠤᠯᠵᠦ᠂ ᠪᠠᠳᠺᠠᠷ ᠰᠦᠮ᠎ᠡ ᠦᠵᠡᠮᠵᠢ ᠶᠢᠨ ᠤᠷᠤᠨ ᠤ | ᠡᠷᠬᠢᠨ ᠳᠤᠭᠤᠷᠢᠨ᠂ ᠵᠢᠭᠤᠯᠴᠢᠯᠠᠯ ᠤᠨ ᠵᠠᠰᠠᠮᠠᠯ ᠵᠠᠮ ᠳᠠᠭᠤ᠂ ᠳᠠᠯᠠᠨ ᠬᠠᠷ᠎ᠠ ᠠᠭᠤᠯᠠᠨ ᠤ ᠡᠮᠤᠨ᠎ᠡ ᠪᠠᠯ ᠵᠡᠷᠭᠡ | ᠭᠤᠤᠯᠳᠠᠯᠭ᠎ᠠ ᠲᠠᠢ ᠤᠷᠤᠨ ᠪᠦᠰᠡ ᠳᠤ ᠤᠢ ᠮᠤᠳᠤ ᠳᠠᠷᠢᠵᠦ 3.14 ᠳᠦᠮᠡᠨ ᠮᠤ᠋ ᠭᠠᠵᠠᠷ ᠢ ᠨᠤᠭᠤᠭᠠᠷᠠᠭᠤᠯᠤᠭᠰᠠᠨ | ᠶᠤᠮ᠃ 22.64 ᠺᠦᠸᠠᠳ᠋ ᠺᠢᠯᠤᠮᠧᠲᠷ ᠤᠨ ᠠᠭᠤᠷᠬᠠᠢ ᠶᠢᠨ ᠤᠷᠴᠢᠨ ᠳᠤᠭᠤᠷᠢᠨ ᠢ ᠠᠮᠢᠯᠠᠭᠤᠯᠤᠨ ᠰᠡᠷᠬᠦᠭᠡᠵᠦ᠂ | ᠳᠤᠭᠤᠷᠢᠭ ᠤᠨ ᠤᠢ ᠰᠢᠭᠤᠢ ᠶᠢᠨ ᠪᠦᠷᠬᠦᠴᠡ ᠨᠢ 33.2% ᠢ ᠡᠵᠡᠯᠡᠨ᠂ ᠬᠤᠳᠠ ᠶᠢᠨ ᠨᠢᠭᠡᠳᠤᠭᠡᠷ ᠨᠡᠷᠡᠰ ᠲᠤ | ᠳᠤᠭᠳᠠᠭᠤᠨ ᠪᠠᠶᠢᠷᠢᠯᠠᠪᠠ᠃ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠤᠷᠭᠤᠮᠠᠯ ᠤᠨ | ᠰᠤᠳᠤᠯᠭᠠᠨ ᠤ ᠭᠠᠵᠠᠷ ᠲᠠᠢ ᠬᠠᠮᠳᠤᠷᠠᠨ ᠤᠷᠭᠤᠮᠠᠯ ᠤᠨ ᠡᠬᠢ ᠪᠠᠶᠠᠯᠢᠭ ᠢ ᠪᠤᠶᠢᠵᠢᠭᠤᠯᠬᠤ ᠰᠠᠭᠤᠷᠢᠨ ᠭᠠᠵᠠᠷ ᠢ | ᠴᠤᠭᠴᠠᠯᠠᠨ ᠪᠠᠶᠢᠭᠤᠯᠵᠦ᠂ ᠬᠦᠢᠳᠡᠨ ᠢ ᠳᠡᠰᠪᠤᠷᠢᠯᠡᠵᠦ ᠬᠠᠭᠰᠠᠷᠠᠭᠠᠨ ᠳᠤ ᠳᠠᠰᠪᠤᠷᠢᠳᠠᠢ 209 ᠰᠠᠭᠤᠷᠢ ᠮᠤᠳᠤᠨ | ᠴᠢᠬᠢ ᠶᠢ ᠵᠢᠱᠢᠶ᠎ᠡ ᠦᠵᠡᠬᠦᠯᠦᠨ ᠳᠠᠷᠢᠭᠰᠠᠨ ᠳᠠᠯᠠᠪᠠᠢ ᠨᠢ 1.28 ᠳᠦᠮᠡᠨ ᠮᠦ ᠪᠤᠯᠤᠨ᠎ᠠ᠃ ᠠᠮᠢ ᠠᠬᠤᠢ ᠶᠢ | ᠬᠠᠮᠠᠭᠠᠯᠠᠬᠤ ᠡᠷᠴᠢᠮ ᠢᠶᠠᠨ ᠦᠷᠬᠦᠯᠵᠢᠯᠡᠨ ᠴᠢᠩᠭᠠᠷᠠᠭᠤᠯᠵᠦ᠂ ᠬᠦᠷᠢᠶ᠎ᠡ ᠶᠢ ᠪᠢᠳᠡᠬᠦᠮᠵᠢᠯᠡᠨ ᠮᠠᠯ ᠠᠵᠦ ᠠᠬᠤᠢ | ᠪᠡᠯᠴᠢᠭᠡᠷᠯᠡᠬᠦᠯᠬᠦ ᠶᠢ ᠴᠠᠭᠠᠵᠠᠯᠠᠵᠦ᠂ ᠦᠨᠳᠤᠰᠤᠨ ᠳᠠᠷᠢᠶᠠᠨ ᠭᠠᠵᠠᠷ ᠢ ᠵᠠᠭᠠᠭᠯᠠᠨ ᠳᠤᠭᠳᠠᠭᠠᠬᠤ ᠪᠠ ᠳᠠᠷᠢᠶᠠᠨ | ᠭᠠᠵᠠᠷ ᠢ ᠬᠠᠮᠠᠭᠠᠯᠠᠬᠤ ᠰᠦᠷ ᠬᠦᠴᠦᠳᠤ ᠪᠠᠶᠢᠳᠠᠯ ᠢ ᠢᠮᠠᠭᠳᠠ ᠪᠠᠷᠢᠮᠳᠠᠯᠠᠪᠠ᠃ ᠪᠦᠬᠦ ᠬᠤᠳᠠ ᠶᠢᠨ ᠠᠩᠬᠠᠳᠠᠭᠴᠢ | ᠵᠢᠯᠤᠭᠤᠴᠢ ᠦᠭᠡᠢ ᠨᠢᠰᠭᠡᠯ ᠤᠨ ᠭᠠᠯ ᠰᠡᠷᠭᠡᠶᠢᠯᠡᠬᠦ ᠤᠢ ᠶᠢ ᠰᠡᠷᠭᠡᠶᠢᠯᠡᠨ ᠬᠠᠮᠠᠭᠠᠯᠠᠬᠤ ᠠᠩᠭᠢ ᠶᠢ ᠵᠤᠬᠢᠶᠠᠨ | ᠪᠠᠶᠢᠭᠤᠯᠵᠦ᠂ ᠭᠠᠯ ᠢ ᠰᠡᠷᠭᠡᠶᠢᠯᠡᠬᠦ ᠵᠢᠯᠤᠭᠤᠴᠢ ᠦᠭᠡᠢ ᠨᠢᠰᠭᠡᠯ ᠤᠨ ᠮᠡᠷᠭᠡᠵᠢᠯ ᠢ ᠬᠡᠷᠡᠭᠯᠡᠭᠰᠡᠨ ᠠᠴᠠ | ᠪᠡᠯᠴᠢᠭᠡᠷᠯᠡᠬᠦᠯᠬᠦ ᠶᠢ ᠴᠠᠭᠠᠵᠠᠯᠠᠬᠤ ᠠᠵᠢᠯ ᠮᠡᠳᠡᠭᠳᠡᠮ᠎ᠡ ᠪᠤᠳᠠᠳᠤ ᠦᠢᠷ᠎ᠠ ᠠᠰᠢᠭ ᠤᠯᠪᠠ᠃ ᠤᠷᠴᠢᠨ ᠳᠤᠭᠤᠷᠢᠨ ᠤ | ᠴᠡᠭᠴᠡᠯᠡᠨ ᠵᠠᠰᠠᠬᠤ ᠠᠵᠢᠯ ᠢ ᠶᠡᠭᠡᠪᠡᠷ ᠦᠷᠨᠢᠬᠦᠯᠵᠦ᠂ ︽ᠳᠠᠪᠤᠨ ᠵᠢᠵᠢᠭ ᠠᠵᠦ ᠠᠬᠤᠶᠢᠯᠠᠯ︾ ﹇4﹈ ᠪᠤᠯᠤᠨ | ᠳᠠᠯᠳᠠᠭᠤᠷ ᠮᠠᠯᠳᠠᠬᠤ ᠡᠷᠤᠢ ᠤᠶᠢᠯᠡ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠦ᠂ ᠠᠮᠢ ᠠᠬᠤᠢ ᠶᠢ ᠡᠪᠳᠡᠯᠡᠭᠰᠡᠨ | ᠬᠡᠤᠷᠰᠦ ᠪᠤᠯᠪᠠᠰᠤᠷᠠᠭᠤᠯᠬᠤ᠂ ᠨᠡᠬᠦᠷᠡᠰᠦ ᠤᠬᠢᠶᠠᠬᠤ᠂ ᠳᠡᠮᠤᠷ ᠤᠨ ᠬᠦᠳᠡᠷ ᠰᠢᠯᠢᠬᠦ᠂ ᠡᠯᠡᠰᠦ ᠮᠠᠯᠳᠠᠬᠤ᠂ ᠴᠢᠯᠠᠭᠤ | ᠭᠠᠷᠭᠠᠭᠰᠠᠨ 117 ᠡᠷᠤᠭᠡ ᠠᠵᠦ ᠠᠬᠤᠶᠢᠯᠠᠯ ᠢ ᠬᠠᠤᠯᠢ ᠶᠤᠰᠤᠭᠠᠷ ᠴᠠᠭᠠᠵᠠᠯᠠᠭᠰᠠᠨ ᠪᠠᠶᠢᠨ᠎ᠠ᠃ ᠪᠤᠬᠢᠷᠳᠤᠯ ᠤᠨ | ᠡᠬᠢ ᠶᠢ ᠬᠠᠮᠢᠶᠠᠷᠤᠨ ᠡᠵᠡᠮᠳᠡᠵᠦ᠂ 7 ᠵᠠᠰᠠᠭ ᠵᠠᠬᠢᠷᠭᠠᠨ ᠤ ᠳᠤᠰᠬᠤᠨ ᠳᠤ ᠪᠤᠬᠢᠷ ᠤᠰᠤ ᠰᠢᠢᠳᠪᠤᠷᠢᠯᠡᠬᠦ | ᠳᠦᠬᠦᠭᠡᠷᠤᠮᠵᠢ ᠶᠢᠨ ᠪᠦᠳᠦᠭᠡᠨ ᠪᠠᠶᠢᠭᠤᠯᠤᠯᠳᠠ ᠶᠢᠨ ᠳᠦᠰᠦᠪ ᠢ ᠬᠡᠷᠡᠭᠵᠢᠬᠦᠯᠵᠦ᠂ ᠠᠵᠦ ᠤᠶᠢᠯᠡᠳᠪᠤᠷᠢ ᠶᠢᠨ | ᠬᠦᠷᠢᠶᠡᠯᠡᠩ ᠤᠨ ᠪᠤᠬᠢᠷ ᠤᠰᠤ ᠶᠢ ᠰᠢᠢᠳᠪᠤᠷᠢᠯᠡᠬᠦ ᠤᠶᠢᠯᠡᠳᠪᠤᠷᠢ ᠠᠰᠢᠭᠯᠠᠯᠳᠠ ᠳᠤ ᠤᠷᠤᠯᠠᠵᠦ᠂ 49 ᠡᠷᠤᠭᠡ | ᠠᠵᠦ ᠠᠬᠤᠶᠢᠯᠠᠯ ᠤᠷᠴᠢᠨ ᠳᠤᠭᠤᠷᠢᠨ ᠤ ᠬᠠᠮᠠᠭᠠᠯᠠᠯᠳᠠ ᠶᠢᠨ ᠳᠦᠬᠦᠭᠡᠷᠦᠮᠵᠢ ᠶᠢ ᠦᠭᠡᠷᠡᠴᠢᠯᠡᠬᠦ ᠶᠢ ᠪᠡᠶᠡᠯᠡᠬᠦᠯᠵᠦ᠂ | 3 ᠭᠠᠵᠠᠷ ᠲᠤ ᠬᠠᠷᠠᠭᠠᠨ ᠳᠠᠪᠳᠠᠮᠵᠢ ᠪᠠᠷ ᠬᠢᠨᠠᠨ ᠡᠵᠡᠮᠳᠡᠬᠦ ᠰᠢᠰᠲ᠋ᠧᠮ ᠪᠤᠯᠤᠨ ᠠᠭᠠᠷ ᠤᠨ ᠶᠠᠰᠤ ᠴᠢᠨᠠᠷ ᠤᠨ ᠠᠦ᠋ᠲ᠋ᠤ᠋ | ᠬᠢᠨᠠᠨ ᠬᠡᠮᠵᠢᠬᠦ ᠦᠷᠳᠡᠭᠡ ᠶᠢ 2 ᠰᠠᠭᠤᠷᠢ ᠪᠠᠶᠢᠭᠤᠯᠵᠦ᠂ 4 ᠭᠤᠤᠯᠳᠠᠯᠭ᠎ᠠ ᠲᠠᠢ ᠠᠵᠦ ᠠᠬᠤᠶᠢᠯᠠᠯ ᠪᠤᠯᠤᠨ 8 | ᠪᠤᠬᠢᠷᠳᠤᠯ ᠢ ᠭᠠᠳᠠᠭᠰᠢᠯᠠᠭᠤᠯᠬᠤ ᠠᠮᠠ ᠶᠢᠨ ᠤᠷᠴᠢᠨ ᠠᠬᠤᠢ ᠶᠢᠨ ᠬᠠᠮᠠᠭᠠᠯᠠᠯᠳᠠ ᠶᠢ ᠰᠦᠯᠵᠢᠶᠡᠨ ᠳᠡᠭᠡᠷ᠎ᠡ ᠬᠢᠨᠠᠨ | ᠡᠵᠡᠮᠳᠡᠬᠦ ᠶᠢ ᠪᠡᠶᠡᠯᠡᠬᠦᠯᠵᠦ᠂ ᠳᠤᠭᠤᠷᠢᠭ ᠤᠨ ᠬᠠᠳᠠᠭᠤ ᠬᠠᠶᠠᠭᠳᠠᠮᠠᠯ ᠪᠤᠳᠠᠰ ᠢ ᠰᠢᠢᠳᠪᠤᠷᠢᠯᠡᠬᠦ᠂ ᠪᠤᠬᠢᠷ ᠤᠰᠤ ᠶᠢ | ᠶᠡᠷᠦᠩᠭᠡᠶᠢᠯᠡᠨ ᠰᠢᠢᠳᠪᠤᠷᠢᠯᠡᠬᠦ᠂ ᠠᠭᠠᠷ ᠢ ᠬᠢᠨᠠᠨ ᠬᠡᠮᠵᠢᠬᠦ ᠪᠠᠶᠢᠳᠠᠯ ᠨᠢ ᠰᠢᠨ᠎ᠡ ︽ᠤᠷᠴᠢᠨ ᠳᠤᠭᠤᠷᠢᠨ ᠢ | ᠬᠠᠮᠠᠭᠠᠯᠠᠬᠤ ᠬᠠᠤᠯᠢ︾ ᠶᠢᠨ ᠬᠡᠮᠵᠢᠶᠡᠨ ᠳᠤ ᠬᠦᠷᠴᠡᠢ᠃ ᠳᠤᠭᠤᠷᠢᠭ ᠤᠨ ᠠᠭᠠᠷ ᠤᠨ ᠶᠠᠰᠤ ᠴᠢᠨᠠᠷ ᠰᠢᠯᠢᠳᠡᠭ ᠰᠠᠶᠢᠨ | ᠪᠠᠶᠢᠬᠤ ᠨᠤᠷᠮ᠎ᠠ ᠳᠤᠮᠳᠠᠴᠢ ᠪᠠᠷ 80% ᠬᠦᠷᠴᠦ᠂ ᠬᠤᠳᠠ ᠶᠢᠨ ᠬᠢ ᠠᠴᠠ ᠵᠠᠭᠤᠨ ᠤ 6 ᠬᠤᠪᠢ ᠶᠢᠨ ᠵᠢᠩ | ᠦᠨᠳᠤᠷ ᠪᠤᠯᠤᠭᠰᠠᠨ ᠶᠤᠮ᠃ | ︽ᠵᠢᠷᠭᠤᠭ᠎ᠠ︾ ᠠᠷᠠᠳ ᠤᠨ ᠠᠮᠢᠳᠤᠷᠠᠯ ᠤᠨ ᠵᠤᠯ ᠵᠢᠷᠭᠠᠯ ᠢ ᠦᠷᠬᠦᠯᠵᠢᠯᠡᠨ ᠨᠡᠮᠡᠭᠳᠡᠬᠦᠯᠪᠡ | ᠳᠠᠪᠤᠨ ᠵᠢᠯ ᠤᠨ ᠳᠤᠷᠰᠢ᠂ ᠪᠢᠳᠡ ᠠᠷᠠᠳ ᠳᠦᠮᠡᠨ ᠢᠶᠠᠷ ᠭᠤᠤᠯᠯᠠᠬᠤ ᠬᠦᠭᠵᠢᠯᠳᠡ ᠶᠢᠨ ᠦᠵᠡᠯ | ᠰᠠᠨᠠᠭ᠎ᠠ ᠶᠢ ᠬᠦᠨᠵᠡᠬᠡᠢ ᠳᠤᠤᠱᠯᠠᠭᠤᠯᠵᠦ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠤᠶᠢᠯᠡᠳᠪᠤᠷᠢᠯᠡᠯ | ᠠᠮᠢᠳᠤᠷᠠᠯ ᠤᠨ ᠨᠦᠬᠦᠴᠡᠯ ᠢ ᠬᠠᠮᠤᠭ ᠤᠨ ᠶᠡᠭᠡ ᠬᠡᠮᠵᠢᠶ᠎ᠡ ᠪᠠᠷ ᠰᠠᠶᠢᠵᠢᠷᠠᠭᠤᠯᠵᠦ᠂ ᠠᠷᠠᠳ ᠤᠨ ᠠᠮᠢᠳᠤᠷᠠᠯ ᠤᠨ | ᠵᠠᠷᠤᠯᠭ᠎ᠠ ᠶᠢᠨ ᠬᠡᠷᠡᠭᠯᠡᠵᠦ ᠪᠤᠯᠬᠤ ᠡᠳ᠋ ᠤᠨ ᠬᠦᠴᠦᠨ ᠤ ᠡᠵᠡᠯᠡᠭᠰᠡᠨ ᠬᠠᠷᠢᠴᠠᠯ ᠨᠢ 75% ᠳᠡᠭᠡᠭᠰᠢ ᠪᠠᠶᠢᠵᠦ᠂ | ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠬᠦᠮᠦᠨ ᠪᠦᠷᠢ ᠶᠢᠨ ᠡᠵᠡᠮᠳᠡᠵᠦ ᠪᠤᠯᠬᠤ ᠳᠤᠮᠳᠠᠴᠢ ᠤᠷᠤᠯᠭ᠎ᠠ ᠨᠢ | ᠵᠢᠱᠢᠯᠳᠠ ᠪᠠᠷ 38500 ᠳᠦᠭᠦᠷᠢᠭ ᠪᠠ 14500 ᠳᠦᠭᠦᠷᠢᠭ ᠬᠦᠷᠴᠦ᠂ ᠵᠢᠯ ᠪᠦᠷᠢ ᠳᠤᠮᠳᠠᠴᠢ ᠪᠠᠷ ᠳᠤᠰ | ᠳᠤᠰ 8.3% ᠪᠠ 8.2% ᠢᠶᠠᠷ ᠨᠡᠮᠡᠭᠳᠡᠵᠡᠢ᠃ ᠳᠠᠶᠢᠪᠤᠩ ᠰᠠᠭᠤᠷᠢᠰᠢᠬᠤ ᠤᠷᠤᠨ ᠰᠠᠭᠤᠴᠠ ᠶᠢᠨ ᠢᠨᠵᠧᠨᠧᠷᠢᠩ ᠢ | ᠶᠡᠭᠡᠪᠡᠷ ᠬᠡᠷᠡᠭᠵᠢᠬᠦᠯᠵᠦ᠂ ᠪᠠᠷᠤᠭ 20 ᠳ᠋ᠦᠩᠰᠢᠭᠤᠷ ᠳᠦᠬᠦᠷᠢᠭ ᠤᠨ ᠪᠡᠯᠡ ᠤᠷᠤᠭᠤᠯᠤᠨ᠂ ᠰᠢᠭᠤᠶᠢᠳᠤ ᠰᠢᠨ᠎ᠡ | ᠳᠤᠭᠤᠷᠢᠭ ᠲᠤ 7191 ᠦᠷᠦᠭᠡ ᠡᠯ᠎ᠡ ᠳᠦᠷᠦᠯ ᠤᠨ ᠪᠠᠳᠤᠯᠠᠭ᠎ᠠ ᠶᠢᠨ ᠴᠢᠨᠠᠷᠳᠠᠢ ᠤᠷᠤᠨ ᠰᠠᠭᠤᠴᠠ ᠶᠢ | ᠪᠠᠶᠢᠭᠤᠯᠵᠦ᠂ ᠡᠷᠳᠡ ᠴᠢᠯᠤᠭᠡᠯᠡᠭᠳᠡᠭᠰᠡᠨ ᠤᠷᠤᠨ ᠤ ᠫᠧᠩ ᠬᠤ᠋ ᠳᠤᠭᠤᠷᠢᠭ ᠲᠤ 411 ᠦᠷᠦᠭᠡ ᠳᠦᠪᠬᠢᠨᠡᠬᠦᠯᠬᠦ | ᠤᠷᠤᠨ ᠰᠠᠭᠤᠴᠠ ᠶᠢ ᠪᠦᠳᠦᠭᠡᠨ ᠪᠠᠶᠢᠭᠤᠯᠵᠦ᠂ ᠠᠮᠢ ᠠᠬᠤᠢ ᠶᠢᠨ ᠠᠷᠠᠳ ᠬᠢᠭᠡᠳ ᠶᠤᠸᠠᠨ ᠵᠦᠩ ᠼᠦᠨ | ᠳᠤᠰᠬᠤᠨ ᠢ ᠨᠡᠬᠦᠯᠭᠡᠵᠦ᠂ ᠮᠠ ᠴᠠᠩ ᠳᠤᠰᠬᠤᠨ᠂ ᠬᠤᠶᠢᠳᠤ ᠠᠶᠢᠯ ᠳᠤᠰᠬᠤᠨ᠂ ᠴᠧᠩ ᠵᠦᠩ ᠳᠤᠰᠬᠤᠨ | ᠵᠡᠷᠭᠡ ᠶᠢ ᠦᠭᠡᠷᠡᠴᠢᠯᠡᠨ ᠪᠠᠶᠢᠭᠤᠯᠵᠦ᠂ ᠢ ᠡᠾᠧ ᠵᠢᠶᠠ ᠶᠤᠸᠠᠨ ᠬᠦᠷᠢᠶᠡᠯᠡᠩ᠂ ᠢ ᠺᠠᠩ ᠰᠢᠨ ᠴᠧᠩ ᠵᠡᠷᠭᠡ | ᠪᠠᠳᠤᠯᠠᠭ᠎ᠠ ᠶᠢᠨ ᠴᠢᠨᠠᠷᠳᠠᠢ ᠤᠷᠤᠨ ᠰᠠᠭᠤᠴᠠ ᠶᠢ ᠪᠠᠷᠢᠵᠦ᠂ 2 ᠳᠦᠮᠡ ᠰᠢᠬᠠᠮ ᠬᠤᠳᠠ ᠬᠦᠳᠡᠭᠡ ᠶᠢᠨ ᠰᠠᠭᠤᠭᠠᠯᠢ | ᠠᠷᠠᠳ ᠤᠳ ᠪᠠᠶᠠᠷ ᠬᠦᠤᠷ ᠲᠠᠢ ᠪᠠᠷ ᠰᠢᠨ᠎ᠡ ᠤᠷᠤᠨ ᠰᠠᠭᠤᠴᠠ ᠳᠤ ᠨᠠᠬᠦᠵᠦ ︽ᠤᠷᠤᠰᠢᠨ ᠰᠠᠭᠤᠬᠤ ᠳᠤ | ᠳᠤᠬᠢᠷᠠᠮᠵᠢᠳᠠᠢ ᠵᠡᠬᠦᠳᠤ︾ ᠪᠠᠨ ᠰᠡᠷᠬᠦᠭᠡᠨ ᠪᠡᠶᠡᠯᠡᠬᠦᠯᠦᠭᠰᠡᠨ ᠪᠠᠶᠢᠨ᠎ᠠ᠃ ᠶᠠᠳᠠᠭᠤ ᠠᠴᠠ ᠠᠩᠭᠢᠵᠢᠷᠠᠭᠤᠯᠬᠤ | ᠪᠤᠭᠤᠮᠳᠠ ᠰᠢᠪᠳᠤᠯᠬᠤ ᠠᠵᠢᠯ ᠢᠯᠡᠳᠳᠡ ᠦᠷ᠎ᠡ ᠪᠦᠳᠦᠮᠵᠢ ᠤᠯᠵᠦ᠂ ︽ᠬᠤᠶᠠᠷ ᠶᠠᠪᠤᠳᠠᠯ ᠳᠤ ᠰᠠᠨᠠᠭ᠎ᠠ ᠵᠤᠪᠠᠭ᠋ᠤ | ᠦᠬᠡᠢ ᠪᠤᠯᠵᠦ᠂ ᠭᠤᠷᠪᠠ ᠶᠢ ᠪᠠᠳᠤᠯᠠᠬᠤ︾ ﹇5﹈ ᠬᠠᠷᠠᠯᠳᠠ ᠶᠢ ᠦᠨᠳᠤᠰᠦᠯᠡᠵᠦ᠂ ᠤᠨᠳᠤᠤ ᠭᠠᠵᠠᠷ ᠨᠡᠬᠦᠯᠭᠡᠨ | ᠠᠪᠠᠴᠢᠬᠤ᠂ ᠠᠵᠦ ᠤᠶᠢᠯᠡᠰ ᠢ ᠬᠦᠭᠵᠢᠬᠦᠯᠦᠨ ᠶᠠᠳᠠᠭᠤ ᠶᠢ ᠳᠡᠳᠬᠦᠬᠦ ᠳᠦᠷᠦ ᠶᠢᠨ ᠪᠤᠳᠤᠯᠭ᠎ᠠ ᠪᠠᠷ ᠰᠠᠭᠤᠷᠢ ᠠᠴᠠ | ᠨᠢ ᠪᠠᠳᠤᠯᠠᠬᠤ ᠵᠡᠷᠭᠡ ᠳᠦᠷᠦᠯ ᠬᠤᠪᠢᠶᠠᠬᠤ ᠠᠷᠭ᠎ᠠ ᠪᠤᠳᠤᠯᠭ᠎ᠠ ᠶᠢ ᠬᠡᠷᠡᠭᠵᠢᠬᠦᠯᠵᠦ᠂ ᠡᠪᠬᠡᠮᠡᠯ ᠪᠠᠶᠢᠭᠤᠯᠤᠨ ᠺᠠᠷᠲᠯᠠᠨ | ᠳᠡᠩᠰᠠᠯᠠᠭᠰᠠᠨ ᠶᠠᠳᠠᠭᠤ ᠬᠦᠴᠢᠷᠳᠡᠯᠳᠡᠢ ᠬᠦᠮᠦᠨ ᠠᠮᠠ ᠶᠢ ᠤᠨᠤᠪᠴᠢᠳᠠᠢ ᠪᠠᠷ ᠳᠡᠳᠬᠦᠵᠦ ᠶᠠᠳᠠᠭᠤ ᠠᠴᠠ | ᠠᠩᠭᠢᠵᠢᠷᠠᠭᠤᠯᠵᠠᠢ᠃ ᠪᠠᠳᠤᠯᠠᠭ᠎ᠠ ᠶᠢᠨ ᠬᠢᠷᠢ ᠳᠦᠪᠰᠢᠨ ᠢ ᠶᠡᠭᠡᠪᠡᠷ ᠳᠡᠭᠡᠭᠰᠢᠯᠡᠬᠦᠯᠵᠦ᠂ ᠡᠳ᠋ ᠤᠨ ᠵᠠᠰᠠᠭ ᠠᠴᠠ 1. | 37 ᠳ᠋ᠦᠩᠰᠢᠭᠤᠷ ᠳᠦᠬᠦᠷᠢᠭ ᠨᠦᠬᠦᠪᠦᠷᠢ ᠤᠯᠭᠤᠵᠦ ᠭᠠᠵᠠᠷ ᠰᠢᠷᠦᠢ ᠪᠠᠨ ᠳᠠᠳᠠᠪᠤᠷᠢᠯᠠᠭᠤᠯᠤᠭᠰᠠᠨ ᠳᠠᠷᠢᠶᠠᠴᠢᠳ ᠢ | ᠬᠤᠳᠠ ᠪᠠᠯᠭᠠᠰᠤᠨ ᠤ ᠠᠵᠢᠯᠳᠡᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠠᠢ ᠳᠤ | ᠬᠠᠷᠢᠶᠠᠯᠠᠭᠳᠠᠪᠠ᠃ ᠬᠤᠳᠠ ᠪᠠᠯᠭᠠᠰᠤᠨ ᠤ ᠠᠵᠢᠯᠳᠡᠨ ᠠᠵᠢᠯᠴᠢᠨ ᠪᠠ ᠬᠤᠳᠠ ᠬᠦᠳᠡᠭᠡ ᠶᠢᠨ ᠰᠠᠭᠤᠭᠠᠯᠢ | ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠪᠤᠯᠤᠨ ᠡᠮ ᠡᠮᠨᠡᠯᠭᠡ ᠶᠢᠨ ᠳᠠᠭᠠᠳᠬᠠᠯ ᠳᠤ ᠤᠷᠤᠯᠴᠠᠭᠰᠠᠨ | ᠬᠦᠮᠦᠨ ᠤ ᠳᠤᠭ᠎ᠠ ᠳᠤᠰ ᠳᠤᠰ 25811᠂ 35257 ᠬᠦᠮᠦᠨ ᠪᠠᠶᠢᠵᠦ᠂ ᠬᠤᠳᠠ ᠬᠦᠳᠡᠭᠡ ᠶᠢᠨ ᠠᠮᠢᠳᠤᠷᠠᠯ ᠤᠨ | ᠨᠠᠭᠠᠳᠤ ᠵᠠᠬ᠎ᠠ ᠶᠢᠨ ᠪᠠᠳᠤᠯᠠᠭ᠎ᠠ ᠶᠢᠨ ᠮᠦᠩᠬᠦ ᠪᠠ ᠠᠪᠤᠷᠠᠨ ᠳᠤᠰᠠᠯᠠᠬᠤ ᠮᠦᠩᠬᠦ ᠶᠢ 1.36 ᠳ᠋ᠦᠩᠰᠢᠭᠤᠷ | ᠳᠦᠬᠦᠷᠢᠭ ᠳᠠᠷᠬᠠᠭᠠᠵᠦ᠂ 26292 ᠬᠦᠴᠢᠷᠳᠡᠯᠳᠠᠢ ᠠᠷᠠᠳ ᠳᠦᠮᠡᠨ ᠳᠤ ᠠᠰᠢᠭ ᠬᠦᠷᠳᠡᠭᠡᠵᠡᠢ᠃ |