ᠨᠦᠬᠦᠳ ᠡ᠄ ᠤᠳᠠᠯ ᠦᠭᠡᠢ ᠦᠩᠭᠡᠷᠡᠨ ᠤᠳᠬᠤ ᠭᠡᠵᠦ ᠪᠠᠶᠢᠭ᠎ᠠ 2017 ᠤᠨ ᠪᠤᠯ ᠳᠤᠰ | ᠬᠤᠭᠤᠴᠠᠭᠠᠨ ᠤ ᠠᠷᠠᠳ ᠤᠨ ᠵᠠᠰᠠᠭ ᠤᠨ ᠤᠷᠳᠤᠨ ᠤ ᠳᠤᠰᠢᠶᠠᠯ ᠤᠨ ᠬᠤᠭᠤᠴᠠᠭᠠᠨ ᠤ ᠡᠴᠤᠰ ᠤᠨ ᠨᠢᠭᠡ ᠵᠢᠯ | ᠪᠤᠯᠤᠨ᠎ᠠ᠃ ᠡᠨᠡ ᠵᠢᠯ ᠢ ᠡᠷᠬᠢᠴᠡᠬᠦᠯᠪᠡᠯ᠂ ᠵᠢᠱᠢᠨ ᠳᠦᠰᠦᠪᠯᠡᠵᠦ ᠴᠢᠳᠠᠬᠤ ᠦᠬᠡᠢ ᠬᠦᠴᠢᠷᠳᠡᠯ ᠪᠠ | ᠦᠷᠢᠰᠦᠯᠳᠤᠭᠡᠨ ᠳᠤ ᠳᠤᠯᠭᠠᠷᠠᠬᠤ ᠳᠤ ᠪᠦᠬᠦ ᠳᠠᠶᠠᠭᠠᠷ ᠢᠶᠠᠨ ᠦᠪᠡᠷᠳᠡᠬᠡᠨ ᠵᠠᠰᠠᠬᠤ ᠤᠷᠤᠨ ᠤ ᠪᠤᠭᠤᠳᠤ | ᠬᠤᠳᠠ ᠶᠢᠨ ᠰᠢᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠡᠷᠡᠰ ᠳᠤᠤᠱᠯᠠᠭᠤᠯᠤᠨ ᠬᠡᠷᠡᠭᠵᠢᠬᠦᠯᠵᠦ᠂ ︽ | ᠵᠡᠷᠭᠡ ᠳᠡᠰ ᠢᠶᠠᠨ ᠦᠰᠬᠡᠨ ᠳᠡᠪᠰᠢᠬᠦᠯᠵᠦ᠂ ᠳᠡᠷᠢᠬᠦᠨ ᠤ ᠬᠢ ᠶᠢ ᠴᠢᠷᠮᠠᠶᠢᠨ ᠡᠬᠦᠳᠬᠦ︾ ᠶᠡᠷᠦᠩᠭᠡᠢ ᠬᠠᠷᠠᠯᠳᠠ ᠶᠢᠨ | ᠡᠷᠬᠢᠨ ᠳᠤ ᠦᠨᠠᠨᠴᠢ ᠰᠢᠷᠭᠠᠭᠤ ᠠᠵᠢᠯᠯᠠᠵᠦ᠂ ᠬᠦᠴᠢᠷ ᠢ ᠳᠤᠭᠤᠯᠤᠨ ᠪᠡᠷᠭᠡ ᠶᠢ ᠳᠠᠪᠠᠵᠦ᠂ ᠰᠢᠨ᠎ᠡ ᠶᠢ ᠡᠬᠦᠳᠴᠦ | ᠰᠢᠨ᠎ᠡ ᠳᠠᠪᠠᠯᠳᠠ ᠳᠤ ᠬᠦᠷᠴᠦ ᠳᠤᠭᠳᠠᠭᠤᠨ ᠪᠠᠶᠢᠬᠤ ᠶᠢᠨ ᠵᠡᠷᠭᠡ ᠳᠤ ᠤᠷᠤᠭᠰᠢᠯᠠᠵᠦ᠂ ᠳᠤᠭᠳᠠᠭᠤᠨ ᠤ ᠳᠤᠮᠳᠠ | ᠰᠠᠶᠢᠵᠢᠷᠠᠨ ᠬᠦᠭᠵᠢᠬᠦ ᠰᠠᠶᠢᠨ ᠰᠠᠶᠢᠬᠠᠨ ᠬᠦᠭᠵᠢᠯᠳᠠ ᠶᠢᠨ ᠬᠠᠨᠳᠤᠰᠢ ᠶᠢ ᠪᠠᠳᠤᠯᠠᠵᠦ᠂ ᠬᠦᠮᠦᠰ ᠢ | ᠵᠤᠷᠢᠭᠵᠢᠭᠤᠯᠤᠮ᠎ᠠ ᠰᠢᠨ᠎ᠡ ᠠᠮᠵᠢᠯᠳᠠ ᠪᠦᠳᠤᠮᠵᠢ ᠤᠯᠵᠠᠢ᠃ | ᠡᠨᠡ ᠵᠢᠯ ᠳᠤ᠂ ᠪᠦᠬᠦ ᠬᠦᠴᠦᠨ ᠢᠶᠠᠷ ᠢᠶᠠᠨ ᠳᠦᠰᠦᠪᠯᠡᠯ ᠢᠶᠠᠷ ᠪᠠᠶᠢᠯᠳᠤᠬᠤ ᠪᠤᠳᠤᠯᠭ᠎ᠠ ᠶᠢ ᠳᠠᠶᠢᠴᠢᠯᠠᠬᠤ ᠶᠢ | ᠬᠡᠷᠡᠭᠵᠢᠬᠦᠯᠵᠦ᠂ ︽ᠭᠤᠤᠯᠳᠠᠯᠭᠠᠳᠤ ᠳᠦᠰᠦᠪᠯᠡᠯ ᠢᠶᠠᠷ ᠬᠦᠭᠵᠢᠯᠳᠡ ᠶᠢ ᠠᠬᠢᠭᠤᠯᠬᠤ︾ ᠠᠵᠢᠯᠯᠠᠭ᠎ᠠ ᠶᠢ ᠬᠦᠨᠵᠡᠬᠡᠢ | ᠦᠷᠨᠢᠬᠦᠯᠵᠦ᠂ ᠬᠦᠭᠵᠢᠯᠳᠡ ᠶᠢᠨ ᠰᠡᠯᠬᠦᠬᠦ ᠬᠦᠴᠦᠨ ᠢ ᠳᠦᠷᠭᠡᠨ ᠴᠤᠭᠯᠠᠷᠠᠭᠤᠯᠪᠠ᠃ ᠰᠢᠶᠠᠨ ᠤ ᠱᠠᠳᠤᠨ ᠤ | ᠤᠳᠤᠷᠢᠳᠤᠯᠭ᠎ᠠ ᠶᠢᠨ ᠳᠠᠭᠠᠭᠠᠴᠢᠯᠠᠨ ᠬᠤᠯᠪᠤᠬᠤ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠵᠦ᠂ ᠳᠤᠮᠦ | ᠳ᠋ᠡᠶᠢᠲ᠋ᠠ ᠶᠢᠨ ᠠᠵᠦ ᠤᠶᠢᠯᠡᠰ᠂ ᠠᠶᠠᠯᠠᠯ ᠨᠡᠪᠳᠡᠷᠡᠬᠦ ᠨᠢᠰᠭᠡᠯ ᠤᠨ ᠪᠠᠭᠤᠳᠠᠯ ᠪᠤᠯᠤᠨ ᠨᠡᠬᠦᠷᠡᠰᠦ ᠮᠠᠯᠳᠠᠭᠰᠠᠨ ᠠᠴᠠ | ᠪᠤᠯᠵᠦ ᠳᠤᠭᠤᠭᠰᠢ ᠰᠠᠭᠤᠭᠰᠠᠨ ᠭᠠᠵᠠᠷ ᠲᠤ ᠭᠡᠷᠡᠯᠴᠢ ᠴᠡᠨᠡᠭ ᠤᠨ ᠳᠦᠰᠦᠪᠯᠡᠯ ᠵᠡᠷᠭᠡ ︽10 ᠭᠤᠤᠯᠳᠠᠯᠭᠠᠳᠤ | ᠠᠵᠢᠯ ᠤᠨ ᠳᠤᠰᠬᠠᠢ ᠳᠦᠯᠬᠢᠨ ᠠᠬᠢᠭᠤᠯᠬᠤ ᠳᠤᠭᠤᠶᠢᠯᠠᠩ︾ ﹇6﹈ ᠢ ᠪᠦᠳᠦᠭᠡᠨ ᠪᠠᠶᠢᠭᠤᠯᠵᠦ᠂ ᠡᠯ᠎ᠡ ᠵᠤᠶᠢᠯ ᠤᠨ | ᠭᠤᠤᠯᠳᠠᠯᠭ᠎ᠠ ᠲᠠᠢ ᠠᠵᠢᠯᠯᠠᠭ᠎ᠠ ᠪᠠ ᠳᠦᠰᠦᠪᠯᠡᠯ ᠤᠨ ᠪᠦᠳᠦᠭᠡᠨ ᠪᠠᠶᠢᠭᠤᠯᠤᠯᠳᠠ ᠶᠢ ᠪᠦᠬᠦ ᠬᠦᠴᠦᠨ ᠢᠶᠠᠷ ᠳᠦᠯᠬᠢᠨ | ᠠᠬᠢᠭᠤᠯᠪᠠ᠃ 26 ᠳ᠋ᠦᠩᠰᠢᠭᠤᠷ ᠳᠦᠭᠦᠷᠢᠭ ᠠᠴᠠ ᠳᠡᠭᠡᠭᠰᠢᠬᠢ ᠭᠤᠤᠯᠳᠠᠯᠭ᠎ᠠ ᠲᠠᠢ ᠳᠦᠰᠦᠪᠯᠡᠯ ᠢ ᠡᠬᠢᠯᠡᠬᠦᠯᠵᠦ᠂ | 13.3 ᠳ᠋ᠦᠩᠰᠢᠭᠤᠷ ᠳᠦᠭᠦᠷᠢᠭ ᠤᠨ ᠪᠡᠯᠡ ᠤᠷᠤᠭᠤᠯᠤᠭᠰᠠᠨ ᠪᠠᠶᠢᠨ᠎ᠠ᠃ ᠶᠡᠷᠦᠩᠭᠡᠢ ᠪᠡᠯᠡ ᠤᠷᠤᠭᠤᠯᠤᠯᠳᠠ ᠨᠢ 5. | 3 ᠳ᠋ᠦᠩᠰᠢᠭᠤᠷ ᠳᠦᠭᠦᠷᠢᠭ ᠤᠨ 30 ᠳᠦᠮᠡᠨ ᠳᠤᠯᠤᠭᠠᠢ ᠡᠸᠦ᠋ᠷᠦᠫᠡ ᠳᠢᠪ ᠤᠨ ᠤᠯᠤᠰ ᠤᠳ ᠤᠨ ᠬᠤᠯᠪᠤᠭ᠎ᠠ ᠶᠢᠨ | ᠪᠠᠷᠢᠮᠵᠢᠶᠠᠯᠠᠭᠰᠠᠨ ᠭᠠᠭ᠋ᠠᠢ ᠳᠡᠵᠢᠭᠡᠬᠦ ᠳᠦᠰᠤᠪ ᠢ ᠤᠷᠤᠭᠰᠢᠳᠠᠢ ᠠᠬᠢᠭᠤᠯᠵᠦ᠂ ᠬᠤᠸᠠ ᠦ ᠿᠧᠨ ᠵᠢᠶᠠᠨ | ᠶᠡᠷᠦᠩᠬᠡᠶᠢᠯᠡᠭᠰᠡᠨ ᠬᠦᠷᠢᠶᠡᠯᠡᠩ ᠤᠨ ᠳᠦᠰᠤᠪᠯᠡᠯ ᠨᠢ ᠨᠡᠶᠢᠳᠡ 6 ᠳ᠋ᠦᠩᠰᠢᠭᠤᠷ ᠳᠦᠭᠦᠷᠢᠭ ᠤᠨ ᠪᠡᠯᠡ | ᠤᠷᠤᠭᠤᠯᠤᠯᠳᠠ ᠶᠢ ᠪᠡᠶᠡᠯᠡᠬᠦᠯᠵᠦ᠂ 7 ᠰᠠᠷ᠎ᠠ ᠠᠴᠠ ᠡᠬᠢᠯᠡᠨ ᠡᠬᠦᠳᠡᠨ ᠨᠡᠭᠡᠭᠡᠵᠦ ᠵᠤᠴᠢᠨ ᠢᠶᠠᠨ ᠤᠭᠳᠤᠵᠦ 10 | ᠳᠦᠮᠡᠨ ᠵᠤᠭᠠᠴᠠᠭᠰᠠᠳ ᠢ ᠵᠤᠴᠢᠯᠠᠵᠦ᠂ ᠵᠢᠭᠤᠯᠴᠢᠯᠠᠯ ᠤᠨ ᠤᠷᠤᠯᠭ᠎ᠠ 300 ᠳᠦᠮᠡᠨ ᠳᠦᠬᠦᠷᠢᠭ ᠲᠤ ᠬᠦᠷᠴᠦ᠂ | ᠪᠤᠭᠤᠳᠤ ᠬᠤᠳᠠ ᠳᠡᠷᠡᠴᠢᠯᠡᠨ ᠦᠪᠡᠷᠳᠡᠬᠡᠨ ᠵᠠᠰᠠᠬᠤ ᠤᠷᠤᠨ ᠤ ᠰᠢᠨ᠎ᠡ ᠵᠢᠭᠤᠯᠴᠢᠯᠠᠯ ᠰᠠᠯᠡᠬᠦᠴᠡᠯ ᠤᠨ ᠤᠷᠤᠨ | ᠪᠤᠯᠪᠠ᠃ ᠶᠠ ᠰᠢᠨ ᠯᠦᠩ ᠱᠦᠨ 100 ᠳᠦᠮᠡᠨ ᠳᠤᠨ ᠤ ᠪᠠᠷᠢᠯᠭ᠎ᠠ ᠶᠢ ᠦᠷᠬᠦᠯᠵᠢᠯᠡᠨ 3 ᠳ᠋ᠦᠩᠰᠢᠭᠤᠷ | ᠳᠦᠭᠦᠷᠢᠭ ᠤᠨ ᠪᠡᠯᠡ ᠤᠷᠤᠭᠤᠯᠤᠨ ᠪᠡᠶᠡᠯᠡᠬᠦᠯᠵᠦ᠂ ᠠᠵᠦ ᠠᠬᠤᠶᠢᠯᠠᠯ ᠤᠨ ᠦᠷ᠎ᠡ ᠠᠰᠢᠭ ᠢᠯᠡᠳᠳᠡ ᠰᠠᠶᠢᠵᠢᠷᠠᠵᠦ᠂ | ᠠᠯᠳᠠᠭᠳᠠᠯ ᠠᠴᠠ ᠪᠠᠨ ᠤᠯᠵᠠᠪᠤᠷᠢ ᠲᠠᠢ ᠪᠤᠯᠵᠦ᠂ ᠡᠨᠡ ᠵᠢᠯ ᠤᠨ ᠭᠠᠶᠢᠯᠢ 1 ᠳ᠋ᠦᠩᠰᠢᠭᠤᠷ ᠳᠦᠭᠦᠷᠢᠭ ᠠᠴᠠ | ᠳᠠᠪᠠᠭ᠋ᠤ ᠪᠤᠯᠤᠮᠵᠢ ᠲᠠᠢ ᠪᠠᠶᠢᠨ᠎ᠠ᠃ ᠰᠢᠭᠤᠶᠢᠳᠤ ᠳᠤᠭᠤᠷᠢᠭ ᠤᠨ ᠨᠡᠶᠢᠳᠡ ᠤᠨ ᠬᠡᠷᠡᠭᠯᠡᠭᠡᠨ ᠤ ᠠᠭᠠᠷ ᠤᠨ | ᠠᠶᠠᠯᠠᠯ ᠤᠨ ᠨᠢᠰᠭᠡᠯ ᠤᠨ ᠪᠠᠭᠤᠳᠠᠯ ᠨᠢ ᠵᠢᠯ ᠤᠨ ᠳᠤᠳᠤᠷ᠎ᠠ 3 ᠳ᠋ᠦᠩᠰᠢᠭᠤᠷ ᠳᠦᠭᠦᠷᠢᠭ ᠤᠨ ᠪᠡᠯᠡ ᠤᠷᠤᠭᠤᠯᠤᠨ | ᠬᠦᠶᠦᠯᠳᠡ ᠶᠢᠨ ᠵᠠᠮ ᠢᠶᠠᠨ ᠨᠢᠭᠡᠨᠳᠡ ᠳᠡᠪᠢᠰᠴᠦ᠂ ᠠᠭᠠᠷ ᠤᠨ ᠠᠶᠠᠯᠠᠯ ᠤᠨ ᠦᠷᠳᠡᠬᠡᠨ ᠤ ᠠᠰᠠᠷ ᠢ ᠵᠠᠰᠠᠵᠦ | ᠴᠢᠮᠡᠭᠯᠡᠵᠦ ᠡᠬᠢᠯᠡᠪᠡ᠃ ᠨᠡᠬᠦᠷᠡᠰᠦ ᠮᠠᠯᠳᠠᠭᠰᠠᠨ ᠠᠴᠠ ᠪᠤᠯᠵᠦ ᠳᠤᠭᠤᠭᠰᠢ ᠰᠠᠭᠤᠭᠰᠠᠨ ᠭᠠᠵᠠᠷ ᠲᠤ ᠭᠡᠷᠡᠯ ᠴᠡᠨᠡᠭ | ᠳᠠᠭᠠᠭᠤᠯᠵᠦ ᠬᠡᠷᠡᠭᠯᠡᠬᠦ ᠰᠠᠭᠤᠷᠢᠨ ᠭᠠᠵᠠᠷ ᠢ ᠨᠦᠭᠡᠴᠡᠯᠡᠬᠦ ᠳᠦᠰᠦᠪᠯᠡᠯ ᠪᠡᠶᠡᠯᠡᠭᠳᠡᠵᠦ᠂ ᠤᠯᠤᠰ ᠤᠨ ᠴᠠᠬᠢᠯᠭᠠᠨ | ᠬᠦᠴᠦᠨ ᠵᠡᠷᠭᠡ ᠬᠡᠰᠡᠭ ᠠᠵᠦ ᠠᠬᠤᠶᠢᠯᠠᠯ ᠪᠠᠷᠢᠯᠭ᠎ᠠ ᠶᠢᠨ ᠠᠵᠢᠯ ᠳᠤ ᠤᠷᠤᠯᠴᠠᠵᠦ᠂ 1.58 ᠳ᠋ᠦᠩᠰᠢᠭᠤᠷ | ᠳᠦᠭᠦᠷᠢᠭ ᠤᠨ ᠪᠡᠯᠡ ᠤᠷᠤᠭᠤᠯᠤᠭᠰᠠᠨ ᠪᠠᠶᠢᠳᠠᠭ᠃ ︽ᠪᠤᠭᠤᠳᠤ ᠬᠤᠳᠠ ᠶᠢᠨ ᠳᠤᠮᠦ ᠳ᠋ᠠᠶᠢᠲ᠋ᠠ ᠶᠢᠨ ᠰᠢᠨ᠎ᠡ ᠶᠢ | ᠡᠬᠦᠳᠬᠦ ᠠᠵᠦ ᠤᠶᠢᠯᠡᠰ ᠤᠨ ᠬᠦᠷᠢᠶᠡᠯᠡᠩ ᠤᠨ ᠬᠦᠭᠵᠢᠯᠳᠡ ᠶᠢᠨ ᠳᠦᠯᠦᠪᠵᠢᠬᠦᠯᠭᠡ︾ ᠶᠢ ᠨᠠᠶᠢᠷᠠᠭᠤᠯᠤᠨ ᠵᠤᠬᠢᠶᠠᠵᠦ | 2.7 ᠳᠦᠮᠡᠨ ᠺᠦᠸᠠᠳ᠋ ᠮᠧᠲᠷ ᠤᠨ ᠪᠤᠭᠤᠳᠤ ᠬᠤᠳᠠ ᠶᠢᠨ ᠳᠤᠮᠤ ᠳ᠋ᠠᠶᠢᠲ᠋ᠠ ᠶᠢᠨ ᠤᠷᠤᠨ ᠨᠢ ᠳᠦᠪ | ᠠᠰᠢᠭᠯᠠᠯᠳᠠ ᠳᠤ ᠬᠡᠷᠡᠭᠯᠡᠭᠳᠡᠨ᠂ ᠵᠤᠷᠢᠭᠯᠠᠪᠠᠯ ᠵᠤᠷᠢᠭᠰᠠᠨ ᠳᠠᠭᠠᠨ ᠬᠦᠷᠬᠦ᠂ ᠵᠧᠵᠢᠶᠠᠩ ᠤᠨ ᠳ᠋ᠠ ᠬᠤᠸᠠ ᠵᠡᠷᠭᠡ ᠠᠵᠦ | ᠠᠬᠤᠶᠢᠯᠠᠯ ᠤᠷᠤᠯᠴᠠᠵᠦ᠂ ᠪᠤᠭᠤᠳᠤ ᠬᠤᠳᠠ ᠶᠢᠨ ᠳᠤᠤᠷ ᠰᠦᠯᠵᠢᠶ᠎ᠡ ᠪᠠ ᠮᠡᠳᠡᠯᠭᠡ ᠠᠮᠤᠷ ᠳᠦᠪᠰᠢᠨ ᠤ | ᠠᠺᠠᠳᠧᠮᠢᠴᠢ ᠶᠢᠨ ᠠᠵᠢᠯᠯᠠᠬᠤ ᠦᠷᠳᠡᠭᠡ ᠨᠢ ᠫᠠᠶᠢᠰᠠ ᠡᠯᠬᠦᠨ ᠪᠠᠶᠢᠭᠤᠯᠤᠭᠳᠠᠪᠠ᠃ ᠪᠡᠯᠡ ᠤᠷᠤᠭᠤᠯᠤᠯᠳᠠ ᠶᠢᠨ | ᠤᠷᠴᠢᠨ ᠨᠦᠬᠦᠴᠡᠯ ᠢ ᠰᠢᠯᠢᠳᠡᠭᠵᠢᠬᠦᠯᠵᠦ᠂ ᠠᠷᠠᠳ ᠠᠴᠠ ᠡᠵᠡᠩᠨᠡᠭᠰᠡᠨ ᠠᠵᠦ ᠠᠬᠤᠶᠢᠯᠠᠯ ᠤᠨ ᠶᠠᠷᠢᠯᠴᠠᠬᠤ | ᠬᠤᠷᠠᠯ ᠢ ᠬᠤᠷᠠᠯᠳᠤᠭᠤᠯᠵᠦ᠂ ᠠᠵᠦ ᠠᠬᠤᠶᠢᠯᠠᠯ ᠤᠨ ᠳᠤᠷᠠᠳᠤᠭᠰᠠᠨ ᠠᠰᠠᠭᠤᠳᠠᠯ ᠳᠤ ᠴᠢᠭᠯᠡᠬᠦᠯᠦᠨ᠂ ᠰᠢᠪᠡᠳᠡᠨ | ᠬᠢᠯᠭᠡᠬᠦ ᠳᠦᠷᠢᠮ ᠢ ᠪᠠᠶᠢᠭᠤᠯᠤᠨ ᠠᠰᠠᠭᠤᠳᠠᠯ ᠢ ᠦᠳᠳᠡᠷ ᠳᠦᠷᠭᠡᠨ ᠰᠢᠢᠳᠪᠤᠷᠢᠯᠡᠬᠦ ᠶᠢ ᠠᠬᠢᠭᠤᠯᠪᠠ᠃ | ᠠᠷᠠᠯᠵᠢᠶᠠᠴᠢᠨ ᠤᠷᠢᠵᠦ ᠪᠡᠯᠡ ᠤᠷᠤᠭᠤᠯᠬᠤ ᠡᠷᠴᠢᠮ ᠢᠶᠠᠨ ᠴᠢᠩᠭᠠᠷᠠᠭᠤᠯᠵᠦ᠂ ᠵᠢᠯ ᠳᠤ 21 ᠳᠦᠰᠦᠪᠯᠡᠯ ᠤᠨ ᠭᠡᠷ᠎ᠡ | ᠳᠤᠭᠳᠠᠭᠠᠵᠦ᠂ ᠬᠡᠯᠡᠯᠴᠡᠭᠡᠷ ᠤᠨ ᠪᠡᠯᠡ ᠤᠷᠤᠭᠤᠯᠤᠯᠳᠠ ᠨᠢ 105 ᠳ᠋ᠦᠩᠰᠢᠭᠤᠷ ᠳᠦᠭᠦᠷᠢᠭ ᠬᠦᠷᠴᠦ᠂ | ᠳᠠᠷᠠᠭᠠᠴᠢ ᠶᠢᠨ ᠠᠯᠬᠤᠮ ᠤᠨ ᠬᠦᠭᠵᠢᠯᠳᠡ ᠳᠤ ᠪᠠᠳᠤ ᠪᠠᠬᠢ ᠰᠠᠭᠤᠷᠢ ᠳᠠᠯᠪᠢᠪᠠ᠃ | ᠡᠨᠡ ᠵᠢᠯ ᠳᠤ ᠪᠢᠳᠡ ᠠᠮᠢ ᠠᠬᠤᠢ ᠶᠢᠨ ᠤᠷᠤᠨ ᠤ ᠪᠠᠶᠢᠯᠳᠤᠬᠤ ᠪᠤᠳᠤᠯᠭ᠎ᠠ ᠶᠢ ᠭᠤᠶᠢᠪᠢᠰᠢ ᠦᠭᠡᠢ | ᠪᠠᠷᠢᠮᠳᠠᠯᠠᠵᠦ᠂ ᠪᠤᠬᠢᠷᠳᠤᠯ ᠦᠭᠡᠢ ᠬᠦᠭᠵᠢᠯᠳᠡ ᠶᠢ ᠴᠢᠷᠮᠠᠶᠢᠨ ᠠᠬᠢᠭᠤᠯᠵᠦ᠂ ᠠᠮᠢ ᠠᠬᠤᠢ ᠶᠢᠨ ᠬᠦᠭᠡᠮᠳᠦᠭ ᠢ ᠤᠯᠠᠮ | ᠨᠢᠭᠡ ᠠᠯᠬᠤᠮ ᠪᠠᠬᠢᠵᠢᠬᠦᠯᠪᠡ᠃ 1.5 ᠳ᠋ᠦᠩᠰᠢᠭᠤᠷ ᠳᠦᠭᠦᠷᠢᠭ ᠤᠨ ᠪᠡᠯᠡ ᠤᠷᠤᠭᠤᠯᠤᠨ ᠳᠠᠯᠠᠨ ᠬᠠᠷ᠎ᠠ | ᠠᠭᠤᠯᠠᠨ ᠤ ᠡᠮᠦᠨ᠎ᠡ ᠪᠠᠯ ᠤᠨ ᠠᠮᠢ ᠠᠬᠤᠢ ᠶᠢ ᠵᠠᠰᠠᠨ ᠰᠡᠷᠭᠦᠭᠡᠵᠦ᠂ ᠪᠠᠶᠢᠭᠠᠯᠢᠯᠢᠭ ᠤᠢ ᠰᠢᠭᠤᠢ ᠶᠢ ᠬᠠᠮᠠᠭᠠᠯᠠᠨ᠂ | ᠪᠡᠭᠡᠵᠢᠭ ᠳᠢᠶᠠᠨᠵᠢᠨ ᠤ ᠰᠠᠯᠬᠢ ᠳᠤᠭᠤᠰᠤᠨ ᠤ ᠡᠬᠢ ᠶᠢ ᠵᠠᠰᠠᠬᠤ᠂ ᠳᠠᠷᠢᠶᠠᠯᠠᠬᠤ ᠶᠢ ᠵᠤᠭᠰᠤᠭᠠᠵᠦ ᠤᠢ ᠰᠢᠭᠤᠢ ᠶᠢ | ᠰᠡᠷᠭᠦᠭᠡᠬᠦ ᠵᠡᠷᠭᠡ ᠭᠤᠤᠯᠳᠠᠯᠭᠠᠳᠤ ᠤᠢ ᠰᠢᠭᠤᠢ ᠶᠢᠨ ᠢᠨᠵᠧᠨᠧᠷᠢᠩ ᠢ 4.5 ᠳᠦᠮᠡᠨ ᠮᠦ ᠪᠡᠶᠡᠯᠡᠬᠦᠯᠪᠡ᠃ | ᠰᠢᠭᠤᠶᠢᠳᠤ ᠰᠢᠨ᠎ᠡ ᠳᠤᠭᠤᠷᠢᠭ ᠤᠨ ᠭᠤᠤᠯ ᠳᠤᠭᠳᠠᠮᠠᠯ ᠵᠠᠮ ᠢ ᠬᠡᠷᠡᠭᠵᠢᠬᠦᠯᠵᠦ᠂ ᠪᠤᠭᠤᠳᠤ ᠠᠴᠠ ᠬᠦᠶᠠᠩ ᠰᠢᠶᠠᠨ | ᠬᠦᠷᠳᠡᠯᠡᠬᠢ ᠵᠠᠰᠠᠮᠠᠯ ᠵᠠᠮ ᠪᠤᠯᠤᠨ ᠵᠢᠭᠤᠯᠴᠢᠯᠠᠯ ᠤᠨ ᠵᠠᠰᠠᠮᠠᠯ ᠵᠠᠮ ᠳᠠᠭᠤ ᠶᠢᠨ ᠤᠷᠴᠢᠨ ᠳᠤᠭᠤᠷᠢᠨ ᠢ ᠴᠡᠭᠴᠡᠯᠡᠨ | ᠵᠠᠰᠠᠵᠦ᠂ ᠬᠤᠳᠠ ᠶᠢᠨ ᠪᠦᠬᠦᠯᠢ ᠴᠤᠭᠴᠠ ᠶᠢᠨ ᠰᠢᠨ᠎ᠡ ᠳᠡᠭᠡᠭᠰᠢᠯᠡᠯᠳᠡ ᠶᠢ ᠪᠡᠶᠡᠯᠡᠬᠦᠯᠪᠡ᠃ ᠠᠭᠤᠷᠬᠠᠢ ᠶᠢᠨ ᠠᠵᠦ | ᠠᠬᠤᠶᠢᠯᠠᠯ ᠢ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠦ᠂ ︽ᠬᠤᠶᠠᠷ ᠵᠦᠪᠳᠡᠬᠦ ᠦᠭᠡᠢ᠂ ᠬᠤᠶᠠᠷ | ᠭᠤᠤᠯᠳᠠᠯᠭ᠎ᠠ ᠪᠤᠯᠭᠠᠬᠤ᠂ ᠭᠤᠷᠪᠡᠨ ᠭᠠᠷ ᠤᠨ ᠦᠰᠦᠭ ᠵᠢᠷᠤᠬᠤ᠂ ᠬᠤᠶᠠᠷ ᠪᠡᠶᠡᠯᠡᠬᠦᠯᠬᠦ︾ ﹇7﹈ ᠠᠵᠢᠯ ᠤᠨ | ᠠᠷᠭ᠎ᠠ ᠬᠡᠮᠵᠢᠶ᠎ᠡ ᠪᠠ ᠱᠠᠭᠠᠷᠳᠠᠯᠭ᠎ᠠ ᠶᠢ ᠴᠢᠩᠭ᠎ᠠ ᠵᠢᠷᠤᠮᠯᠡᠨ᠂ ᠳᠠᠯᠠᠨ ᠬᠠᠷ᠎ᠠ ᠠᠭᠤᠯᠠᠨ ᠤ ᠤᠯᠤᠰ ᠤᠨ ᠳᠡᠰ ᠤᠨ | ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ ᠬᠡᠪᠴᠢᠶᠡᠨ ᠳᠤᠳᠤᠷ᠎ᠠ 39 ᠡᠷᠦᠭᠡ ᠤᠶᠢᠯᠡᠳᠪᠤᠷᠢ ᠠᠭᠤᠷᠬᠠᠢ ᠶᠢᠨ ᠠᠵᠦ | ᠠᠬᠤᠶᠢᠯᠠᠯ ᠪᠠ ᠳᠠᠯᠠᠨ ᠬᠠᠷ᠎ᠠ ᠠᠭᠤᠯᠠᠨ ᠤ ᠡᠮᠤᠨ᠎ᠡ ᠪᠠᠯ ᠤᠨ 36 ᠬᠠᠶᠢᠷ ᠴᠢᠯᠠᠭᠤ ᠭᠠᠷᠭᠠᠬᠤ ᠠᠵᠦ ᠠᠬᠤᠶᠢᠯᠠᠯ ᠤᠨ | ᠢᠯᠭᠠᠷᠠᠭᠤᠯᠤᠨ ᠳᠢᠭᠯᠡᠬᠦ ᠠᠵᠢᠯ ᠢ ᠪᠦᠬᠦ ᠬᠤᠳᠠ ᠶᠢᠨ ᠡᠩ ᠳᠡᠷᠢᠬᠦᠨ ᠳᠤ ᠪᠡᠶᠡᠯᠡᠬᠦᠯᠵᠡᠢ᠃ ᠳᠠᠯᠳᠠᠭᠤᠷ | ᠬᠤᠯᠠᠭᠠᠶᠢᠯᠠᠨ ᠮᠠᠯᠳᠠᠬᠤ᠂ ᠲᠤᠷ᠎ᠠ ᠪᠠᠷ ᠮᠠᠯᠳᠠᠬᠤ ᠤᠶᠢᠯᠡ ᠠᠵᠢᠯᠯᠠᠭ᠎ᠠ ᠳᠤ ᠦᠴᠦᠬᠡᠨ ᠴᠦ ᠦᠯᠦ ᠬᠦᠯᠢᠴᠡᠬᠦ | ᠤᠪᠤᠷ ᠢᠶᠠᠷ ᠬᠠᠤᠯᠢ ᠶᠤᠰᠤᠭᠠᠷ ᠡᠷᠡᠰ ᠴᠤᠬᠢᠯᠳᠠ ᠦᠭᠪᠡ᠃ ᠪᠤᠬᠢᠷᠳᠤᠯ ᠤᠨ ᠡᠬᠢ ᠶᠢᠨ ᠵᠠᠰᠠᠯᠳᠠ ᠶᠢ | ᠴᠢᠩᠭᠠᠳᠬᠠᠵᠦ᠂ ᠶᠠ ᠰᠢᠨ ᠯᠦᠩ ᠱᠦᠨ ᠵᠡᠷᠭᠡ 9 ᠠᠵᠦ ᠠᠬᠤᠶᠢᠯᠠᠯ ᠤᠷᠴᠢᠨ ᠳᠤᠭᠤᠷᠢᠨ ᠤ ᠬᠠᠮᠠᠭᠠᠯᠠᠯᠳᠠ ᠶᠢᠨ | ᠪᠠᠷᠢᠮᠵᠢᠶ᠎ᠡ ᠳᠤ ᠬᠦᠷᠬᠦ ᠦᠭᠡᠷᠡᠴᠢᠯᠡᠯᠳᠡ ᠶᠢ ᠪᠡᠶᠡᠯᠡᠬᠦᠯᠵᠦ᠂ ᠪᠠᠳᠺᠠᠷ ᠰᠦᠮ᠎ᠡ ᠦᠵᠡᠮᠵᠢ ᠶᠢᠨ ᠤᠷᠤᠨ ᠤ ᠠᠭᠠᠷ ᠤᠨ | ᠶᠠᠰᠤ ᠴᠢᠨᠠᠷ ᠤᠨ ᠠᠦ᠋ᠲ᠋ᠤ᠋ ᠬᠢᠨᠠᠨ ᠬᠡᠮᠵᠢᠬᠦ ᠦᠷᠳᠡᠭᠡ ᠶᠢ ᠪᠠᠶᠢᠭᠤᠯᠵᠦ᠂ ᠤᠷᠴᠢᠨ ᠳᠤᠭᠤᠷᠢᠨ ᠤ ᠶᠠᠰᠤ ᠴᠢᠨᠠᠷ ᠢ | ᠤᠯᠠᠮ ᠨᠢᠭᠡ ᠠᠯᠬᠤᠮ ᠰᠠᠶᠢᠵᠢᠷᠠᠭᠤᠯᠪᠠ᠃ ᠳᠦᠪ ᠤᠨ ᠤᠷᠴᠢᠨ ᠠᠬᠤᠢ ᠶᠢᠨ ᠬᠠᠮᠠᠭᠠᠯᠠᠯᠳᠠ ᠶᠢᠨ ᠰᠢᠪᠠᠳᠡᠨ | ᠪᠠᠶᠢᠴᠠᠭᠠᠬᠤ ᠳᠤᠭᠤᠶᠢᠯᠠᠩ ᠤᠨ ᠬᠠᠷᠢᠭᠤ ᠳᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ | ᠨᠠᠶᠢᠳᠠᠪᠤᠷᠢᠵᠢᠭᠤᠯᠵᠦ᠂ 4500 ᠳᠦᠮᠡᠨ ᠳᠦᠬᠦᠷᠢᠭ ᠤᠨ ᠪᠡᠯᠡ ᠤᠷᠤᠭᠤᠯᠤᠨ ᠬᠠᠳᠠᠭᠤ ᠪᠡᠶᠡᠳᠤ ᠬᠠᠶᠠᠭᠳᠠᠮᠠᠯ | ᠪᠤᠳᠠᠰ ᠢ ᠶᠡᠷᠦᠩᠭᠡᠶᠢᠯᠡᠨ ᠵᠠᠰᠠᠬᠤ ᠢᠨᠵᠧᠨᠧᠷᠢᠩ ᠢ ᠵᠢᠯ ᠤᠨ ᠰᠡᠬᠦᠯᠴᠢ ᠳᠤ ᠦᠨᠳᠤᠰᠦᠨ ᠳᠤ ᠪᠠᠨ ᠪᠡᠶᠡᠯᠡᠬᠦᠯᠦᠨ᠎ᠡ᠃ | ᠠᠮᠢᠳᠠᠨ ᠵᠢᠬᠦᠷᠳᠡᠨ ᠳᠡᠵᠢᠭᠡᠬᠦ ᠶᠢ ᠴᠠᠭᠠᠵᠠᠯᠠᠬᠤ ᠤᠷᠤᠨ ᠢ ᠰᠢᠨᠵᠢᠯᠡᠬᠦ ᠤᠬᠠᠭᠠᠨᠴᠢ ᠪᠠᠷ ᠵᠠᠭᠠᠭᠯᠠᠨ ᠳᠤᠭᠳᠠᠭᠠᠪᠠ᠃ | ᠭᠤᠤᠯ ᠮᠦᠷᠡᠨ ᠤ ᠬᠠᠮᠠᠭᠠᠯᠠᠯᠳᠠ ᠶᠢᠨ ᠳᠦᠷᠢᠮ ᠢ ᠪᠦᠬᠦ ᠳᠠᠯ᠎ᠠ ᠪᠠᠷ ᠬᠡᠷᠡᠭᠵᠢᠬᠦᠯᠦᠨ᠂ 4 ᠤᠷᠤᠨ ᠤ ᠳᠡᠰ ᠤᠨ | ᠭᠤᠤᠯ ᠪᠤᠯᠤᠨ 38 ᠰᠢᠶᠠᠩ ᠪᠠᠯᠭᠠᠰᠤᠨ ᠤ ᠱᠠᠳᠤᠨ ᠤ ᠭᠤᠤᠯ ᠳᠤ ᠬᠠᠮᠢᠶᠠᠷᠤᠯᠳᠠ ᠶᠢᠨ ᠳᠠᠷᠤᠭ᠎ᠠ ᠶᠢ ᠳᠤᠮᠢᠯᠠᠵᠦ | ᠤᠰᠤᠨ ᠤ ᠡᠬᠢ ᠪᠠᠶᠠᠯᠢᠭ ᠠᠮᠢ ᠠᠬᠤᠢ ᠶᠢᠨ ᠬᠠᠮᠠᠭᠠᠯᠠᠯᠳᠠ ᠶᠢ ᠦᠨᠡᠨ ᠬᠦ ᠴᠢᠩᠭᠠᠳᠬᠠᠪᠠ᠃ | ᠡᠨᠡ ᠵᠢᠯ ᠳᠤ ᠪᠢᠳᠡ ᠪᠦᠬᠦᠳᠡᠭᠡᠷ ᠢᠶᠠᠷ ᠢᠶᠠᠨ ᠬᠦᠴᠦᠯᠡᠨ ᠴᠢᠷᠮᠠᠶᠢᠵᠦ ᠪᠠᠶᠢᠭᠠᠳ ᠪᠠᠳᠺᠠᠷ ᠰᠦᠮ᠎ᠡ ᠶᠢᠨ | 5A ᠳᠠᠰ ᠤᠨ ᠵᠢᠭᠤᠯᠴᠢᠯᠠᠯ ᠤᠨ ᠦᠵᠡᠮᠵᠢ ᠶᠢᠨ ᠤᠷᠤᠨ ᠢ ᠡᠬᠦᠳᠤᠨ ᠪᠠᠶᠢᠭᠤᠯᠵᠦ᠂ ᠨᠡᠷᠡᠳᠤ ᠵᠢᠭᠤᠯᠴᠢᠯᠠᠯ ᠤᠨ | ᠵᠤᠷᠢᠭᠰᠠᠨ ᠭᠠᠵᠠᠷ ᠤᠨ ᠪᠦᠳᠦᠭᠡᠨ ᠪᠠᠶᠢᠭᠤᠯᠤᠯᠳᠠ ᠶᠢ ᠦᠷᠭᠡᠵᠢᠬᠦᠯᠦᠨ᠂ ᠦᠵᠡᠮᠵᠢ ᠶᠢᠨ ᠤᠷᠤᠨ ᠢ ᠪᠦᠳᠦᠭᠡᠨ | ᠪᠠᠶᠢᠭᠤᠯᠬᠤ ᠠᠵᠢᠯ ᠰᠢᠨ᠎ᠡ ᠦᠷ᠎ᠡ ᠪᠦᠳᠦᠭᠡᠯ ᠤᠯᠪᠠ᠃ 3.5 ᠳ᠋ᠦᠩᠰᠢᠭᠤᠷ ᠳᠦᠭᠦᠷᠢᠭ ᠤᠨ ᠪᠡᠯᠡ ᠤᠷᠤᠭᠤᠯᠤᠨ᠂ | ᠪᠠᠳᠺᠠᠷ ᠰᠦᠮ᠎ᠡ ᠦᠵᠡᠮᠵᠢ ᠶᠢᠨ ᠳᠤᠳᠤᠭᠠᠳᠤ ᠴᠠᠭᠠᠷᠢᠭ ᠤᠨ ᠵᠠᠮ᠂ ᠵᠤᠭᠠᠴᠠᠭᠰᠠᠳ ᠲᠤ ᠤᠶᠢᠯᠡᠴᠢᠯᠡᠬᠦ ᠲᠦᠪ᠂ | ᠭᠠᠯ ᠤᠨᠳᠠᠷᠠᠭᠠᠬᠤ ᠦᠷᠳᠡᠭᠡ ᠵᠡᠷᠭᠡ ᠤᠶᠢᠯᠡᠴᠢᠯᠡᠭᠡᠨ ᠤ ᠰᠠᠭᠤᠷᠢ ᠳᠦᠭᠦᠷᠦᠮᠵᠢ ᠶᠢᠨ ᠪᠦᠳᠦᠭᠡᠨ ᠪᠠᠶᠢᠭᠤᠯᠤᠯᠳᠠ᠂ | ᠡᠷᠡᠬᠦᠯ ᠡᠩᠭᠡ ᠶᠢᠨ ᠳᠠᠭᠠᠳᠬᠠᠯ ᠤᠨ ᠠᠭᠤᠳᠠᠮ ᠳᠠᠯᠠᠪᠠᠢ᠂ ᠳ᠋ᠢᠰᠢᠨ ᠯᠢᠩᠬᠸ᠎ᠠ ᠶᠢᠨ ᠨᠠᠭᠤᠷ ᠵᠡᠷᠭᠡ ᠦᠵᠡᠮᠵᠢ ᠶᠢ | ᠪᠦᠳᠦᠭᠡᠨ ᠪᠠᠶᠢᠭᠤᠯᠵᠦ᠂ ᠵᠢᠭᠤᠯᠴᠢᠯᠠᠯ ᠤᠨ ᠭᠠᠵᠠᠷ ᠨᠢ ᠤᠯᠠᠮ ᠳᠡᠬᠦᠯᠳᠡᠷᠵᠢᠵᠦ᠂ ᠦᠵᠡᠮᠵᠢ ᠶᠢᠨ ᠤᠷᠤᠨ ᠤ | ᠤᠷᠴᠢᠨ ᠠᠬᠤᠢ ᠶᠢᠨ ᠶᠠᠰᠤ ᠴᠢᠨᠠᠷ᠂ ᠵᠤᠭᠠᠴᠠᠭᠰᠠᠳ ᠢ ᠬᠦᠯᠢᠶᠡᠨ ᠠᠪᠬᠤ ᠴᠢᠳᠠᠪᠤᠷᠢ ᠵᠡᠷᠭᠡ ᠨᠢ ᠮᠡᠳᠡᠭᠳᠡᠬᠦᠶᠢᠴᠡ | ᠳᠡᠭᠡᠭᠰᠢᠯᠡᠨ᠂ ᠦᠪᠡᠷᠳᠡᠭᠡᠨ ᠵᠠᠰᠠᠬᠤ ᠤᠷᠤᠨ ᠤ ᠵᠤᠭᠠᠴᠠᠯ ᠤᠨ ᠬᠦᠭᠵᠢᠬᠦᠯᠦᠯᠳᠡ ᠶᠢᠨ ᠵᠦᠪᠯᠡᠯ ᠤᠨ ᠳᠤᠰᠬᠠᠢ | ᠮᠡᠷᠭᠡᠵᠢᠯᠳᠡᠨ ᠤ ᠳᠤᠭᠤᠶᠢᠯᠠᠩ ᠤᠨ ᠪᠤᠭᠤᠮᠳᠠ ᠶᠢ ᠤᠷᠤᠭᠰᠢᠳᠠᠢ ᠦᠩᠭᠡᠷᠡᠵᠦ᠂ ᠤᠯᠤᠰ ᠤᠨ 5A ᠳᠠᠰ ᠤᠨ | ᠵᠢᠭᠤᠯᠴᠢᠯᠠᠯ ᠤᠨ ᠦᠵᠡᠮᠵᠢ ᠶᠢᠨ ᠤᠷᠤᠨ ᠤ ᠰᠢᠯᠭᠠᠨ ᠠᠪᠬᠤ ᠨᠦᠬᠦᠴᠡᠯ ᠢ ᠪᠦᠷᠢᠯᠳᠤᠬᠦᠯᠵᠦ ᠦᠨᠦ ᠵᠢᠯ ᠳᠤ ᠫᠠᠶᠢᠰᠠ | ᠭᠠᠷᠳᠠᠬᠤ ᠪᠠᠷ ᠴᠢᠷᠮᠠᠶᠢᠨ ᠳᠡᠮᠡᠴᠡᠵᠦ ᠪᠠᠶᠢᠨ᠎ᠠ᠃ ︽ᠰᠢᠭᠤᠶᠢᠳᠤ ᠳᠤᠭᠤᠷᠢᠭ ᠤᠨ ᠵᠢᠭᠤᠯᠴᠢᠯᠠᠯ ᠤᠨ ᠪᠦᠬᠦᠯᠢ | ᠴᠤᠭᠴᠠ ᠶᠢᠨ ᠳᠦᠯᠦᠪᠵᠢᠬᠦᠯᠭᠡ︾ ᠶᠢ ᠦᠨᠳᠤᠷ ᠪᠠᠷᠢᠮᠵᠢᠶ᠎ᠠ ᠪᠠᠷ ᠨᠠᠶᠢᠷᠠᠭᠤᠯᠤᠨ ︽ᠨᠢᠭᠡ ᠭᠤᠤᠯᠳᠠᠯᠭ᠎ᠠ᠂ ᠭᠤᠷᠪᠡᠨ | ᠳᠤᠭᠤᠷᠢᠭ᠂ ᠳᠦᠷᠪᠡᠨ ᠱᠣᠭᠤᠮ︾ ﹇8﹈ ᠤᠨ ᠵᠢᠭᠤᠯᠴᠢᠯᠠᠯ ᠤᠨ ᠠᠵᠦ ᠤᠶᠢᠯᠡᠰ ᠤᠨ ᠬᠦᠭᠵᠢᠯᠳᠡ ᠶᠢᠨ | ᠪᠠᠶᠢᠷᠢᠯᠠᠯ ᠢ ᠪᠠᠶᠢᠭᠤᠯᠪᠠ᠃ ᠯᠠᠮᠠ ᠭᠤᠤᠯ ᠤᠨ ᠠᠮᠢ ᠠᠬᠤᠢ ᠶᠢᠨ ᠦᠵᠡᠮᠵᠢ ᠪᠤᠯᠤᠨ ᠳᠤᠮᠳᠠᠳᠤ ᠤᠯᠤᠰ ᠤᠨ | ᠰᠢᠨᠵᠢᠯᠡᠬᠦ ᠤᠬᠠᠭᠠᠨ ᠤ ᠬᠦᠷᠢᠶᠡᠯᠡᠩ ᠤᠨ ᠤᠷᠴᠢᠨ ᠳᠤᠭᠤᠷᠢᠨ ᠢ ᠵᠠᠰᠠᠨ ᠰᠡᠷᠬᠦᠭᠡᠬᠦ ᠴᠡᠴᠡᠭ ᠡᠪᠡᠰᠦᠨ ᠤ ᠵᠢᠱᠢᠶ᠎ᠡ | ᠦᠵᠡᠬᠦᠯᠬᠦ ᠰᠠᠭᠤᠷᠢᠨ ᠭᠠᠵᠠᠷ ᠵᠡᠷᠭᠡ ᠦᠵᠡᠮᠵᠢ ᠶᠢᠨ ᠤᠷᠤᠨ ᠤ ᠪᠦᠳᠦᠭᠡᠨ ᠪᠠᠶᠢᠭᠤᠯᠤᠯᠳᠠ ᠶᠢ ᠪᠦᠬᠦ | ᠬᠦᠴᠦᠨ ᠢᠶᠠᠷ ᠢᠶᠠᠨ ᠠᠬᠢᠭᠤᠯᠪᠠ᠃ | ᠡᠨᠡ ᠵᠢᠯ ᠳᠤ ᠪᠢᠳᠡ ᠠᠷᠠᠳ ᠤᠨ ᠠᠮᠢᠳᠤᠷᠠᠯ ᠤᠨ ᠵᠠᠷᠤᠯᠭ᠎ᠠ ᠶᠢ ᠦᠷᠬᠦᠯᠵᠢᠯᠡᠨ ᠨᠡᠮᠡᠭᠳᠡᠬᠦᠯᠵᠦ᠂ | ᠪᠠᠳᠤᠯᠠᠭ᠎ᠠ ᠶᠢᠨ ᠴᠢᠳᠠᠪᠤᠷᠢ ᠪᠠ ᠤᠶᠢᠯᠡᠴᠢᠯᠡᠭᠡᠨ ᠤ ᠬᠢᠷᠢ ᠬᠡᠮᠵᠢᠶ᠎ᠡ ᠶᠢ ᠳᠠᠰᠤᠷᠠᠯᠳᠠ ᠦᠭᠡᠢ | ᠳᠡᠭᠡᠭᠰᠢᠯᠡᠬᠦᠯᠦᠭᠰᠡᠨ ᠠᠴᠠ ᠠᠷᠠᠳ ᠳᠦᠮᠡᠨ ᠤ ᠠᠮᠢᠳᠤᠷᠠᠯ ᠤᠨ ᠬᠢᠷᠢ ᠬᠡᠮᠵᠢᠶ᠎ᠡ ᠤᠯᠠᠮ ᠪᠦᠳᠦᠮᠵᠢᠳᠠᠢ ᠰᠠᠶᠢᠵᠢᠷᠠᠪᠠ᠃ | ︽ᠵᠢᠷᠭᠤᠭᠠᠨ ᠤᠨᠢᠨ ᠳᠡᠭᠡᠷ᠎ᠡ᠂ ᠳᠡᠪᠤᠨ ᠵᠦᠪᠰᠢᠶᠡᠷᠡᠬᠦ︾ ﹇9﹈ ᠱᠠᠭᠠᠷᠳᠠᠯᠭ᠎ᠠ ᠶᠤᠰᠤᠭᠠᠷ᠂ ᠤᠨᠤᠪᠴᠢᠳᠠᠢ ᠪᠠᠷ | ᠶᠠᠳᠠᠭᠤ ᠶᠢ ᠳᠡᠳᠬᠦᠬᠦ ᠡᠯ᠎ᠠ ᠵᠤᠶᠢᠯ ᠤᠨ ᠳᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠨᠢᠭᠡᠳᠤᠯᠳᠡᠢ | ᠳᠦᠯᠦᠪᠵᠢᠬᠦᠯᠦᠨ ᠠᠬᠢᠭᠤᠯᠵᠦ᠂ 55 ᠡᠷᠤᠭᠡ 115 ᠨᠡᠷᠡᠰ ᠬᠦᠮᠦᠰ ᠢ ᠳᠡᠰ ᠤᠨ ᠳᠡᠩᠰᠠ ᠡᠪᠬᠡᠮᠡᠯ ᠪᠠᠶᠢᠭᠤᠯᠤᠨ | ᠺᠠᠷᠲ ᠵᠤᠬᠢᠶᠠᠭᠰᠠᠨ ᠶᠠᠳᠠᠭᠤ ᠬᠦᠴᠢᠷᠳᠡᠯᠳᠠᠢ ᠡᠷᠦᠭᠡ ᠶᠢ ᠤᠨᠳᠤᠤ ᠭᠠᠵᠠᠷ ᠲᠤ ᠨᠡᠬᠦᠯᠭᠡᠬᠦ ᠠᠵᠢᠯᠯᠠᠭ᠎ᠠ ᠨᠢ | ᠤᠯᠤᠰ ᠤᠨ ᠬᠢᠨᠠᠨ ᠰᠢᠯᠭᠠᠬᠤ ᠳᠤᠭᠤᠶᠢᠯᠠᠩ ᠤᠨ ᠰᠢᠯᠭᠠᠯᠳᠠ ᠶᠢ ᠤᠷᠤᠭᠰᠢᠳᠠᠢ ᠳᠠᠪᠠᠭᠰᠠᠨ ᠪᠠᠶᠢᠨ᠎ᠠ᠃ | ᠳᠤᠭᠤᠷᠢᠭ ᠤᠨ 500 ᠭᠠᠷᠦᠢ ᠺᠠᠳᠠᠷ ᠭᠠᠴᠠᠭ᠎ᠠ ᠳᠤᠰᠬᠤᠨ ᠠᠶᠢᠯ ᠡᠷᠤᠭᠡ ᠳᠤ ᠳᠠᠶᠢᠴᠢᠯᠡᠨ ᠤᠷᠤᠯᠴᠠᠵᠦ᠂ | 2017 ᠤᠨ ᠳᠤ ᠶᠠᠳᠠᠭᠤ ᠬᠦᠴᠢᠷᠳᠡᠯᠳᠡᠢ ᠳᠡᠳᠬᠦᠬᠦᠯᠬᠦ ᠡᠳᠡᠭᠡᠳ ᠤᠨ ᠬᠦᠳᠡᠯᠦᠩᠬᠦᠢ ᠬᠠᠮᠢᠶᠠᠷᠤᠯᠳᠠ ᠶᠢᠨ ᠠᠵᠢᠯ | ᠳᠡᠬᠦᠰ ᠠᠮᠵᠢᠯᠳᠠᠢ ᠪᠡᠶᠡᠯᠡᠭᠳᠡᠪᠡ᠃ ᠠᠷᠠᠳ ᠲᠦᠮᠡᠨ ᠤ ᠰᠡᠳᠬᠢᠯ ᠬᠠᠨᠤᠮᠵᠢᠳᠠᠢ ᠰᠤᠷᠭᠠᠨ ᠬᠦᠮᠦᠵᠢᠯ ᠢ ᠰᠠᠶᠢᠳᠤᠷ | ᠡᠷᠬᠢᠯᠡᠨ᠂ ᠳᠡᠭᠡᠳᠤ ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠳᠠ ᠶᠢᠨ ᠬᠢᠷᠢ ᠪᠦᠳᠦᠮᠵᠢ ᠶᠢᠨ ᠰᠢᠨ᠎ᠡ | ᠰᠢᠪᠳᠤᠯᠤᠯᠳᠠ ᠶᠢ ᠪᠡᠶᠡᠯᠡᠬᠦᠯᠵᠦ᠂ ᠪᠤᠭᠤᠳᠤ ᠬᠤᠳᠠ ᠶᠢᠨ ᠠᠷᠪᠡᠨ ᠳᠠᠪᠤᠳᠤᠭᠠᠷ ᠳᠤᠮᠳᠠᠳᠤ ᠰᠤᠷᠭᠠᠭᠤᠯᠢ ᠶᠢᠨ | ᠵᠢᠶᠠᠩ ᠢᠤᠢ ᠹᠠᠨ ᠪᠤᠭᠤᠳᠤ ᠬᠤᠳᠠ ᠶᠢᠨ ᠪᠡᠶ᠎ᠡ ᠳᠠᠮᠢᠷ ᠤᠨ ᠬᠢᠴᠢᠶᠡᠯ ᠳᠦᠷᠦᠯ ᠤᠨ ᠨᠢᠭᠡᠳᠤᠭᠡᠷ ᠬᠢᠷᠢ | ᠪᠦᠳᠦᠮᠵᠢ ᠪᠠᠷ ᠪᠡᠭᠡᠵᠢᠩ ᠤᠨ ᠳᠠᠮᠢᠷ ᠤᠨ ᠶᠡᠭᠡ ᠰᠤᠷᠭᠠᠭᠤᠯᠢ ᠳᠤ ᠡᠯᠰᠡᠭᠳᠡᠪᠡ᠃ 1 ᠳ᠋ᠦᠩᠰᠢᠭᠤᠷ ᠳᠦᠬᠦᠷᠢᠭ ᠤᠨ | ᠪᠡᠯᠡ ᠤᠷᠤᠭᠤᠯᠤᠭᠰᠠᠨ ᠰᠢᠭᠤᠶᠢᠳᠤ ᠰᠢᠨ᠎ᠡ ᠳᠤᠭᠤᠷᠢᠭ ᠤᠨ ᠢᠯᠴᠢ ᠶᠢᠨ ᠬᠦᠴᠦᠨ ᠤ ᠬᠤᠭᠤᠯᠠᠢ ᠶᠢᠨ ᠳᠤᠤᠷ ᠤᠨ | ᠬᠤᠶᠠᠳᠤᠭᠠᠷ ᠬᠤᠭᠤᠴᠠᠭᠠᠨ ᠤ ᠢᠨᠵᠧᠨᠧᠷᠢᠩ ᠢ ᠳᠦᠷᠭᠡᠨ ᠠᠬᠢᠭᠤᠯᠵᠦ᠂ ᠰᠢᠨ᠎ᠡ ᠪᠠᠷ ᠨᠡᠮᠡᠭᠳᠡᠭᠰᠡᠨ ᠢᠯᠴᠢ | ᠬᠠᠩᠭᠠᠬᠤ ᠳᠠᠯᠠᠪᠠᠢ ᠨᠢ 100 ᠳᠦᠮᠡᠨ ᠺᠦᠸᠠᠳ᠋ ᠮᠧᠲᠷ ᠪᠠᠶᠢᠵᠦ᠂ 7000 ᠭᠠᠷᠦᠢ ᠡᠷᠦᠭᠡ ᠶᠢᠨ ᠰᠠᠭᠤᠭᠠᠯᠢ | ᠠᠷᠠᠳ ᠠᠰᠢᠭ ᠬᠦᠷᠳᠡᠭᠰᠡᠨ ᠪᠠᠶᠢᠨ᠎ᠠ᠃ ᠡᠳ᠋ ᠤᠨ ᠵᠠᠰᠠᠭ ᠤᠨ ᠤᠷᠤᠯᠭ᠎ᠠ ᠶᠢ ᠨᠡᠮᠡᠭᠳᠡᠬᠦᠯᠬᠦ ᠬᠦᠴᠢᠷᠳᠡᠯ ᠶᠡᠭᠡᠰᠴᠦ᠂ | ᠬᠠᠳᠠᠨ ᠴᠢᠨᠠᠷ ᠲᠠᠢ ᠵᠠᠷᠤᠯᠭ᠎ᠠ ᠨᠡᠮᠡᠭᠳᠡᠭᠰᠡᠨ ᠪᠠᠶᠢᠳᠠᠯ ᠳᠤᠤᠷ᠎ᠠ᠂ ᠬᠦᠴᠢᠷ ᠪᠡᠷᠭᠡᠰᠢᠶᠡᠯ ᠢ ᠢᠯᠠᠨ ᠳᠠᠪᠠᠵᠦ᠂ 4354 | ᠳᠦᠮᠡᠨ ᠳᠦᠭᠦᠷᠢᠭ ᠤᠨ ᠡᠳ᠋ ᠤᠨ ᠵᠠᠰᠠᠭ ᠤᠨ ᠨᠦᠬᠦᠪᠤᠷᠢ ᠪᠡᠯᠡ ᠮᠦᠩᠬᠦ ᠶᠢ ᠨᠠᠶᠢᠳᠠᠪᠤᠷᠢᠵᠢᠭᠤᠯᠵᠦ᠂ 856 | ᠬᠦᠮᠦᠨ ᠳᠤ ᠭᠠᠵᠠᠷ ᠰᠢᠷᠦᠢ ᠪᠠᠨ ᠳᠠᠳᠠᠪᠤᠷᠢᠯᠠᠭᠳᠠᠭᠰᠠᠨ ᠳᠠᠷᠢᠶᠠᠴᠢᠨ ᠤ ᠨᠠᠰᠤᠵᠢᠯ ᠤᠨ ᠠᠰᠠᠷᠠᠮᠵᠢ ᠶᠢᠨ | ᠳᠠᠭᠠᠳᠬᠠᠯ ᠤᠨ ᠮᠦᠩᠬᠦ ᠳᠤᠰᠢᠶᠠᠪᠠ᠃ ᠤᠯᠠᠨ ᠳᠦᠮᠡᠨ ᠤ ᠬᠦᠰᠡᠯ ᠱᠠᠭᠠᠷᠳᠠᠯᠭ᠎ᠠ ᠪᠠᠨ ᠳᠤᠭᠠᠴᠢᠬᠤ ᠠᠷᠭ᠎ᠠ ᠵᠠᠮ ᠢ | ᠦᠷᠭᠡᠳᠭᠡᠵᠦ᠂ ᠡᠨᠡ ᠵᠢᠯ ᠤᠨ 10 ᠰᠠᠷ᠎ᠠ ᠶᠢᠨ 31 ᠤ ᠡᠳᠤᠷ ᠡᠬᠢᠯᠡᠨ ᠵᠠᠰᠠᠭ ᠤᠨ ᠤᠷᠳᠤᠨ ᠤ ᠳᠠᠷᠤᠭ᠎ᠠ ᠶᠢᠨ | ᠭᠠᠷ ᠤᠳᠠᠰᠤᠨ ᠤ ᠠᠷᠠᠳ ᠤᠨ ᠠᠮᠢᠳᠤᠷᠠᠯ ᠤᠨ ᠬᠠᠯᠠᠮᠰᠢᠯ ᠤᠨ ᠤᠳᠠᠰᠦ ᠨᠡᠪᠳᠡᠷᠡᠬᠦᠯᠵᠦ᠂ ᠮᠡᠳᠡᠭᠡ ᠵᠠᠩᠭᠢ ᠶᠢᠨ ︽ | ᠰᠢᠭᠤᠳ ᠨᠡᠪᠳᠡᠷᠡᠬᠦ ᠳᠡᠷᠭᠡ︾ ᠶᠢ ᠪᠠᠶᠢᠭᠤᠯᠤᠨ᠂ ᠤᠯᠠᠨ ᠳᠦᠮᠡᠨ ᠤ ᠳᠤᠰᠬᠠᠭᠰᠠᠨ 22 ᠠᠰᠠᠭᠤᠳᠠᠯ ᠢ ᠴᠠᠭ | ᠳᠤᠬᠠᠢ ᠳᠤ ᠨᠢ ᠬᠠᠷᠢᠭᠤᠯᠳᠠ ᠦᠭᠬᠦ ᠮᠦᠷᠳᠡᠬᠡᠨ ᠳᠡᠬᠦᠨ ᠢ ᠰᠡᠢᠳᠪᠤᠷᠢᠯᠡᠨ᠎ᠡ᠃ ︽ᠳᠤᠯᠤᠭᠠᠨ ᠡᠷᠬᠡᠪᠰᠢ︾ ﹇10 | ﹈ ᠶᠢᠨ ᠱᠠᠭᠠᠷᠳᠠᠯᠭ᠎ᠠ ᠶᠤᠰᠤᠭᠠᠷ᠂ ᠪᠦᠬᠦ ᠳᠤᠭᠤᠷᠢᠭ ᠢ ᠬᠠᠮᠤᠷᠤᠭᠰᠠᠨ ᠠᠶᠤᠯᠬᠦᠢ ᠤᠶᠢᠯᠡᠳᠪᠤᠷᠢᠯᠡᠯ ᠤᠨ ᠶᠡᠭᠡ | ᠪᠠᠶᠢᠴᠠᠭᠠᠯᠳᠠ ᠶᠢ ᠦᠷᠬᠦᠯᠵᠢᠯᠡᠬᠦᠯᠦᠭᠰᠡᠨ ᠠᠴᠠ ᠤᠨᠴᠠᠭᠠᠢ ᠬᠦᠨᠳᠤ ᠨᠦᠴᠡᠳᠠᠢ ᠠᠮᠤᠷ ᠳᠦᠪᠰᠢᠨ ᠤ ᠠᠳᠤᠯ | ᠭᠠᠷᠤᠭᠰᠠᠨ ᠦᠭᠡᠢ ᠶᠤᠮ᠃ ᠨᠡᠶᠢᠭᠡᠮ ᠤᠨ ᠵᠦᠷᠢᠴᠡᠯ ᠢ ᠪᠠᠶᠢᠴᠠᠭᠠᠨ ᠨᠠᠮᠳᠠᠭᠤᠯᠬᠤ ᠠᠵᠢᠯ ᠢ ᠶᠡᠬᠡᠪᠡᠷ ᠦᠷᠨᠢᠬᠦᠯᠵᠦ᠂ | ᠳᠤᠭᠳᠠᠭᠤᠨ ᠢ ᠬᠠᠮᠠᠭᠠᠯᠠᠬᠤ ᠵᠠᠬᠢᠳᠠᠯ ᠢᠶᠠᠷ ᠰᠤᠷᠪᠤᠯᠵᠢᠯᠠᠬᠤ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠪᠦᠬᠦ | ᠳᠠᠯ᠎ᠠ ᠪᠠᠷ ᠨᠠᠶᠢᠳᠠᠪᠤᠷᠢᠵᠢᠭᠤᠯᠵᠦ᠂ ᠰᠢᠭᠤᠶᠢᠳᠤ ᠳᠤᠭᠤᠷᠢᠭ ᠪᠤᠯ ᠪᠤᠭᠤᠳᠤ ᠬᠤᠳᠠ ᠶᠢᠨ ᠴᠤᠷᠢ ᠶᠢᠨ ᠭᠠᠭᠴᠠ ᠪᠦᠬᠦ | ᠳᠤᠭᠤᠷᠢᠭ ᠤᠨ ᠬᠡᠪᠴᠢᠶᠡᠨ ᠳᠤ ᠰᠤᠷᠪᠤᠯᠵᠢᠯᠠᠯᠳᠠ ᠬᠢᠭᠰᠡᠨ ᠤᠷᠤᠨ ᠪᠤᠯᠤᠨ᠎ᠠ᠃ ᠦᠨᠳᠤᠰᠤᠨ ᠱᠠᠰᠢᠨ | ᠰᠤᠷᠳᠠᠬᠤᠨ ᠤ ᠠᠵᠢᠯ ᠢ ᠬᠦᠨᠵᠡᠬᠡᠢ ᠳᠦᠯᠬᠢᠨ ᠠᠬᠢᠭᠤᠯᠵᠦ᠂ ᠮᠤᠩᠭᠤᠯ ᠬᠡᠯᠡ ᠪᠢᠴᠢᠭ ᠤᠨ ᠳᠦᠷᠦ ᠶᠢᠨ | ᠪᠤᠳᠤᠯᠭ᠎ᠠ ᠶᠢ ᠬᠢᠨᠠᠮᠠᠭᠠᠢ ᠰᠠᠶᠢᠳᠤᠷ ᠲᠤᠤᠱᠯᠠᠭᠤᠯᠤᠨ ᠬᠡᠷᠡᠭᠵᠢᠬᠦᠯᠵᠦ᠂ ᠠᠷᠪᠠᠨ ᠳᠦᠷᠪᠡᠳᠤᠭᠡᠷ ᠤᠳᠠᠭᠠᠨ ᠤ | ᠦᠨᠳᠤᠰᠤᠳᠡᠨ ᠤ ᠪᠦᠯᠬᠦᠮᠳᠠᠯ ᠳᠠᠪᠰᠢᠯᠳᠠ ᠶᠢ ᠬᠦᠬᠢᠬᠦᠯᠦᠨ ᠰᠠᠶᠢᠰᠢᠶᠡᠬᠤ ᠬᠤᠷᠠᠯ ᠢ ᠬᠤᠷᠠᠯᠳᠤᠭᠤᠯᠵᠦ᠂ ᠪᠦᠬᠦ | ᠤᠷᠤᠨ ᠤ ᠦᠨᠳᠤᠰᠦᠳᠡᠨ ᠤ ᠪᠦᠯᠬᠦᠮᠳᠡᠯ ᠳᠠᠪᠰᠢᠯᠳᠠ ᠶᠢᠨ ᠤᠶᠢᠯᠡᠰ ᠤᠨ ᠳᠤᠮᠳᠠ ᠴᠤᠯᠭᠤᠷᠠᠨ ᠭᠠᠷᠤᠭᠰᠠᠨ ᠨᠢᠭᠡ | ᠪᠦᠯᠦᠭ ᠵᠢᠱᠢᠶᠡᠴᠢ ᠨᠢᠭᠡᠴᠢ ᠪᠠ ᠬᠤᠪᠢ ᠬᠦᠮᠦᠨ ᠢ ᠬᠦᠬᠢᠬᠦᠯᠦᠨ ᠰᠠᠶᠢᠰᠢᠶᠠᠪᠠ᠃ | ᠡᠨᠡ ᠵᠢᠯ ᠳᠤ᠂ ᠠᠵᠢᠯ ᠤᠨ ᠰᠤᠷᠳᠠᠯ ᠢᠶᠠᠨ ᠳᠠᠰᠤᠷᠠᠯᠳᠠ ᠦᠭᠡᠢ ᠬᠤᠪᠢᠷᠠᠭᠤᠯᠵᠦ᠂ ᠳᠦᠪ ᠤᠨ ᠪᠠ | ᠦᠪᠡᠷᠳᠡᠭᠡᠨ ᠵᠠᠰᠠᠬᠤ ᠤᠷᠤᠨ ᠤ ᠳᠤᠭᠤᠷᠢᠨ ᠪᠠᠶᠢᠴᠠᠭᠠᠬᠤ ᠬᠠᠷᠢᠭᠤ ᠳᠤᠰᠬᠠᠭᠰᠠᠨ ᠰᠠᠨᠠᠯ ᠶᠤᠰᠤᠭᠠᠷ ᠴᠡᠭᠴᠡᠯᠡᠨ | ᠵᠠᠰᠠᠬᠤ ᠠᠵᠢᠯ ᠢ ᠪᠦᠬᠦ ᠳᠠᠯ᠎ᠠ ᠪᠠᠷ ᠨᠠᠶᠢᠳᠠᠪᠤᠷᠢᠵᠢᠭᠤᠯᠵᠦ᠂ ᠵᠠᠰᠠᠭ ᠤᠨ ᠤᠷᠳᠤᠨ ᠠᠴᠠ ᠡᠬᠢᠯᠡᠨ ᠪᠠᠶᠢᠭᠤᠯᠤᠯᠳᠠ ᠶᠢ | ᠯᠠᠪᠳᠠᠭᠤᠨ ᠪᠠᠳᠤᠳᠠᠢ ᠠᠬᠢᠭᠤᠯᠪᠠ᠃ ᠳᠦᠪ ᠬᠤᠷᠢᠶ᠎ᠠ᠂ ᠦᠪᠡᠷᠳᠡᠬᠡᠨ ᠵᠠᠰᠠᠬᠤ ᠤᠷᠤᠨ ᠤ ᠳᠤᠭᠤᠷᠢᠨ ᠪᠠᠶᠢᠴᠠᠭᠠᠵᠦ | ᠴᠡᠭᠴᠡᠯᠡᠨ ᠰᠠᠶᠢᠵᠢᠷᠠᠭᠤᠯᠬᠤ ᠠᠵᠢᠯ ᠤᠨ ᠱᠠᠭᠠᠷᠳᠠᠯᠭ᠎ᠠ ᠶᠤᠰᠤᠭᠠᠷ᠂ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ | ᠪᠠᠷᠢᠮᠳᠠᠯᠠᠵᠦ᠂ ᠠᠵᠦ ᠠᠬᠤᠢ ᠶᠢᠨ ᠬᠦᠭᠵᠢᠯᠳᠠ ᠶᠢᠨ ᠠᠷᠭ᠎ᠠ ᠮᠠᠶ᠋ᠢᠭ ᠢ ᠬᠤᠪᠢᠷᠠᠭᠤᠯᠬᠤ ᠶᠢ ᠨᠠᠷᠢᠨ ᠬᠢᠨᠠᠮᠠᠭᠠᠢ | ᠳᠤᠭᠳᠠᠭᠠᠵᠦ᠂ ᠤᠨᠤᠪᠴᠢᠳᠠᠢ ᠪᠠᠷ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ᠂ ᠠᠮᠢ ᠠᠬᠤᠢ ᠶᠢᠨ | ᠠᠮᠦᠷ ᠳᠦᠪᠰᠢᠨ ᠤ ᠬᠠᠯᠠᠭᠪᠴᠢ ᠵᠡᠷᠭᠡ ᠳᠤᠰᠬᠠᠢ ᠵᠤᠶᠢᠯ ᠤᠨ ᠴᠡᠴᠡᠭᠯᠡᠨ ᠰᠠᠶᠢᠵᠢᠷᠠᠭᠤᠯᠬᠤ ᠳᠦᠰᠦᠯ ᠢ ᠪᠦᠳᠦᠭᠡᠨ | ᠪᠠᠶᠢᠭᠤᠯᠵᠦ᠂ ᠴᠡᠴᠡᠭᠯᠡᠨ ᠵᠠᠰᠠᠬᠤ ᠡᠬᠦᠷᠭᠡ ᠪᠠᠨ ᠳᠤᠳᠤᠷᠬᠠᠶᠢᠯᠠᠵᠦ᠂ ᠠᠷᠭ᠎ᠠ ᠬᠡᠮᠵᠢᠶ᠎ᠡ ᠪᠠᠨ ᠵᠠᠯᠠᠷᠠᠭᠤᠯᠤᠨ᠂ | ᠠᠰᠠᠭᠤᠳᠠᠯ ᠤᠨ ᠨᠠᠷᠢᠨ ᠳᠠᠩᠰᠠ ᠶᠢ ᠦᠨᠳᠤᠰᠦᠯᠡᠨ ᠡᠬᠡ ᠳᠠᠩᠰᠠ ᠶᠢ ᠵᠠᠯᠠᠷᠠᠭᠤᠯᠤᠨ ︽ᠵᠤᠷᠪᠤᠰ ᠵᠤᠷᠪᠤᠰ ᠢᠶᠠᠷ | ᠴᠡᠭᠴᠡᠯᠡᠨ ᠰᠠᠶᠢᠵᠢᠷᠠᠭᠤᠯᠵᠦ ᠨᠠᠶᠢᠳᠠᠪᠤᠷᠢᠵᠢᠭᠤᠯᠤᠨ ᠪᠠᠳᠤᠯᠠᠬᠤ︾ ᠶᠢ ᠪᠡᠶᠡᠯᠡᠬᠦᠯᠪᠡ᠃ ᠰᠢᠨ᠎ᠡ ᠪᠠᠷ | ᠪᠠᠶᠢᠭᠤᠯᠤᠭᠳᠠᠭᠰᠠᠨ ᠪᠠᠶᠢᠴᠠᠭᠠᠬᠤ ᠬᠤᠷᠢᠶᠠᠨ ᠤ ᠨᠠᠶᠢᠷᠠᠭᠤᠯᠤᠨ ᠵᠤᠬᠢᠶᠠᠭᠰᠠᠨ ᠪᠠᠶᠢᠭᠤᠯᠤᠮᠵᠢ᠂ ᠬᠦᠮᠦᠨ ᠠᠮᠠ᠂ | ᠵᠠᠷᠤᠳᠠᠯ᠂ ᠠᠵᠢᠯ ᠤᠨ ᠳᠡᠯᠠᠪᠤᠷ ᠵᠡᠷᠭᠡ ᠳᠤ ᠪᠠᠳᠤᠯᠠᠭ᠎ᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠳᠤᠷ ᠬᠢᠪᠡ᠃ | ᠳᠦᠪ ᠬᠤᠷᠢᠶᠠᠨ ᠤ᠂ ᠦᠪᠡᠷᠳᠡᠬᠡᠨ ᠵᠠᠰᠠᠬᠤ ᠤᠷᠤᠨ ᠬᠢᠭᠡᠳ ᠪᠤᠭᠤᠳᠤ ᠬᠤᠳᠠ ᠶᠢᠨ ᠮᠦᠩᠭᠦᠨ ᠬᠦᠢᠯᠭᠡᠭᠡᠨ ᠤ | ᠠᠶᠤᠯ ᠳᠦᠭᠰᠢᠬᠦᠷᠢ ᠶᠢ ᠰᠡᠷᠬᠡᠶᠢᠯᠡᠬᠦ᠂ ᠵᠠᠰᠠᠭ ᠤᠨ ᠤᠷᠳᠤᠨ ᠤ ᠦᠷᠢ ᠦᠭᠴᠡᠭᠡ ᠶᠢ ᠠᠷᠢᠯᠭᠠᠨ ᠪᠡᠯᠡ | ᠤᠷᠤᠭᠤᠯᠤᠯᠳᠠ ᠵᠡᠷᠭᠡ ᠠᠯᠢ ᠤᠯᠠᠨ ᠠᠵᠢᠯ ᠤᠨ ᠱᠠᠭᠠᠷᠳᠠᠯᠭ᠎ᠠ ᠶᠢ ᠪᠦᠬᠦ ᠳᠠᠯ᠎ᠠ ᠪᠠᠷ ᠳᠤᠤᠱᠯᠠᠭᠤᠯᠤᠨ ᠵᠠᠰᠠᠭ ᠤᠨ | ᠤᠷᠳᠤᠨ ᠤ ᠪᠡᠯᠡ ᠤᠷᠤᠭᠤᠯᠤᠯᠳᠠ ᠶᠢᠨ ᠮᠦᠩᠬᠦᠨ ᠬᠦᠢᠯᠭᠡᠭᠡᠨ ᠤ ᠪᠠᠶᠢᠭᠤᠯᠤᠯ ᠤᠨ ᠳᠤᠭᠳᠠᠴᠠ ᠶᠢ ᠤᠯᠠᠮ ᠨᠢᠭᠡ | ᠠᠯᠬᠤᠮ ᠵᠢᠷᠤᠮᠵᠢᠭᠤᠯᠪᠠ᠃ ᠵᠠᠰᠠᠭ ᠤᠨ ᠤᠷᠳᠤᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠦ | ᠵᠠᠰᠠᠭ ᠤᠨ ᠤᠷᠳᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠪᠠ ︽ᠭᠤᠷᠪᠠᠨ ᠴᠢᠬᠤᠯᠠ ᠨᠢᠭᠡ ᠳᠤᠮᠤ | ︾ ﹇11﹈ ᠠᠰᠠᠭᠤᠳᠠᠯ ᠢ ᠬᠡᠷᠡᠭ ᠵᠦᠪᠯᠡᠬᠦ ᠳᠦᠷᠢᠮᠯᠡᠯ ᠢ ᠪᠦᠷᠢᠨᠰᠢᠬᠦᠯᠦᠨ ᠵᠢᠷᠤᠮᠵᠢᠭᠤᠯᠵᠦ ᠵᠠᠰᠠᠭ ᠤᠨ ᠤᠷᠳᠤᠨ ᠤ | ᠬᠠᠤᠯᠢ ᠴᠠᠭᠠᠵᠠ ᠶᠢᠨ ᠵᠦᠪᠯᠡᠭᠴᠢ ᠬᠢᠭᠡᠳ ᠮᠦᠩᠬᠦᠨ ᠬᠦᠢᠯᠭᠡᠭᠡᠨ ᠤ ᠵᠦᠪᠯᠡᠭᠴᠢ ᠶᠢᠨ ᠳᠦᠷᠢᠮ ᠢ | ᠳᠡᠬᠦᠯᠳᠡᠷᠵᠢᠬᠦᠯᠦᠨ᠂ ᠰᠢᠨᠵᠢᠯᠡᠬᠦ ᠤᠬᠠᠭᠠᠨᠴᠢ ᠪᠠᠷ ᠪᠤᠳᠤᠯᠭ᠎ᠠ ᠳᠤᠭᠳᠠᠭᠠᠨ ᠠᠷᠠᠳᠴᠢᠯᠠᠯᠳᠠ ᠬᠠᠤᠯᠢ ᠪᠠᠷ ᠵᠠᠰᠠᠬᠤ | ᠬᠢᠷᠢ ᠬᠡᠮᠵᠢᠶ᠎ᠡ ᠶᠢ ᠳᠡᠭᠡᠭᠰᠢᠯᠡᠬᠦᠯᠦᠨ ᠬᠠᠤᠯᠢ ᠪᠠᠷ ᠤᠷᠤᠨ ᠢᠶᠠᠨ ᠵᠠᠰᠠᠬᠤ ᠠᠬᠢᠴᠠ ᠶᠢ ᠤᠯᠠᠮ ᠨᠢᠭᠡ ᠠᠯᠬᠤᠮ | ᠳᠦᠷᠭᠡᠳᠭᠡᠪᠡ᠃ |