ᠵᠠᠰᠠᠭ ᠤᠨ ᠤᠷᠳᠤᠨ ᠤ ᠠᠵᠢᠯ ᠤᠨ ᠬᠠᠷᠢᠭᠤ ᠮᠡᠳᠡᠬᠦᠯᠦᠯᠳᠡ
ᠨᠡᠶᠢᠲᠡᠯᠡᠭᠰᠡᠨ ᠴᠠᠭ᠄
2018-12-10
       ︵ᠳᠠᠪᠤ︶ ᠠᠮᠢ ᠠᠬᠤᠢ ᠶᠢᠨ ᠤᠷᠴᠢᠨ ᠳᠤᠭᠤᠷᠢᠨ ᠦᠷᠬᠦᠯᠵᠢᠯᠡᠨ ᠰᠠᠶᠢᠵᠢᠷᠠᠪᠠ        ᠳᠠᠪᠤᠨ ᠵᠢᠯ ᠤᠨ ᠳᠤᠷᠰᠢ᠂ ᠪᠢᠳᠡ ᠢᠮᠠᠭᠳᠠ ︽ᠬᠦᠭᠡᠮᠳᠦᠭ ᠨᠤᠭᠤᠭᠠᠨ ᠠᠭᠤᠯᠠ ᠤᠰᠤ ᠪᠤᠯ ᠳᠠᠷᠤᠢ ᠠᠯᠳᠠᠨ ᠠᠭᠤᠯᠠ ᠮᠦᠩᠭᠦᠨ ᠬᠠᠶᠢᠷᠬᠠᠨ︾ ᠪᠤᠯᠬᠤ ᠶᠢ ᠪᠠᠳᠤ ᠴᠡᠭᠡᠵᠢᠯᠡᠵᠦ᠂ ᠠᠮᠢ ᠠᠬᠤᠢ ᠶᠢᠨ ᠰᠡᠷᠬᠦᠭᠡᠯᠳᠡ ᠶᠢᠨ ᠪᠦᠳᠦᠭᠡᠨ ᠪᠠᠶᠢᠭᠤᠯᠤᠯᠳᠠ ᠶᠢᠨ ᠡᠷᠴᠢᠮ ᠢ ᠴᠢᠩᠭᠠᠷᠠᠭᠤᠯᠵᠦ᠂ ᠬᠦᠭᠡ ᠳᠡᠭᠷᠢ᠂ ᠴᠡᠩᠭᠡᠷ ᠤᠰᠤ᠂ ᠨᠤᠭᠤᠭᠠᠨ ᠵᠦᠯᠭᠡ ᠂ ᠬᠦᠭᠡ ᠠᠭᠤᠯᠠ ᠶᠢ ᠳᠠᠬᠢᠨ ᠢᠯᠡᠷᠡᠬᠦᠯᠪᠡ᠃ ᠠᠮᠢ ᠠᠬᠤᠢ ᠶᠢ ᠰᠠᠯᠪᠢᠨ ᠵᠠᠰᠠᠬᠤ ᠠᠵᠢᠯ ᠢᠯᠡᠳᠳᠡ ᠦᠷ᠎ᠡ ᠪᠦᠳᠦᠮᠵᠢ ᠤᠯᠵᠦ᠂ ᠪᠦᠬᠦ ᠪᠡᠯᠡ ᠤᠷᠤᠭᠤᠯᠤᠯᠳᠠ ᠨᠢ 3.7 ᠳ᠋ᠦᠩᠰᠢᠭᠤᠷ ᠳᠦᠭᠦᠷᠢᠭ ᠪᠠᠶᠢᠪᠠ᠃ ᠪᠡᠭᠡᠵᠢᠭ ᠳᠢᠶᠠᠨᠵᠢᠨ ᠤ ᠡᠯᠡᠰᠤᠨ ᠰᠠᠯᠬᠢᠨ ᠤ ᠡᠬᠢ ᠶᠢ ᠰᠡᠷᠬᠡᠶᠢᠯᠡᠨ ᠵᠠᠰᠠᠬᠤ᠂ ᠪᠠᠶᠢᠭᠠᠯᠢ ᠶᠢᠨ ᠤᠢ ᠶᠢ ᠬᠠᠮᠠᠭᠠᠯᠠᠬᠤ ᠵᠡᠷᠭᠡ ᠭᠤᠤᠯᠳᠠᠯᠭ᠎ᠠ ᠲᠠᠢ ᠤᠢ ᠰᠢᠭᠤᠢ ᠶᠢᠨ ᠳᠦᠰᠤᠪᠯᠡᠯ ᠢ 17.1 ᠳᠦᠮᠡᠨ ᠮᠦ ᠬᠡᠷᠡᠭᠵᠢᠬᠦᠯᠵᠦ᠂ ᠨᠡᠶᠢᠭᠡᠮ ᠤᠨ ᠬᠦᠴᠦᠨ ᠢ ᠳᠠᠶᠢᠴᠢᠯᠠᠵᠦ ︽ᠪᠠᠳᠺᠠᠷ ᠰᠦᠮ᠎ᠡ ᠶᠢᠨ ᠠᠮᠢ ᠠᠬᠤᠢ ᠶᠢᠨ ᠤᠢ︾᠂ ︽ᠰᠤᠷᠪᠤᠯᠵᠢᠯᠠᠭᠴᠢ ᠬᠦᠳᠡᠯᠮᠤᠷᠢ ᠶᠢᠨ ᠵᠢᠱᠢᠶᠡᠴᠢ ᠶᠢᠨ ᠤᠢ︾ ᠶᠢ ᠪᠦᠳᠦᠭᠡᠨ ᠪᠠᠶᠢᠭᠤᠯᠵᠦ᠂ ᠪᠠᠳᠺᠠᠷ ᠰᠦᠮ᠎ᠡ ᠦᠵᠡᠮᠵᠢ ᠶᠢᠨ ᠤᠷᠤᠨ ᠤ ᠡᠷᠬᠢᠨ ᠳᠤᠭᠤᠷᠢᠨ᠂ ᠵᠢᠭᠤᠯᠴᠢᠯᠠᠯ ᠤᠨ ᠵᠠᠰᠠᠮᠠᠯ ᠵᠠᠮ ᠳᠠᠭᠤ᠂ ᠳᠠᠯᠠᠨ ᠬᠠᠷ᠎ᠠ ᠠᠭᠤᠯᠠᠨ ᠤ ᠡᠮᠤᠨ᠎ᠡ ᠪᠠᠯ ᠵᠡᠷᠭᠡ ᠭᠤᠤᠯᠳᠠᠯᠭ᠎ᠠ ᠲᠠᠢ ᠤᠷᠤᠨ ᠪᠦᠰᠡ ᠳᠤ ᠤᠢ ᠮᠤᠳᠤ ᠳᠠᠷᠢᠵᠦ 3.14 ᠳᠦᠮᠡᠨ ᠮᠤ᠋ ᠭᠠᠵᠠᠷ ᠢ ᠨᠤᠭᠤᠭᠠᠷᠠᠭᠤᠯᠤᠭᠰᠠᠨ ᠶᠤᠮ᠃ 22.64 ᠺᠦᠸᠠᠳ᠋ ᠺᠢᠯᠤᠮᠧᠲᠷ ᠤᠨ ᠠᠭᠤᠷᠬᠠᠢ ᠶᠢᠨ ᠤᠷᠴᠢᠨ ᠳᠤᠭᠤᠷᠢᠨ ᠢ ᠠᠮᠢᠯᠠᠭᠤᠯᠤᠨ ᠰᠡᠷᠬᠦᠭᠡᠵᠦ᠂ ᠳᠤᠭᠤᠷᠢᠭ ᠤᠨ ᠤᠢ ᠰᠢᠭᠤᠢ ᠶᠢᠨ ᠪᠦᠷᠬᠦᠴᠡ ᠨᠢ 33.2% ᠢ ᠡᠵᠡᠯᠡᠨ᠂ ᠬᠤᠳᠠ ᠶᠢᠨ ᠨᠢᠭᠡᠳᠤᠭᠡᠷ ᠨᠡᠷᠡᠰ ᠲᠤ ᠳᠤᠭᠳᠠᠭᠤᠨ ᠪᠠᠶᠢᠷᠢᠯᠠᠪᠠ᠃ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠤᠷᠭᠤᠮᠠᠯ ᠤᠨ ᠰᠤᠳᠤᠯᠭᠠᠨ ᠤ ᠭᠠᠵᠠᠷ ᠲᠠᠢ ᠬᠠᠮᠳᠤᠷᠠᠨ ᠤᠷᠭᠤᠮᠠᠯ ᠤᠨ ᠡᠬᠢ ᠪᠠᠶᠠᠯᠢᠭ ᠢ ᠪᠤᠶᠢᠵᠢᠭᠤᠯᠬᠤ ᠰᠠᠭᠤᠷᠢᠨ ᠭᠠᠵᠠᠷ ᠢ ᠴᠤᠭᠴᠠᠯᠠᠨ ᠪᠠᠶᠢᠭᠤᠯᠵᠦ᠂ ᠬᠦᠢᠳᠡᠨ ᠢ ᠳᠡᠰᠪᠤᠷᠢᠯᠡᠵᠦ ᠬᠠᠭᠰᠠᠷᠠᠭᠠᠨ ᠳᠤ ᠳᠠᠰᠪᠤᠷᠢᠳᠠᠢ 209 ᠰᠠᠭᠤᠷᠢ ᠮᠤᠳᠤᠨ ᠴᠢᠬᠢ ᠶᠢ ᠵᠢᠱᠢᠶ᠎ᠡ ᠦᠵᠡᠬᠦᠯᠦᠨ ᠳᠠᠷᠢᠭᠰᠠᠨ ᠳᠠᠯᠠᠪᠠᠢ ᠨᠢ 1.28 ᠳᠦᠮᠡᠨ ᠮᠦ ᠪᠤᠯᠤᠨ᠎ᠠ᠃ ᠠᠮᠢ ᠠᠬᠤᠢ ᠶᠢ ᠬᠠᠮᠠᠭᠠᠯᠠᠬᠤ ᠡᠷᠴᠢᠮ ᠢᠶᠠᠨ ᠦᠷᠬᠦᠯᠵᠢᠯᠡᠨ ᠴᠢᠩᠭᠠᠷᠠᠭᠤᠯᠵᠦ᠂ ᠬᠦᠷᠢᠶ᠎ᠡ ᠶᠢ ᠪᠢᠳᠡᠬᠦᠮᠵᠢᠯᠡᠨ ᠮᠠᠯ ᠠᠵᠦ ᠠᠬᠤᠢ ᠪᠡᠯᠴᠢᠭᠡᠷᠯᠡᠬᠦᠯᠬᠦ ᠶᠢ ᠴᠠᠭᠠᠵᠠᠯᠠᠵᠦ᠂ ᠦᠨᠳᠤᠰᠤᠨ ᠳᠠᠷᠢᠶᠠᠨ ᠭᠠᠵᠠᠷ ᠢ ᠵᠠᠭᠠᠭᠯᠠᠨ ᠳᠤᠭᠳᠠᠭᠠᠬᠤ ᠪᠠ ᠳᠠᠷᠢᠶᠠᠨ ᠭᠠᠵᠠᠷ ᠢ ᠬᠠᠮᠠᠭᠠᠯᠠᠬᠤ ᠰᠦᠷ ᠬᠦᠴᠦᠳᠤ ᠪᠠᠶᠢᠳᠠᠯ ᠢ ᠢᠮᠠᠭᠳᠠ ᠪᠠᠷᠢᠮᠳᠠᠯᠠᠪᠠ᠃ ᠪᠦᠬᠦ ᠬᠤᠳᠠ ᠶᠢᠨ ᠠᠩᠬᠠᠳᠠᠭᠴᠢ ᠵᠢᠯᠤᠭᠤᠴᠢ ᠦᠭᠡᠢ ᠨᠢᠰᠭᠡᠯ ᠤᠨ ᠭᠠᠯ ᠰᠡᠷᠭᠡᠶᠢᠯᠡᠬᠦ ᠤᠢ ᠶᠢ ᠰᠡᠷᠭᠡᠶᠢᠯᠡᠨ ᠬᠠᠮᠠᠭᠠᠯᠠᠬᠤ ᠠᠩᠭᠢ ᠶᠢ ᠵᠤᠬᠢᠶᠠᠨ ᠪᠠᠶᠢᠭᠤᠯᠵᠦ᠂ ᠭᠠᠯ ᠢ ᠰᠡᠷᠭᠡᠶᠢᠯᠡᠬᠦ ᠵᠢᠯᠤᠭᠤᠴᠢ ᠦᠭᠡᠢ ᠨᠢᠰᠭᠡᠯ ᠤᠨ ᠮᠡᠷᠭᠡᠵᠢᠯ ᠢ ᠬᠡᠷᠡᠭᠯᠡᠭᠰᠡᠨ ᠠᠴᠠ ᠪᠡᠯᠴᠢᠭᠡᠷᠯᠡᠬᠦᠯᠬᠦ ᠶᠢ ᠴᠠᠭᠠᠵᠠᠯᠠᠬᠤ ᠠᠵᠢᠯ ᠮᠡᠳᠡᠭᠳᠡᠮ᠎ᠡ ᠪᠤᠳᠠᠳᠤ ᠦᠢᠷ᠎ᠠ ᠠᠰᠢᠭ ᠤᠯᠪᠠ᠃ ᠤᠷᠴᠢᠨ ᠳᠤᠭᠤᠷᠢᠨ ᠤ ᠴᠡᠭᠴᠡᠯᠡᠨ ᠵᠠᠰᠠᠬᠤ ᠠᠵᠢᠯ ᠢ ᠶᠡᠭᠡᠪᠡᠷ ᠦᠷᠨᠢᠬᠦᠯᠵᠦ᠂ ︽ᠳᠠᠪᠤᠨ ᠵᠢᠵᠢᠭ ᠠᠵᠦ ᠠᠬᠤᠶᠢᠯᠠᠯ︾ ﹇4﹈ ᠪᠤᠯᠤᠨ ᠳᠠᠯᠳᠠᠭᠤᠷ ᠮᠠᠯᠳᠠᠬᠤ ᠡᠷᠤᠢ ᠤᠶᠢᠯᠡ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠦ᠂ ᠠᠮᠢ ᠠᠬᠤᠢ ᠶᠢ ᠡᠪᠳᠡᠯᠡᠭᠰᠡᠨ ᠬᠡᠤᠷᠰᠦ ᠪᠤᠯᠪᠠᠰᠤᠷᠠᠭᠤᠯᠬᠤ᠂ ᠨᠡᠬᠦᠷᠡᠰᠦ ᠤᠬᠢᠶᠠᠬᠤ᠂ ᠳᠡᠮᠤᠷ ᠤᠨ ᠬᠦᠳᠡᠷ ᠰᠢᠯᠢᠬᠦ᠂ ᠡᠯᠡᠰᠦ ᠮᠠᠯᠳᠠᠬᠤ᠂ ᠴᠢᠯᠠᠭᠤ ᠭᠠᠷᠭᠠᠭᠰᠠᠨ 117 ᠡᠷᠤᠭᠡ ᠠᠵᠦ ᠠᠬᠤᠶᠢᠯᠠᠯ ᠢ ᠬᠠᠤᠯᠢ ᠶᠤᠰᠤᠭᠠᠷ ᠴᠠᠭᠠᠵᠠᠯᠠᠭᠰᠠᠨ ᠪᠠᠶᠢᠨ᠎ᠠ᠃ ᠪᠤᠬᠢᠷᠳᠤᠯ ᠤᠨ ᠡᠬᠢ ᠶᠢ ᠬᠠᠮᠢᠶᠠᠷᠤᠨ ᠡᠵᠡᠮᠳᠡᠵᠦ᠂ 7 ᠵᠠᠰᠠᠭ ᠵᠠᠬᠢᠷᠭᠠᠨ ᠤ ᠳᠤᠰᠬᠤᠨ ᠳᠤ ᠪᠤᠬᠢᠷ ᠤᠰᠤ ᠰᠢᠢᠳᠪᠤᠷᠢᠯᠡᠬᠦ ᠳᠦᠬᠦᠭᠡᠷᠤᠮᠵᠢ ᠶᠢᠨ ᠪᠦᠳᠦᠭᠡᠨ ᠪᠠᠶᠢᠭᠤᠯᠤᠯᠳᠠ ᠶᠢᠨ ᠳᠦᠰᠦᠪ ᠢ ᠬᠡᠷᠡᠭᠵᠢᠬᠦᠯᠵᠦ᠂ ᠠᠵᠦ ᠤᠶᠢᠯᠡᠳᠪᠤᠷᠢ ᠶᠢᠨ ᠬᠦᠷᠢᠶᠡᠯᠡᠩ ᠤᠨ ᠪᠤᠬᠢᠷ ᠤᠰᠤ ᠶᠢ ᠰᠢᠢᠳᠪᠤᠷᠢᠯᠡᠬᠦ ᠤᠶᠢᠯᠡᠳᠪᠤᠷᠢ ᠠᠰᠢᠭᠯᠠᠯᠳᠠ ᠳᠤ ᠤᠷᠤᠯᠠᠵᠦ᠂ 49 ᠡᠷᠤᠭᠡ ᠠᠵᠦ ᠠᠬᠤᠶᠢᠯᠠᠯ ᠤᠷᠴᠢᠨ ᠳᠤᠭᠤᠷᠢᠨ ᠤ ᠬᠠᠮᠠᠭᠠᠯᠠᠯᠳᠠ ᠶᠢᠨ ᠳᠦᠬᠦᠭᠡᠷᠦᠮᠵᠢ ᠶᠢ ᠦᠭᠡᠷᠡᠴᠢᠯᠡᠬᠦ ᠶᠢ ᠪᠡᠶᠡᠯᠡᠬᠦᠯᠵᠦ᠂ 3 ᠭᠠᠵᠠᠷ ᠲᠤ ᠬᠠᠷᠠᠭᠠᠨ ᠳᠠᠪᠳᠠᠮᠵᠢ ᠪᠠᠷ ᠬᠢᠨᠠᠨ ᠡᠵᠡᠮᠳᠡᠬᠦ ᠰᠢᠰᠲ᠋ᠧᠮ ᠪᠤᠯᠤᠨ ᠠᠭᠠᠷ ᠤᠨ ᠶᠠᠰᠤ ᠴᠢᠨᠠᠷ ᠤᠨ ᠠᠦ᠋ᠲ᠋ᠤ᠋ ᠬᠢᠨᠠᠨ ᠬᠡᠮᠵᠢᠬᠦ ᠦᠷᠳᠡᠭᠡ ᠶᠢ 2 ᠰᠠᠭᠤᠷᠢ ᠪᠠᠶᠢᠭᠤᠯᠵᠦ᠂ 4 ᠭᠤᠤᠯᠳᠠᠯᠭ᠎ᠠ ᠲᠠᠢ ᠠᠵᠦ ᠠᠬᠤᠶᠢᠯᠠᠯ ᠪᠤᠯᠤᠨ 8 ᠪᠤᠬᠢᠷᠳᠤᠯ ᠢ ᠭᠠᠳᠠᠭᠰᠢᠯᠠᠭᠤᠯᠬᠤ ᠠᠮᠠ ᠶᠢᠨ ᠤᠷᠴᠢᠨ ᠠᠬᠤᠢ ᠶᠢᠨ ᠬᠠᠮᠠᠭᠠᠯᠠᠯᠳᠠ ᠶᠢ ᠰᠦᠯᠵᠢᠶᠡᠨ ᠳᠡᠭᠡᠷ᠎ᠡ ᠬᠢᠨᠠᠨ ᠡᠵᠡᠮᠳᠡᠬᠦ ᠶᠢ ᠪᠡᠶᠡᠯᠡᠬᠦᠯᠵᠦ᠂ ᠳᠤᠭᠤᠷᠢᠭ ᠤᠨ ᠬᠠᠳᠠᠭᠤ ᠬᠠᠶᠠᠭᠳᠠᠮᠠᠯ ᠪᠤᠳᠠᠰ ᠢ ᠰᠢᠢᠳᠪᠤᠷᠢᠯᠡᠬᠦ᠂ ᠪᠤᠬᠢᠷ ᠤᠰᠤ ᠶᠢ ᠶᠡᠷᠦᠩᠭᠡᠶᠢᠯᠡᠨ ᠰᠢᠢᠳᠪᠤᠷᠢᠯᠡᠬᠦ᠂ ᠠᠭᠠᠷ ᠢ ᠬᠢᠨᠠᠨ ᠬᠡᠮᠵᠢᠬᠦ ᠪᠠᠶᠢᠳᠠᠯ ᠨᠢ ᠰᠢᠨ᠎ᠡ ︽ᠤᠷᠴᠢᠨ ᠳᠤᠭᠤᠷᠢᠨ ᠢ ᠬᠠᠮᠠᠭᠠᠯᠠᠬᠤ ᠬᠠᠤᠯᠢ︾ ᠶᠢᠨ ᠬᠡᠮᠵᠢᠶᠡᠨ ᠳᠤ ᠬᠦᠷᠴᠡᠢ᠃ ᠳᠤᠭᠤᠷᠢᠭ ᠤᠨ ᠠᠭᠠᠷ ᠤᠨ ᠶᠠᠰᠤ ᠴᠢᠨᠠᠷ ᠰᠢᠯᠢᠳᠡᠭ ᠰᠠᠶᠢᠨ ᠪᠠᠶᠢᠬᠤ ᠨᠤᠷᠮ᠎ᠠ ᠳᠤᠮᠳᠠᠴᠢ ᠪᠠᠷ 80% ᠬᠦᠷᠴᠦ᠂ ᠬᠤᠳᠠ ᠶᠢᠨ ᠬᠢ ᠠᠴᠠ ᠵᠠᠭᠤᠨ ᠤ 6 ᠬᠤᠪᠢ ᠶᠢᠨ ᠵᠢᠩ ᠦᠨᠳᠤᠷ ᠪᠤᠯᠤᠭᠰᠠᠨ ᠶᠤᠮ᠃         ︽ᠵᠢᠷᠭᠤᠭ᠎ᠠ︾ ᠠᠷᠠᠳ ᠤᠨ ᠠᠮᠢᠳᠤᠷᠠᠯ ᠤᠨ ᠵᠤᠯ ᠵᠢᠷᠭᠠᠯ ᠢ ᠦᠷᠬᠦᠯᠵᠢᠯᠡᠨ ᠨᠡᠮᠡᠭᠳᠡᠬᠦᠯᠪᠡ        ᠳᠠᠪᠤᠨ ᠵᠢᠯ ᠤᠨ ᠳᠤᠷᠰᠢ᠂ ᠪᠢᠳᠡ ᠠᠷᠠᠳ ᠳᠦᠮᠡᠨ ᠢᠶᠠᠷ ᠭᠤᠤᠯᠯᠠᠬᠤ ᠬᠦᠭᠵᠢᠯᠳᠡ ᠶᠢᠨ ᠦᠵᠡᠯ ᠰᠠᠨᠠᠭ᠎ᠠ ᠶᠢ ᠬᠦᠨᠵᠡᠬᠡᠢ ᠳᠤᠤᠱᠯᠠᠭᠤᠯᠵᠦ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠤᠶᠢᠯᠡᠳᠪᠤᠷᠢᠯᠡᠯ ᠠᠮᠢᠳᠤᠷᠠᠯ ᠤᠨ ᠨᠦᠬᠦᠴᠡᠯ ᠢ ᠬᠠᠮᠤᠭ ᠤᠨ ᠶᠡᠭᠡ ᠬᠡᠮᠵᠢᠶ᠎ᠡ ᠪᠠᠷ ᠰᠠᠶᠢᠵᠢᠷᠠᠭᠤᠯᠵᠦ᠂ ᠠᠷᠠᠳ ᠤᠨ ᠠᠮᠢᠳᠤᠷᠠᠯ ᠤᠨ ᠵᠠᠷᠤᠯᠭ᠎ᠠ ᠶᠢᠨ ᠬᠡᠷᠡᠭᠯᠡᠵᠦ ᠪᠤᠯᠬᠤ ᠡᠳ᠋ ᠤᠨ ᠬᠦᠴᠦᠨ ᠤ ᠡᠵᠡᠯᠡᠭᠰᠡᠨ ᠬᠠᠷᠢᠴᠠᠯ ᠨᠢ 75% ᠳᠡᠭᠡᠭᠰᠢ ᠪᠠᠶᠢᠵᠦ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠬᠦᠮᠦᠨ ᠪᠦᠷᠢ ᠶᠢᠨ ᠡᠵᠡᠮᠳᠡᠵᠦ ᠪᠤᠯᠬᠤ ᠳᠤᠮᠳᠠᠴᠢ ᠤᠷᠤᠯᠭ᠎ᠠ ᠨᠢ ᠵᠢᠱᠢᠯᠳᠠ ᠪᠠᠷ 38500 ᠳᠦᠭᠦᠷᠢᠭ ᠪᠠ 14500  ᠳᠦᠭᠦᠷᠢᠭ ᠬᠦᠷᠴᠦ᠂ ᠵᠢᠯ ᠪᠦᠷᠢ ᠳᠤᠮᠳᠠᠴᠢ ᠪᠠᠷ ᠳᠤᠰ ᠳᠤᠰ 8.3% ᠪᠠ 8.2% ᠢᠶᠠᠷ ᠨᠡᠮᠡᠭᠳᠡᠵᠡᠢ᠃ ᠳᠠᠶᠢᠪᠤᠩ ᠰᠠᠭᠤᠷᠢᠰᠢᠬᠤ ᠤᠷᠤᠨ ᠰᠠᠭᠤᠴᠠ ᠶᠢᠨ ᠢᠨᠵᠧᠨᠧᠷᠢᠩ ᠢ ᠶᠡᠭᠡᠪᠡᠷ ᠬᠡᠷᠡᠭᠵᠢᠬᠦᠯᠵᠦ᠂ ᠪᠠᠷᠤᠭ 20 ᠳ᠋ᠦᠩᠰᠢᠭᠤᠷ ᠳᠦᠬᠦᠷᠢᠭ ᠤᠨ ᠪᠡᠯᠡ ᠤᠷᠤᠭᠤᠯᠤᠨ᠂ ᠰᠢᠭᠤᠶᠢᠳᠤ ᠰᠢᠨ᠎ᠡ ᠳᠤᠭᠤᠷᠢᠭ ᠲᠤ 7191 ᠦᠷᠦᠭᠡ  ᠡᠯ᠎ᠡ ᠳᠦᠷᠦᠯ ᠤᠨ ᠪᠠᠳᠤᠯᠠᠭ᠎ᠠ ᠶᠢᠨ ᠴᠢᠨᠠᠷᠳᠠᠢ ᠤᠷᠤᠨ ᠰᠠᠭᠤᠴᠠ ᠶᠢ ᠪᠠᠶᠢᠭᠤᠯᠵᠦ᠂ ᠡᠷᠳᠡ ᠴᠢᠯᠤᠭᠡᠯᠡᠭᠳᠡᠭᠰᠡᠨ ᠤᠷᠤᠨ ᠤ ᠫᠧᠩ ᠬᠤ᠋ ᠳᠤᠭᠤᠷᠢᠭ ᠲᠤ 411 ᠦᠷᠦᠭᠡ ᠳᠦᠪᠬᠢᠨᠡᠬᠦᠯᠬᠦ ᠤᠷᠤᠨ ᠰᠠᠭᠤᠴᠠ ᠶᠢ ᠪᠦᠳᠦᠭᠡᠨ ᠪᠠᠶᠢᠭᠤᠯᠵᠦ᠂ ᠠᠮᠢ ᠠᠬᠤᠢ ᠶᠢᠨ ᠠᠷᠠᠳ ᠬᠢᠭᠡᠳ ᠶᠤᠸᠠᠨ ᠵᠦᠩ ᠼᠦᠨ ᠳᠤᠰᠬᠤᠨ ᠢ ᠨᠡᠬᠦᠯᠭᠡᠵᠦ᠂ ᠮᠠ ᠴᠠᠩ ᠳᠤᠰᠬᠤᠨ᠂ ᠬᠤᠶᠢᠳᠤ ᠠᠶᠢᠯ ᠳᠤᠰᠬᠤᠨ᠂ ᠴᠧᠩ ᠵᠦᠩ ᠳᠤᠰᠬᠤᠨ ᠵᠡᠷᠭᠡ ᠶᠢ ᠦᠭᠡᠷᠡᠴᠢᠯᠡᠨ ᠪᠠᠶᠢᠭᠤᠯᠵᠦ᠂ ᠢ ᠡᠾᠧ ᠵᠢᠶᠠ ᠶᠤᠸᠠᠨ ᠬᠦᠷᠢᠶᠡᠯᠡᠩ᠂ ᠢ ᠺᠠᠩ ᠰᠢᠨ ᠴᠧᠩ ᠵᠡᠷᠭᠡ ᠪᠠᠳᠤᠯᠠᠭ᠎ᠠ ᠶᠢᠨ ᠴᠢᠨᠠᠷᠳᠠᠢ ᠤᠷᠤᠨ ᠰᠠᠭᠤᠴᠠ ᠶᠢ ᠪᠠᠷᠢᠵᠦ᠂ 2 ᠳᠦᠮᠡ ᠰᠢᠬᠠᠮ ᠬᠤᠳᠠ ᠬᠦᠳᠡᠭᠡ ᠶᠢᠨ ᠰᠠᠭᠤᠭᠠᠯᠢ ᠠᠷᠠᠳ ᠤᠳ ᠪᠠᠶᠠᠷ ᠬᠦᠤᠷ ᠲᠠᠢ ᠪᠠᠷ ᠰᠢᠨ᠎ᠡ ᠤᠷᠤᠨ ᠰᠠᠭᠤᠴᠠ ᠳᠤ ᠨᠠᠬᠦᠵᠦ ︽ᠤᠷᠤᠰᠢᠨ ᠰᠠᠭᠤᠬᠤ ᠳᠤ ᠳᠤᠬᠢᠷᠠᠮᠵᠢᠳᠠᠢ ᠵᠡᠬᠦᠳᠤ︾ ᠪᠠᠨ ᠰᠡᠷᠬᠦᠭᠡᠨ ᠪᠡᠶᠡᠯᠡᠬᠦᠯᠦᠭᠰᠡᠨ ᠪᠠᠶᠢᠨ᠎ᠠ᠃ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢᠯᠡᠳᠳᠡ ᠦᠷ᠎ᠡ ᠪᠦᠳᠦᠮᠵᠢ ᠤᠯᠵᠦ᠂ ︽ᠬᠤᠶᠠᠷ ᠶᠠᠪᠤᠳᠠᠯ ᠳᠤ ᠰᠠᠨᠠᠭ᠎ᠠ ᠵᠤᠪᠠᠭ᠋ᠤ ᠦᠬᠡᠢ ᠪᠤᠯᠵᠦ᠂ ᠭᠤᠷᠪᠠ ᠶᠢ ᠪᠠᠳᠤᠯᠠᠬᠤ︾ ﹇5﹈ ᠬᠠᠷᠠᠯᠳᠠ ᠶᠢ ᠦᠨᠳᠤᠰᠦᠯᠡᠵᠦ᠂ ᠤᠨᠳᠤᠤ ᠭᠠᠵᠠᠷ ᠨᠡᠬᠦᠯᠭᠡᠨ ᠠᠪᠠᠴᠢᠬᠤ᠂ ᠠᠵᠦ ᠤᠶᠢᠯᠡᠰ ᠢ ᠬᠦᠭᠵᠢᠬᠦᠯᠦᠨ ᠶᠠᠳᠠᠭᠤ ᠶᠢ ᠳᠡᠳᠬᠦᠬᠦ ᠳᠦᠷᠦ ᠶᠢᠨ ᠪᠤᠳᠤᠯᠭ᠎ᠠ ᠪᠠᠷ ᠰᠠᠭᠤᠷᠢ ᠠᠴᠠ  ᠨᠢ ᠪᠠᠳᠤᠯᠠᠬᠤ ᠵᠡᠷᠭᠡ ᠳᠦᠷᠦᠯ ᠬᠤᠪᠢᠶᠠᠬᠤ ᠠᠷᠭ᠎ᠠ ᠪᠤᠳᠤᠯᠭ᠎ᠠ ᠶᠢ ᠬᠡᠷᠡᠭᠵᠢᠬᠦᠯᠵᠦ᠂ ᠡᠪᠬᠡᠮᠡᠯ ᠪᠠᠶᠢᠭᠤᠯᠤᠨ ᠺᠠᠷᠲᠯᠠᠨ ᠳᠡᠩᠰᠠᠯᠠᠭᠰᠠᠨ ᠶᠠᠳᠠᠭᠤ ᠬᠦᠴᠢᠷᠳᠡᠯᠳᠡᠢ ᠬᠦᠮᠦᠨ ᠠᠮᠠ ᠶᠢ ᠤᠨᠤᠪᠴᠢᠳᠠᠢ ᠪᠠᠷ ᠳᠡᠳᠬᠦᠵᠦ ᠶᠠᠳᠠᠭᠤ ᠠᠴᠠ ᠠᠩᠭᠢᠵᠢᠷᠠᠭᠤᠯᠵᠠᠢ᠃ ᠪᠠᠳᠤᠯᠠᠭ᠎ᠠ ᠶᠢᠨ ᠬᠢᠷᠢ ᠳᠦᠪᠰᠢᠨ ᠢ ᠶᠡᠭᠡᠪᠡᠷ ᠳᠡᠭᠡᠭᠰᠢᠯᠡᠬᠦᠯᠵᠦ᠂ ᠡᠳ᠋ ᠤᠨ ᠵᠠᠰᠠᠭ ᠠᠴᠠ 1.37 ᠳ᠋ᠦᠩᠰᠢᠭᠤᠷ ᠳᠦᠬᠦᠷᠢᠭ ᠨᠦᠬᠦᠪᠦᠷᠢ ᠤᠯᠭᠤᠵᠦ ᠭᠠᠵᠠᠷ ᠰᠢᠷᠦᠢ ᠪᠠᠨ ᠳᠠᠳᠠᠪᠤᠷᠢᠯᠠᠭᠤᠯᠤᠭᠰᠠᠨ ᠳᠠᠷᠢᠶᠠᠴᠢᠳ ᠢ ᠬᠤᠳᠠ ᠪᠠᠯᠭᠠᠰᠤᠨ ᠤ ᠠᠵᠢᠯᠳᠡᠨ ᠠᠵᠢᠯᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠠᠢ ᠳᠤ ᠬᠠᠷᠢᠶᠠᠯᠠᠭᠳᠠᠪᠠ᠃ ᠬᠤᠳᠠ ᠪᠠᠯᠭᠠᠰᠤᠨ ᠤ ᠠᠵᠢᠯᠳᠡᠨ ᠠᠵᠢᠯᠴᠢᠨ ᠪᠠ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠪᠤᠯᠤᠨ ᠡᠮ ᠡᠮᠨᠡᠯᠭᠡ ᠶᠢᠨ ᠳᠠᠭᠠᠳᠬᠠᠯ ᠳᠤ ᠤᠷᠤᠯᠴᠠᠭᠰᠠᠨ ᠬᠦᠮᠦᠨ ᠤ ᠳᠤᠭ᠎ᠠ ᠳᠤᠰ ᠳᠤᠰ 25811᠂ 35257 ᠬᠦᠮᠦᠨ ᠪᠠᠶᠢᠵᠦ᠂ ᠬᠤᠳᠠ ᠬᠦᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠳᠤᠯᠠᠭ᠎ᠠ ᠶᠢᠨ ᠮᠦᠩᠬᠦ ᠪᠠ ᠠᠪᠤᠷᠠᠨ ᠳᠤᠰᠠᠯᠠᠬᠤ ᠮᠦᠩᠬᠦ ᠶᠢ 1.36 ᠳ᠋ᠦᠩᠰᠢᠭᠤᠷ ᠳᠦᠬᠦᠷᠢᠭ ᠳᠠᠷᠬᠠᠭᠠᠵᠦ᠂ 26292 ᠬᠦᠴᠢᠷᠳᠡᠯᠳᠠᠢ ᠠᠷᠠᠳ ᠳᠦᠮᠡᠨ ᠳᠤ ᠠᠰᠢᠭ ᠬᠦᠷᠳᠡᠭᠡᠵᠡᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号