ᠵᠠᠰᠠᠭ ᠤᠨ ᠤᠷᠳᠤᠨ ᠤ ᠠᠵᠢᠯ ᠤᠨ ᠬᠠᠷᠢᠭᠤ ᠮᠡᠳᠡᠬᠦᠯᠦᠯᠳᠡ
ᠨᠡᠶᠢᠲᠡᠯᠡᠭᠰᠡᠨ ᠴᠠᠭ᠄
2018-12-10
       ︵ᠳᠤᠯᠤᠭ᠎ᠠ︶ ᠨᠡᠶᠢᠬᠡᠮ ᠤᠨ ᠠᠵᠢᠯ ᠤᠶᠢᠯᠡᠰ ᠦᠷᠬᠦᠯᠵᠢᠨ ᠠᠯᠬᠤᠮ ᠳᠠᠪᠰᠢᠪᠠ        ᠳᠠᠪᠤᠨ ᠵᠢᠯ ᠤᠨ ᠳᠤᠷᠰᠢ᠂ ᠪᠢᠳᠡ ᠬᠠᠮᠳᠤ ᠪᠠᠷ ᠪᠠᠶᠢᠭᠤᠯᠤᠨ ᠬᠠᠮᠳᠤ ᠪᠠᠷ ᠡᠳ᠋ᠯᠡᠬᠦ ᠬᠦᠭᠵᠢᠯᠳᠡ ᠶᠢᠨ ᠤᠶᠢᠯᠠᠭᠠᠭᠳᠠᠬᠤᠨ ᠢ ᠪᠠᠳᠤ ᠪᠠᠷᠢᠮᠳᠠᠯᠠᠵᠦ᠂ ᠤᠯᠠᠨ ᠨᠠᠶᠢᠳᠠ ᠶᠢᠨ ᠤᠶᠢᠯᠡᠴᠢᠯᠡᠭᠡ ᠶᠢ ᠳᠡᠩᠴᠡᠬᠦᠷᠢᠰᠢᠬᠦᠯᠬᠦ ᠶᠢ ᠢᠳᠡᠪᠬᠢᠳᠡᠢ ᠳᠦᠯᠬᠢᠨ ᠠᠬᠢᠭᠤᠯᠵᠦ᠂ ᠪᠦᠬᠦ ᠤᠷᠤᠨ ᠤ ᠠᠷᠠᠳ ᠳᠦᠮᠡᠨ ᠦᠭᠡᠷᠡᠴᠢᠯᠡᠯᠳᠡ ᠬᠦᠭᠵᠢᠯᠳᠡ ᠶᠢᠨ ᠦᠷ᠎ᠡ ᠪᠦᠳᠦᠭᠡᠯ ᠢ ᠬᠦᠢᠴᠡᠳ ᠡᠳ᠋ᠯᠡᠪᠡ᠃ ᠴᠢᠨᠠᠷ ᠰᠠᠶᠢᠳᠠᠢ ᠰᠤᠷᠭᠠᠨ ᠬᠦᠮᠦᠵᠢᠯ ᠢ ᠶᠡᠭᠡᠪᠡᠷ ᠬᠦᠭᠵᠢᠬᠦᠯᠵᠦ᠂ 1 ᠳ᠋ᠦᠩᠰᠢᠭᠤᠷ ᠭᠠᠷᠦᠢ ᠳᠦᠭᠦᠷᠢᠭ ᠤᠨ ᠪᠡᠯᠡ ᠤᠷᠤᠭᠤᠯᠤᠨ ᠰᠤᠷᠭᠠᠭᠤᠯᠢ ᠡᠷᠬᠢᠯᠡᠬᠦ ᠨᠦᠬᠦᠴᠡᠯ ᠢ ᠰᠠᠶᠢᠵᠢᠷᠠᠭᠤᠯᠵᠦ᠂ ᠪᠤᠭᠤᠳᠤ ᠬᠤᠳᠠ ᠶᠢᠨ ᠠᠷᠪᠠᠨ ᠳᠠᠪᠤᠳᠤᠭᠠᠷ ᠳᠤᠮᠳᠠᠳᠤ ᠰᠤᠷᠭᠠᠭᠤᠯᠢ ᠶᠢᠨ ᠰᠢᠨ᠎ᠡ ᠳᠤᠭᠤᠷᠢᠭ᠂ ᠷᠦᠨ ᠳ᠋ᠧ᠂ ᠮᠢᠩ ᠳ᠋ᠧ ᠬᠡᠤᠬᠡᠳ ᠤᠨ ᠴᠡᠴᠡᠷᠯᠢᠭ ᠢ ᠪᠦᠬᠦ ᠳᠠᠯ᠎ᠠ ᠪᠠᠷ ᠡᠬᠢᠯᠡᠬᠦᠯᠵᠦ᠂ ᠪᠤᠭᠤᠳᠤ ᠬᠤᠳᠠ ᠶᠢᠨ ᠵᠢᠩ ᠺᠠᠢ ᠳᠤᠮᠳᠠᠳᠤ ᠰᠤᠷᠭᠠᠭᠤᠯᠢ ᠶᠢ ᠤᠷᠤᠭᠤᠯᠤᠨ ᠠᠪᠴᠢᠷᠠᠵᠦ᠂ ᠤᠯᠤᠰ ᠤᠨ ᠰᠢᠶᠠᠨ ᠤ ᠬᠡᠪᠴᠢᠶᠡᠨ ᠤ ᠠᠯᠪᠡᠨ ᠵᠢᠷᠤᠮ ᠤᠨ ᠰᠤᠷᠭᠠᠨ ᠬᠦᠮᠦᠵᠢᠯ ᠢ ᠦᠨᠳᠤᠰᠤᠨ ᠳᠡᠭᠡᠨ ᠳᠡᠩᠴᠡᠬᠦᠷᠢᠳᠡᠢ ᠪᠠᠶᠢᠯᠭᠠᠬᠤ ᠰᠢᠯᠭᠠᠨ ᠪᠠᠶᠢᠴᠠᠭᠠᠯᠳᠠ ᠶᠢ ᠤᠷᠤᠭᠰᠢᠳᠠᠢ ᠳᠤᠭᠤᠯᠪᠠ ᠃ ᠰᠤᠷᠭᠠᠨ ᠬᠦᠮᠦᠵᠢᠯ ᠤᠨ ᠤᠷᠴᠢᠨ ᠳᠤᠭᠤᠷᠢᠨ ᠢ ᠦᠷᠬᠦᠯᠵᠢᠯᠡᠨ ᠰᠢᠯᠢᠳᠡᠭᠵᠢᠬᠦᠯᠵᠦ᠂ ᠰᠤᠷᠤᠭᠴᠢ ᠶᠢᠨ ᠢᠷᠡᠯᠳᠡ ᠶᠢᠨ ᠶᠠᠰᠤ ᠴᠢᠨᠠᠷ ᠨᠢ ᠢᠯᠡᠳᠳᠡ ᠳᠡᠭᠡᠭᠰᠢᠯᠡᠵᠦ᠂ ᠵᠢᠭᠠᠨ ᠰᠤᠷᠭᠠᠯᠳᠠ ᠶᠢᠨ ᠶᠠᠰᠤ ᠴᠢᠨᠠᠷ ᠮᠡᠳᠡᠭᠳᠡᠮ᠎ᠡ ᠳᠡᠭᠡᠭᠰᠢᠯᠡᠵᠦ᠂ ᠳᠤᠮᠳᠠ ᠳᠡᠭᠡᠳᠤ ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠳᠠ ᠶᠢᠨ ᠬᠤᠪᠢ ᠨᠢ ᠦᠩᠭᠡᠷᠡᠭᠰᠡᠨ ᠬᠦᠮᠦᠨ ᠤ ᠳᠤᠭᠠᠨ ᠤ ᠳᠠᠬᠢᠨ ᠢᠶᠠᠷ ᠨᠡᠮᠡᠭᠳᠡᠪᠡ᠃ ᠡᠷᠡᠬᠦᠯ ᠬᠠᠮᠠᠭᠠᠯᠠᠯ ᠤᠨ ᠣᠶᠢᠯᠡᠰ ᠢ ᠯᠠᠪᠳᠠᠭᠤᠨ ᠪᠠᠳᠤᠳᠠᠢ ᠳᠦᠯᠬᠢᠨ ᠠᠬᠢᠭᠤᠯᠵᠦ᠂ ᠨᠡᠶᠢᠭᠡᠮ ᠳᠤᠭᠤᠷᠢᠭ ᠤᠨ ᠡᠷᠡᠬᠦᠯ ᠬᠠᠮᠠᠭᠠᠯᠠᠯ ᠤᠨ ᠤᠶᠢᠯᠡᠴᠢᠯᠡᠭᠡᠨ ᠤ ᠳᠦᠪ 1᠂ ᠰᠢᠶᠠᠩ ᠪᠠᠯᠭᠠᠰᠤᠨ ᠤ ᠡᠷᠡᠬᠦᠯ ᠬᠠᠮᠠᠭᠠᠯᠠᠯ ᠤᠨ ᠬᠤᠷᠢᠶ᠎ᠠ 2᠂ ᠳᠤᠰᠬᠤᠨ ᠤ ᠡᠷᠡᠬᠦᠯ ᠬᠠᠮᠠᠭᠠᠯᠠᠯ ᠤᠨ ᠪᠠᠷᠢᠮᠵᠢᠶᠠᠴᠢᠯᠠᠭᠰᠠᠨ ᠳᠠᠰᠤᠭ 12᠂ ᠮᠤᠩᠭᠤᠯ ᠳᠦᠪᠡᠳ ᠠᠨᠠᠭᠠᠬᠤ ᠤᠬᠠᠭᠠᠨ ᠤ ᠦᠷᠦᠭᠡ 1᠂ ᠮᠤᠩᠭᠤᠯ ᠬᠢᠳᠡᠳ ᠡᠮᠨᠡᠯᠭᠡ ᠶᠢᠨ ᠦᠷᠦᠭᠡ 2 ᠢ ᠪᠦᠳᠦᠭᠡᠨ ᠪᠠᠶᠢᠭᠤᠯᠵᠦ᠂ ᠪᠤᠭᠤᠳᠤ ᠶᠢᠨ ᠡᠮᠨᠡᠯᠭᠡ ᠶᠢᠨ ᠬᠤᠷᠢᠶᠠᠨ ᠤ ᠨᠢᠭᠡᠳᠤᠭᠡᠷ ᠬᠠᠷᠢᠶᠠᠳᠤ ᠡᠮᠨᠡᠯᠭᠡ ᠶᠢᠨ ᠬᠤᠷᠢᠶ᠎ᠠ ᠵᠡᠷᠭᠡ 7 ᠡᠮᠨᠡᠯᠭᠡ ᠶᠢᠨ ᠬᠤᠷᠢᠶ᠎ᠠ ᠲᠠᠢ ᠬᠤᠯᠪᠤᠭᠠᠳᠤ ᠴᠤᠭᠴᠠ ᠶᠢ ᠪᠠᠶᠢᠭᠤᠯᠵᠦ᠂ ᠭᠡᠷ ᠪᠦᠯᠢ ᠶᠢᠨ ᠡᠮᠴᠢ ᠲᠠᠢ 23743 ᠬᠤᠪᠢ ᠭᠡᠷ᠎ᠡ ᠳᠤᠭᠳᠠᠭᠠᠵᠦ᠂ ᠦᠨᠳᠤᠰᠤᠨ ᠱᠠᠳᠤᠨ ᠤ ᠤᠯᠠᠨ ᠨᠡᠶᠢᠳᠡ ᠶᠢᠨ ᠡᠷᠡᠬᠦᠯ ᠬᠠᠮᠠᠭᠠᠯᠠᠯ ᠤᠨ ᠤᠶᠢᠯᠡᠴᠢᠯᠡᠭᠡᠨ ᠤ ᠰᠢᠰᠲ᠋ᠧᠮ ᠳᠠᠰᠤᠷᠠᠯᠳᠠ ᠦᠬᠡᠢ ᠳᠡᠬᠦᠯᠳᠡᠷᠵᠢᠪᠡ᠃ ᠰᠤᠶᠤᠯ ᠤᠨ ᠤᠶᠢᠯᠡᠰ ᠢ ᠦᠷᠨᠢᠨ ᠬᠦᠭᠵᠢᠬᠦᠯᠵᠦ᠂ ᠰᠤᠶᠤᠯ ᠤᠨ ᠳᠤᠮᠤ ᠬᠦᠷᠢᠶ᠎ᠡ 15᠂ ᠪᠡᠶ᠎ᠡ ᠪᠤᠯᠪᠠᠰᠤᠷᠠᠭᠤᠯᠵᠦ ᠴᠢᠬᠢᠷᠠᠭᠵᠢᠭᠤᠯᠬᠤ ᠦᠷᠳᠡᠭᠡ 20᠂ ᠠᠵᠢᠯᠯᠠᠭᠠᠨ ᠤ ᠳᠦᠪ 5᠂ ᠤᠯᠠᠨ ᠶᠠᠩᠵᠦ ᠬᠡᠯᠪᠡᠷᠢ ᠶᠢᠨ ᠤᠯᠠᠨ ᠳᠦᠮᠡᠨ ᠤ ᠦᠵᠡᠵᠦ ᠰᠤᠨᠢᠷᠬᠠᠬᠤ ᠳᠤᠷᠠᠳᠠᠢ ᠤᠳᠬ᠎ᠠ ᠤᠷᠠᠯᠢᠭ ᠪᠡᠶ᠎ᠡ ᠳᠠᠮᠢᠷ ᠤᠨ ᠬᠦᠳᠡᠯᠭᠡᠭᠡᠨ ᠢ ᠦᠷᠨᠢᠬᠦᠯᠪᠡ᠃ ᠰᠢᠤᠳᠠᠨ ᠵᠢᠷᠤᠬᠤ᠂ ᠳᠤᠷᠠᠰᠬᠠᠯ ᠤᠨ ᠪᠤᠳᠠᠰ ᠵᠡᠷᠭᠡ ᠵᠢᠭᠤᠯᠴᠢᠯᠠᠯ ᠤᠨ ᠪᠦᠳᠦᠭᠡᠭᠳᠡᠬᠦᠨ ᠢ ᠵᠢᠷᠦᠵᠦ ᠳᠦᠯᠦᠪᠯᠡᠨ ᠨᠡᠭᠡᠭᠡᠵᠦ᠂ ︽ᠪᠠᠳᠺᠠᠷ ᠰᠦᠮ᠎ᠡ ᠶᠢᠨ ᠳᠤᠬᠠᠢ ᠵᠢᠷᠤᠭ ᠢᠶᠠᠷ ᠦᠬᠦᠯᠡᠬᠦ︾᠂ ︽ᠪᠠᠳᠺᠠᠷ ᠰᠦᠮ᠎ᠡ ᠶᠢᠨ ᠳᠤᠬᠠᠢ ᠦᠬᠦᠯᠡᠬᠦ ᠨᠢ︾ ᠵᠡᠷᠭᠡ ᠴᠤᠪᠤᠷᠠᠯ ᠪᠢᠴᠢᠭ ᠢ ᠬᠡᠪᠯᠡᠨ᠂ ᠰᠤᠶᠤᠯ ᠵᠤᠭᠠᠴᠠᠯ ᠤᠨ ᠳᠦᠷᠦᠭᠦᠴᠦᠳ ᠤᠨ ᠶᠠᠷᠢᠶᠠᠨ ᠤ ᠳᠠᠪᠴᠡᠩ᠂ ᠪᠦᠬᠦ ᠤᠯᠤᠰ ᠤᠨ ᠬᠡᠪᠴᠢᠶᠡᠨ ᠤ ᠳᠤᠭᠤᠢ ᠳᠡᠷᠭᠡᠨ ᠤ ᠤᠷᠢᠯᠭ᠎ᠠ ᠶᠢᠨ ᠤᠷᠤᠯᠳᠤᠭᠠᠨ᠂ ᠴᠠᠭᠠᠰᠤᠨ ᠰᠢᠪᠠᠭᠤ ᠰᠤᠶᠤᠯ ᠤᠨ ᠨᠠᠶᠢᠷ ᠤᠨ ᠰᠢᠷᠢᠰ ᠠᠵᠢᠯᠯᠠᠭ᠎ᠠ ᠶᠢ ᠡᠷᠬᠢᠯᠡᠵᠦ᠂ ︽ᠬᠦᠯᠢᠶᠡᠬᠦ︾᠂ ︽ᠤᠮᠠᠷᠠᠳᠤ ᠤᠷᠤᠨ ᠤ ᠡᠬᠡ ᠭᠠᠵᠠᠷ︾ ᠵᠡᠷᠭᠡ ᠤᠯᠠᠨ ᠢᠵᠢ ᠺᠢᠨᠤ᠋ ᠲᠧᠯᠸᠢᠰ ᠵᠦᠴᠦᠭᠡ ᠢ ᠳᠠᠯᠠᠨ ᠬᠠᠷ᠎ᠠ ᠠᠭᠤᠯᠠ ᠶᠢᠨ ᠺᠢᠨᠤ᠋ ᠲᠧᠯᠸᠢᠰ ᠤᠨ ᠰᠠᠭᠤᠷᠢᠨ ᠭᠠᠵᠠᠷ ᠲᠤ ᠦᠵᠡᠮᠵᠢ ᠰᠤᠩᠭᠤᠨ  ᠰᠢᠩᠭᠡᠭᠡᠯᠳᠡ ᠪᠠᠨ ᠡᠬᠢᠯᠡᠬᠦᠯᠵᠡᠢ᠃ ᠪᠠᠳᠺᠠᠷ ᠰᠦᠮ᠎ᠡ ᠵᠢᠭᠤᠯᠴᠢᠯᠠᠯ ᠤᠨ ᠦᠵᠡᠮᠵᠢ ᠶᠢᠨ ᠤᠷᠤᠨ ᠨᠢ ᠤᠯᠤᠰ ᠤᠨ ᠠᠩᠬᠠᠨ ᠤ ᠨᠡᠶᠢᠳᠡᠮ ᠤᠨ ᠬᠡᠷᠡᠭᠯᠡᠭᠡᠨ ᠤ ᠠᠭᠠᠷ ᠤᠨ ᠠᠶᠠᠯᠠᠯ ᠵᠢᠭᠤᠯᠴᠢᠯᠠᠯ ᠤᠨ ᠵᠢᠱᠢᠶ᠎ᠡ ᠦᠵᠡᠬᠦᠯᠬᠦ ᠨᠢᠭᠡᠴᠢ ᠶᠢᠨ ᠨᠡᠷᠡᠰ ᠲᠤ ᠳᠤᠳᠤᠷᠬᠠᠶᠢᠯᠠᠭᠳᠠᠵᠦ᠂ ᠭᠠᠵᠠᠷ ᠤᠷᠤᠨ ᠤ ᠨᠡᠷ᠎ᠡ ᠠᠯᠳᠠᠷ ᠨᠢ ᠳᠠᠰᠤᠷᠠᠯᠳᠠ ᠦᠬᠡᠢ ᠦᠷᠭᠡᠳᠪᠡ᠃ ᠳᠡᠤᠬᠡᠨ ᠳᠤᠷᠠᠰᠬᠠᠯᠳᠤ ᠵᠤᠶᠢᠯᠡᠰ ᠤᠨ ᠨᠡᠶᠢᠳᠡᠮ ᠪᠠᠶᠢᠴᠠᠭᠠᠯᠳᠠ ᠶᠢ ᠴᠢᠩᠭᠠᠷᠠᠭᠤᠯᠵᠦ᠂ ᠡᠯ᠎ᠡ ᠳᠡᠤᠭᠡᠨ ᠴᠠᠭ ᠤᠨ 122 ᠭᠠᠵᠠᠷ ᠤᠨ ᠳᠡᠤᠭᠡᠨ ᠪᠠᠭᠤᠷᠢ ᠪᠤᠯᠤᠨ 2390 ᠵᠤᠶᠢᠯ ᠤᠨ ᠳᠡᠤᠬᠡᠨ ᠳᠤᠷᠠᠰᠬᠠᠯᠳᠤ ᠡᠳ᠋ ᠢ ᠨᠡᠶᠢᠳᠡᠮ ᠪᠠᠶᠢᠴᠠᠭᠠᠭᠰᠠᠨ ᠪᠠᠶᠢᠨ᠎ᠠ᠃ ᠠᠶᠤᠯᠬᠦᠢ ᠤᠶᠢᠯᠡᠳᠪᠤᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠪᠦᠬᠦ ᠳᠠᠯ᠎ᠠ ᠪᠠᠷ ᠨᠠᠶᠢᠳᠡᠪᠤᠷᠢᠵᠢᠭᠤᠯᠵᠦ᠂ ᠳᠦᠷᠪᠡᠨ ᠶᠡᠭᠡ ᠤᠳᠤᠷᠢᠢᠳᠬᠤ ᠪᠠᠭ ᠤᠨ ᠤᠳᠤᠷᠢᠳᠤᠯᠭ᠎ᠠ ᠳᠠᠭᠠᠭᠤᠯᠵᠦ᠂ ᠠᠶᠤᠯᠬᠦᠢ ᠤᠶᠢᠯᠡᠳᠪᠤᠷᠢᠯᠡᠯ ᠤᠨ ᠶᠡᠭᠡ ᠪᠠᠶᠢᠴᠠᠭᠠᠯᠳᠠ ᠶᠢ ᠦᠷᠬᠦᠯᠵᠢᠯᠡᠨ ᠦᠷᠨᠢᠬᠦᠯᠵᠦ᠂ ᠠᠮᠤᠷ ᠳᠦᠪᠰᠢᠨ ᠤ ᠳᠠᠯᠳᠠ ᠭᠡᠮ ᠰᠤᠶᠤᠭᠠᠯᠠᠨ ᠴᠤᠬᠤᠶᠢᠵᠦ ᠪᠠᠶᠢᠬᠤ ᠴᠠᠭ ᠲᠤ ᠨᠢ ᠠᠷᠢᠯᠭᠠᠵᠦ ᠦᠭᠡᠶᠢᠳᠡᠬᠦᠯᠦᠨ᠎ᠡ᠃ ᠵᠠᠬᠢᠳᠠᠯ ᠢᠶᠠᠷ ᠰᠤᠷᠪᠤᠯᠵᠢᠯᠠᠬᠤ ᠠᠵᠢᠯ ᠢ ᠴᠢᠩᠭᠠᠳᠬᠠᠨ ᠰᠠᠶᠢᠵᠢᠷᠠᠭᠤᠯᠵᠦ᠂ ᠨᠡᠶᠢᠳᠡ 478 ᠬᠤᠪᠢ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠢᠳᠪᠤᠷᠢᠯᠡᠪᠡ᠃ ᠵᠠᠬᠢᠳᠠᠯ ᠤᠨ ᠰᠤᠷᠪᠤᠯᠵᠢᠯᠠᠭ᠎ᠠ ᠳᠤ ᠤᠷᠤᠯᠴᠠᠭᠰᠠᠨ ᠦᠭᠡᠢ ᠬᠦᠮᠦᠨ ᠤ ᠳᠤᠭ᠎ᠠ ᠪᠦᠬᠦ ᠬᠤᠳᠠ ᠳᠤ ᠬᠠᠮᠤᠭ ᠤᠨ ᠳᠤᠤᠷ᠎ᠠ ᠪᠠᠶᠢᠵᠦ᠂ ᠵᠠᠬᠢᠳᠠᠯ ᠢᠶᠠᠷ ᠰᠤᠷᠪᠤᠯᠵᠢᠯᠠᠬᠤ ᠸᠢᠴᠠᠲ ᠤᠨ ᠨᠡᠶᠢᠳᠡ ᠶᠢᠨ ᠳᠠᠪᠴᠡᠩ ᠨᠢ ᠤᠯᠤᠰ ᠤᠨ ᠵᠠᠬᠢᠳᠠᠯ ᠰᠤᠷᠪᠤᠯᠵᠢᠯᠠᠭ᠎ᠠ ᠶᠢᠨ ᠵᠢᠭᠰᠠᠭᠠᠯᠳᠠ ᠳᠡᠭᠡᠷᠡᠬᠢ ᠬᠠᠮᠤᠭ ᠤᠨ ᠶᠡᠭᠡ ᠨᠦᠯᠦᠭᠡᠯᠡᠬᠦ ᠬᠦᠴᠦᠨ ᠲᠠᠢ ᠨᠡᠶᠢᠳᠡ ᠶᠢᠨ ᠳᠠᠪᠴᠡᠩ ᠢᠶᠠᠷ ᠦᠨᠡᠯᠡᠭᠳᠡᠪᠡ᠃ ᠨᠡᠶᠢᠭᠡᠮ ᠤᠨ ᠠᠮᠤᠷ ᠳᠦᠪᠰᠢᠨ ᠢ ᠶᠡᠷᠦᠩᠭᠡᠶᠢᠯᠡᠨ ᠵᠠᠰᠠᠬᠤ ᠠᠵᠢᠯ ᠢ ᠴᠢᠩᠭᠠᠳᠬᠠᠵᠦ᠂ ᠬᠠᠤᠯᠢ ᠶᠢ ᠵᠦᠷᠢᠴᠡᠭᠰᠡᠨ ᠡᠯ᠎ᠠ ᠳᠦᠷᠦᠯ ᠤᠨ ᠶᠠᠯᠠᠳᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠦ᠂ ᠨᠡᠶᠢᠳᠡ 236 ᠤᠨᠴᠠ ᠴᠢᠬᠤᠯᠠ ᠬᠦᠨᠳᠤ ᠬᠡᠷᠡᠭ ᠢ ᠢᠯᠡᠷᠡᠬᠦᠯᠵᠡᠢ᠃ 2 ᠶᠡᠭᠡ ᠮᠤᠵᠢ ᠠᠯᠤᠰᠯᠠᠭᠰᠠᠨ ᠬᠤᠤᠷᠳᠤ ᠡᠳ᠋ ᠫᠠᠨᠽᠠᠯᠠᠬᠤ ᠬᠡᠷᠡᠭ ᠢ ᠢᠯᠡᠷᠡᠬᠦᠯᠦᠭᠰᠡᠨ ᠨᠢ ᠳᠤᠳᠤᠭᠠᠳᠤ ᠢ ᠬᠠᠮᠠᠭᠠᠯᠠᠬᠤ ᠶᠠᠮᠤᠨ ᠤ ᠰᠠᠶᠢᠰᠢᠶᠠᠯ ᠢ ᠬᠦᠷᠳᠡᠵᠦ᠂ ᠨᠡᠶᠢᠭᠡᠮ ᠤᠨ ᠠᠮᠤᠷ ᠳᠤᠭᠳᠠᠭᠤᠨ ᠡᠶ᠎ᠡ ᠨᠠᠶᠢᠷᠠᠮᠳᠠᠭᠤ ᠶᠢ ᠪᠠᠳᠤᠯᠠᠵᠠᠢ᠃ ︽ᠵᠢᠷᠭᠤᠭ᠎ᠠ ᠳᠠᠪᠤ︾᠂ ︽ᠳᠤᠯᠤᠭ᠎ᠠ ᠳᠠᠪᠤ︾ ᠶᠢᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠬᠦᠨᠵᠡᠬᠡᠢ ᠳᠦᠭᠡᠮᠡᠯᠵᠢᠬᠦᠯᠵᠦ᠂ ᠪᠤᠯᠪᠠᠰᠤᠨ ᠬᠤᠳᠠ ᠳᠤᠭᠤᠷᠢᠭ ᠤᠨ ᠡᠬᠦᠳᠤᠨ ᠪᠠᠶᠢᠭᠤᠯᠬᠤ ᠠᠵᠢᠯᠯᠠᠭ᠎ᠠ ᠶᠢ ᠢᠳᠡᠪᠬᠢᠳᠡᠢ ᠦᠷᠨᠢᠭᠦᠯᠵᠦ᠂ 8 ᠵᠠᠰᠠᠭ ᠵᠠᠬᠢᠷᠭᠠᠨ ᠤ ᠳᠤᠰᠬᠤᠨ ᠳᠤᠰ ᠳᠤᠰ ᠦᠪᠡᠷᠳᠡᠬᠡᠨ ᠵᠠᠰᠠᠬᠤ ᠤᠷᠤᠨ ᠤ ᠪᠤᠭᠤᠳᠤ ᠬᠤᠳᠠ ᠶᠢᠨ ᠪᠤᠯᠪᠠᠰᠤᠨ ᠳᠤᠰᠬᠤᠨ ᠪᠠᠯᠭᠠᠰᠤ ᠶᠢᠨ ᠨᠡᠷᠡᠶᠢᠳᠤᠯ ᠬᠦᠷᠳᠡᠭᠰᠡᠨ ᠪᠠᠶᠢᠨ᠎ᠠ᠃ ᠦᠨᠳᠤᠰᠤᠳᠡᠨ ᠤ ᠱᠠᠰᠢᠨ ᠰᠤᠷᠳᠠᠬᠤᠨ᠂ ᠬᠤᠶᠠᠷ ᠢ ᠬᠦᠷᠢᠶᠡᠯᠡᠵᠦ ᠬᠠᠷᠠᠭᠠᠯᠵᠠᠯ ᠦᠵᠡᠬᠦᠯᠬᠦ᠂ ᠭᠠᠮᠰᠢᠭ ᠢ ᠰᠠᠷᠬᠡᠶᠢᠯᠡᠵᠦ ᠭᠠᠮᠰᠢᠭ ᠠᠴᠠ ᠠᠪᠤᠷᠠᠬᠤ᠂ ᠳᠠᠩᠰᠠ ᠡᠪᠬᠡᠮᠡᠯ ᠢᠶᠠᠷ ᠨᠠᠮᠳᠠᠷ ᠳᠡᠮᠳᠡᠭᠯᠡᠬᠦ᠂ ᠭᠠᠶᠢᠯᠢ ᠶᠢᠨ ᠶᠠᠪᠤᠳᠠᠯ ᠮᠦᠩᠭᠦᠨ ᠬᠦᠢᠯᠭᠡᠭᠡ ᠵᠡᠷᠭᠡ ᠠᠵᠢᠯ ᠢ ᠪᠦᠬᠦ ᠳᠠᠯ᠎ᠠ ᠪᠠᠷ ᠴᠢᠩᠭᠠᠳᠬᠠᠵᠦ᠂ ᠤᠯᠠᠭᠠᠨ ᠵᠠᠭᠠᠯᠮᠠᠢ ᠨᠠᠰᠤᠳᠠᠶᠢᠴᠤᠳ ᠪᠤᠯᠤᠨ ᠵᠠᠮᠳᠡᠭᠴᠤᠳ ᠢ ᠬᠠᠯᠠᠮᠵᠢᠯᠠᠬᠤ ᠠᠵᠢᠯ ᠤᠶᠢᠯᠡᠰ ᠰᠢᠨ᠎ᠡ ᠠᠬᠢᠯᠳᠠ ᠲᠠᠢ ᠪᠤᠯᠪᠠ᠃         ︵ᠨᠠᠢᠮᠠ︶ ᠦᠪᠡᠷ ᠤᠨ ᠪᠦᠳᠦᠭᠡᠨ ᠪᠠᠶᠢᠭᠤᠯᠤᠯᠳᠠ ᠪᠠᠨ ᠦᠷᠬᠦᠯᠵᠢᠯᠡᠨ ᠴᠢᠩᠭᠠᠳᠬᠠᠪᠠ        ᠳᠠᠪᠤᠨ ᠵᠢᠯ ᠤᠨ ᠳᠤᠷᠰᠢ᠂ ᠪᠢᠳᠡ ᠢᠮᠠᠭᠳᠠ ᠠᠷᠠᠳ ᠤᠨ ᠳᠦᠯᠦᠭᠡ ᠳᠦᠷᠦ ᠪᠠᠷᠢᠬᠤ ᠤᠶᠢᠯᠠᠭᠠᠭᠳᠠᠬᠤᠨ ᠢ ᠪᠠᠷᠢᠮᠳᠠᠯᠠᠵᠦ᠂ ︽ᠳᠦᠷᠪᠡᠨ ᠤᠬᠠᠮᠰᠡᠷ︾ ᠢ ᠪᠠᠳᠤ ᠪᠠᠬᠢ ᠪᠤᠯᠭᠠᠵᠦ᠂ ᠤᠯᠠᠨ ᠳᠦᠮᠡᠨᠴᠢ ᠱᠤᠭᠤᠮ᠂ ︽ᠭᠤᠷᠪᠠᠨ ᠴᠢᠩᠭ᠎ᠠ ᠭᠤᠷᠪᠠᠨ ᠪᠤᠳᠠᠳᠠᠢ︾᠂ ︽ᠬᠤᠶᠠᠷ ᠢ ᠰᠤᠷᠤᠯᠴᠠᠵᠦ ᠨᠢᠭᠡ ᠳᠡᠩᠴᠡᠬᠦᠯᠬᠦ︾ ᠱᠠᠭᠠᠷᠳᠠᠯᠭ᠎ᠠ ᠶᠢ ᠨᠠᠷᠢᠨ ᠬᠢᠨᠠᠮᠠᠭᠠᠢ ᠤᠶᠢᠯᠡᠳᠤᠯᠭᠡᠵᠢᠬᠦᠯᠵᠦ᠂ ᠠᠷᠠᠳ ᠳᠦᠮᠡᠨ ᠳᠤ ᠤᠶᠢᠯᠡᠴᠢᠯᠡᠬᠦ ᠴᠢᠳᠠᠪᠤᠷᠢ ᠪᠠ ᠬᠠᠤᠯᠢ ᠶᠤᠰᠤᠭᠠᠷ ᠵᠠᠰᠠᠭ ᠶᠠᠪᠤᠭᠤᠯᠬᠤ ᠬᠢᠷᠢ ᠬᠡᠮᠵᠢᠶ᠎ᠡ ᠪᠠᠨ ᠪᠦᠬᠦ ᠳᠠᠯ᠎ᠠ ᠪᠠᠷ ᠳᠡᠭᠡᠭᠰᠢᠯᠡᠬᠦᠯᠵᠡᠢ᠃ ᠳᠦᠪ ᠬᠤᠷᠢᠶᠠᠨ ᠤ ᠨᠠᠢᠮᠠᠨ ᠵᠤᠷᠪᠤᠰ ᠪᠤᠯᠤᠨ ᠦᠪᠡᠷᠳᠡᠭᠡᠨ ᠵᠠᠰᠠᠬᠤ ᠤᠷᠤᠨ ᠤ ᠪᠤᠭᠤᠳᠤ ᠬᠤᠳᠠ ᠶᠢᠨ ᠢᠵᠢ ᠪᠦᠷᠢᠯᠳᠤᠬᠦᠯᠦᠭᠰᠡᠨ ︽ᠭᠤᠷᠪᠡᠨ ᠶᠢ ᠢᠯᠡ ᠪᠤᠯᠭᠠᠬᠤ︾ ᠠᠯᠪᠡᠨ ᠵᠠᠷᠤᠳᠠᠯ  ᠤᠨ ᠳᠤᠭᠳᠠᠭᠠᠯ ᠢ ᠴᠢᠩᠭ᠎ᠠ ᠬᠡᠷᠡᠭᠵᠢᠬᠦᠯᠵᠦ᠂ ᠠᠯᠪᠡᠨ ᠬᠡᠷᠡᠭᠯᠡᠭᠡᠨ ᠤ ᠭᠡᠷ ᠪᠠᠶᠢᠰᠢᠩ ᠤᠨ ᠪᠠᠷᠢᠮᠵᠢᠶ᠎ᠡ ᠶᠢ ᠴᠢᠩᠭ᠎ᠠ ᠬᠢᠵᠠᠭᠠᠷᠯᠠᠵᠦ᠂ ᠠᠯᠪᠡᠨ ᠤ ᠳᠡᠷᠭᠡ ᠬᠡᠷᠡᠭᠯᠡᠬᠦ ᠶᠢ ᠦᠭᠡᠷᠡᠴᠢᠯᠡᠨ ᠪᠡᠶᠡᠯᠡᠬᠦᠯᠵᠦ᠂ ᠪᠠᠶᠢᠭᠤᠯᠭ᠎ᠠ ᠶᠢᠨ ᠬᠡᠪ ᠰᠤᠷᠳᠠᠯ ᠳᠤ ᠢᠯᠡᠳᠳᠡ ᠬᠤᠪᠢᠷᠠᠯᠳᠠ ᠭᠠᠷᠤᠭᠰᠠᠨ ᠪᠠᠶᠢᠨ᠎ᠠ᠃ ᠳᠤᠭᠤᠷᠢᠭ ᠤᠨ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ ᠶᠤᠰᠤᠭᠠᠷ ᠬᠢᠨᠠᠯᠳᠠ ᠳᠠᠯᠪᠢᠬᠤ ᠪᠠ ᠤᠯᠤᠰ ᠳᠦᠷᠦ ᠶᠢᠨ ᠵᠦᠪᠯᠡᠯᠭᠡᠨ ᠤ ᠠᠷᠠᠳᠴᠢᠯᠠᠯ ᠢᠶᠠᠷ ᠬᠢᠨᠠᠯᠳᠠ ᠳᠠᠯᠪᠢᠬᠤ ᠶᠢ  ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠳᠦᠯᠦᠭᠡᠯᠡᠭᠴᠢᠳ ᠤᠨ ᠰᠠᠨᠠᠭᠤᠯᠭ᠎ᠠ ᠶᠢ ᠨᠡᠶᠢᠳᠡ 190 ᠬᠤᠪᠢ᠂ ᠤᠯᠤᠰ ᠳᠦᠷᠦ ᠶᠢᠨ ᠵᠦᠪᠯᠡᠯᠭᠡᠨ ᠤ ᠬᠡᠰᠢᠬᠦᠨ ᠤ ᠰᠠᠨᠠᠯ ᠵᠦᠪᠯᠡᠯᠭᠡ ᠶᠢ 261 ᠬᠤᠪᠢ ᠰᠢᠢᠳᠬᠡᠨ ᠬᠦᠢᠴᠡᠳᠭᠡᠵᠡᠢ᠃ ᠨᠠᠮ ᠤᠨ ᠰᠤᠷᠳᠠᠯ ᠪᠠ ᠠᠷᠢᠭᠤᠨ ᠴᠢᠭᠡᠴᠢ ᠪᠠᠷ ᠵᠠᠰᠠᠭ ᠪᠠᠷᠢᠬᠤ ᠪᠠᠶᠢᠭᠤᠯᠤᠯᠳᠠ ᠶᠢ ᠴᠢᠩᠭᠠᠳᠬᠠᠵᠦ᠂ ︽ᠨᠢᠭᠡ ᠠᠵᠢᠯ ᠤᠨ ᠪᠠᠶᠢᠷᠢᠨ ᠳᠤ ᠬᠤᠶᠠᠷ ᠬᠠᠷᠢᠭᠤᠴᠠᠯᠭ᠎ᠠ︾ ᠪᠠᠶᠢᠬᠤ ᠶᠢ ᠨᠠᠶᠢᠳᠠᠪᠤᠷᠢᠵᠢᠭᠤᠯᠵᠦ᠂ ᠬᠦᠨᠳᠤ ᠴᠢᠬᠤᠯᠠ ᠳᠤᠮᠤ ᠪᠡᠯᠡ ᠤᠷᠤᠭᠤᠯᠤᠯᠳᠠ ᠶᠢᠨ ᠳᠦᠰᠦᠪᠯᠡᠯ ᠢ ᠮᠦᠷᠳᠡᠨ ᠬᠢᠨᠠᠨ ᠪᠤᠳᠤᠬᠤ ᠪᠠ ᠤᠳᠤᠷᠢᠳᠬᠤ ᠺᠠᠳᠠᠷ ᠤᠨ ᠳᠤᠰᠢᠶᠠᠯ ᠳᠤ ᠪᠠᠶᠢᠭ᠎ᠠ ᠬᠤᠭᠤᠴᠠᠭᠠᠨ ᠤ ᠬᠢᠨᠠᠨ ᠪᠤᠳᠤᠯᠳᠠ ᠶᠢ ᠦᠷᠨᠢᠬᠦᠯᠵᠦ᠂ ᠵᠠᠰᠠᠭ ᠤᠨ ᠤᠷᠳᠤᠨ ᠤ ᠨᠡᠶᠢᠳᠡ ᠶᠢᠨ ᠢᠳᠡᠭᠡᠮᠵᠢ ᠶᠢ ᠬᠦᠢᠴᠡᠳᠭᠡᠬᠦ ᠬᠦᠴᠦᠨ ᠡᠳᠤᠷ ᠢᠷᠡᠬᠦᠶ᠎ᠡ ᠳᠡᠭᠡᠭᠰᠢᠯᠡᠵᠦ᠂ ᠠᠵᠢᠯᠳᠡᠨ ᠠᠵᠢᠯᠴᠢᠨ ᠤ ᠰᠢᠨ᠎ᠡ ᠶᠢ ᠡᠬᠦᠳᠬᠦ ᠬᠦᠭᠵᠢᠯᠳᠡ ᠶᠢᠨ ᠢᠳᠡᠪᠬᠢᠵᠢᠯ ᠪᠠ ᠰᠠᠨᠠᠭᠠᠴᠢᠯᠠᠭᠠᠳᠤ ᠴᠢᠨᠠᠷ ᠢᠯᠡᠳᠳᠠ ᠴᠢᠩᠭᠠᠷᠠᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号