ᠵᠠᠰᠠᠭ ᠤᠨ ᠤᠷᠳᠤᠨ ᠤ ᠠᠵᠢᠯ ᠤᠨ ᠬᠠᠷᠢᠭᠤ ᠮᠡᠳᠡᠬᠦᠯᠦᠯᠳᠡ
ᠨᠡᠶᠢᠲᠡᠯᠡᠭᠰᠡᠨ ᠴᠠᠭ᠄
2018-12-10
         ᠨᠦᠬᠦᠳ ᠡ᠄ ᠳᠠᠪᠤᠨ ᠵᠢᠯ ᠤᠨ ᠳᠤᠷᠰᠢᠬᠢ ᠳᠠᠮᠡᠴᠡᠯ ᠤᠨ ᠦᠩᠭᠡᠷᠡᠯᠳᠠ ᠪᠤᠯ ᠬᠦᠴᠢᠷ ᠢ ᠳᠤᠭᠤᠯᠤᠨ ᠪᠡᠷᠭᠡ ᠶᠢ ᠳᠠᠪᠠᠵᠦ ᠪᠦᠯᠬᠦᠮᠳᠠᠯ ᠳᠠᠪᠰᠢᠯᠳᠠ ᠶᠢᠨ ᠤᠶᠢᠯᠡᠰ ᠪᠤᠰᠬᠠᠭᠰᠠᠨ ᠳᠡᠤᠬᠡ᠂ ᠨᠡᠭᠡᠨ ᠳᠡᠪᠠᠵᠦ ᠴᠢᠷᠮᠠᠶᠢᠨ ᠳᠡᠮᠡᠴᠡᠭᠰᠡᠨ ᠳᠡᠤᠬᠡ᠂ ᠵᠤᠷᠢᠭᠳᠠᠢ ᠪᠠᠷ ᠰᠢᠨ᠎ᠡ ᠶᠢ ᠡᠬᠦᠳᠴᠦ᠂ ᠴᠠᠭ ᠦᠶ᠎ᠡ ᠶᠢ ᠲᠠᠭᠠᠨ ᠤᠷᠤᠭᠰᠢᠯᠠᠭᠰᠠᠨ ᠦᠭᠡᠷᠡᠴᠢᠯᠡᠯᠳᠡ ᠶᠢᠨ ᠳᠡᠤᠬᠡ ᠮᠦᠨ᠃ ᠡᠬᠢ ᠪᠠᠶᠠᠯᠢᠭ ᠰᠢᠪᠬᠠᠷᠤᠭᠰᠠᠨ ᠬᠤᠳᠠ ᠶᠢᠨ ᠬᠡᠯᠪᠡᠷᠢ ᠶᠢᠨ ᠬᠤᠪᠢᠷᠠᠭᠤᠯᠤᠯᠳᠠ ᠳᠤ ᠪᠦᠬᠦᠳᠡᠭᠡᠷ ᠢᠶᠠᠨ ᠡᠷᠡᠮᠡᠬᠡᠶᠢᠯᠡᠨ ᠤᠷᠤᠭᠰᠢᠯᠡᠨ ᠪᠡᠷᠭᠡ ᠶᠢ ᠬᠠᠮᠳᠤᠪᠠᠷ ᠳᠠᠶᠢᠴᠢᠯᠠᠨ ᠳᠤᠭᠤᠯᠤᠨ ᠠᠵᠦ ᠠᠬᠤᠢ ᠨᠡᠶᠢᠭᠡᠮ ᠤᠨ ᠳᠤᠭᠳᠠᠭᠤᠨ ᠪᠦᠭᠡᠳ ᠡᠷᠡᠬᠦᠯ ᠢᠶᠠᠷ ᠦᠷᠬᠦᠯᠵᠢᠯᠡᠨ ᠬᠦᠭᠵᠢᠬᠦ ᠶᠢ ᠪᠠᠳᠤᠯᠠᠵᠦ᠂ ᠰᠢᠨ᠎ᠡ ᠴᠠᠭ ᠦᠶ᠎ᠡ ᠶᠢᠨ ᠨᠡᠭᠡᠭᠡᠯᠳᠡ ᠳᠤ ᠬᠦᠴᠦᠨ ᠬᠤᠷᠠᠮᠳᠤᠭᠤᠯᠪᠠ᠃ ᠠᠵᠠ ᠵᠠᠪᠰᠢᠶᠠᠨ ᠢ ᠡᠵᠡᠮᠳᠡᠨ ᠬᠦᠴᠢᠷᠳᠡᠯ ᠢ ᠰᠢᠪᠳᠤᠯᠤᠨ᠂ ᠤᠯᠤᠰ ᠤᠨ ᠤᠶᠤᠨᠳᠤ ᠬᠤᠳᠠ ᠶᠢᠨ ᠳᠤᠷᠰᠢᠯᠳᠠ ᠶᠢᠨ ᠴᠢᠭ᠋᠂ ᠵᠢᠭᠤᠯᠴᠢᠯᠠᠯ ᠤᠨ ᠵᠢᠱᠢᠶ᠎ᠡ ᠦᠵᠡᠬᠦᠯᠬᠦ ᠤᠷᠤᠨ ᠪᠦᠰᠠ᠂ ᠵᠢᠱᠢᠶ᠎ᠡ ᠦᠵᠡᠬᠦᠯᠬᠦ ᠨᠢᠭᠡᠴᠢ ᠪᠠᠷ ᠴᠤᠯᠠᠯᠠᠭᠳᠠᠨ ᠪᠦᠬᠦ ᠤᠯᠤᠰ ᠤᠨ ᠨᠡᠶᠢᠳᠡᠮ ᠤᠨ ᠬᠡᠷᠡᠭᠯᠡᠬᠡᠨ ᠤ ᠠᠭᠠᠷ ᠤᠨ ᠠᠶᠠᠯᠠᠯ ᠵᠢᠭᠤᠯᠴᠢᠯᠠᠯ ᠤᠨ ᠵᠢᠱᠢᠶ᠎ᠡ ᠦᠵᠡᠬᠦᠯᠬᠦ ᠨᠢᠭᠡᠴᠢ ᠶᠢ ᠪᠠᠶᠢᠭᠤᠯᠤᠨ᠂ ᠬᠡᠯᠪᠡᠷᠢ ᠶᠢ ᠨᠢ ᠬᠤᠪᠢᠷᠠᠭᠤᠯᠤᠨ ᠬᠦᠭᠵᠢᠬᠦᠯᠬᠦ ᠳᠤ ᠳᠡᠷᠢᠬᠦᠨ ᠴᠢᠬᠤᠯᠠ ᠳᠤᠬᠢᠶᠠᠯ ᠤᠯᠭᠤᠪᠠ᠃ ᠳᠡᠰᠪᠤᠷᠢ ᠬᠠᠳᠠᠭᠤᠵᠢᠯᠳᠠᠢ ᠳᠠᠮᠡᠴᠡᠨ ᠠᠳᠠᠯ ᠤᠶᠢᠯᠡᠰ ᠪᠦᠳᠦᠭᠡᠨ ᠬᠦᠴᠦᠨ ᠴᠢᠳᠡᠯ ᠢᠶᠠᠨ ᠨᠢᠭᠳᠠᠷᠠᠭᠤᠯᠤᠨ ᠳᠤᠮᠳᠠᠳᠤ ᠡᠸᠦ᠋ᠷᠦᠫᠡ ᠶᠢᠨ ᠪᠤᠬᠢᠷᠳᠤᠯ ᠦᠭᠡᠢ ᠤᠶᠤᠨᠳᠤ ᠰᠢᠨ᠎ᠡ ᠶᠢ ᠡᠬᠦᠳᠦᠭᠰᠡᠨ ᠱᠠᠩᠨᠠᠯ ᠬᠦᠷᠳᠡᠨ ᠪᠦᠬᠦ ᠤᠯᠤᠰ ᠤᠨ ᠨᠤᠭᠤᠭᠠᠷᠠᠭᠤᠯᠤᠯᠳᠠ ᠶᠢᠨ ᠵᠢᠱᠢᠶ᠎ᠡ ᠦᠵᠡᠬᠦᠯᠬᠦ ᠨᠢᠭᠡᠴᠢ᠂ ᠠᠩᠬᠠᠨ ᠤ ᠠᠷᠠᠳ ᠤᠨ ᠠᠮᠢᠳᠤᠷᠠᠯ ᠢ ᠰᠠᠶᠢᠵᠢᠷᠠᠭᠤᠯᠤᠭᠰᠠᠨ ᠬᠡᠪ ᠳᠠᠭᠤᠷᠢᠶᠠᠯ ᠤᠨ ᠤᠷᠤᠨ᠂ ᠦᠪᠡᠷᠳᠡᠬᠡᠨ ᠵᠠᠰᠠᠬᠤ ᠤᠷᠤᠨ ᠤ ᠠᠷᠠᠳ ᠳᠦᠮᠡᠨ ᠤ ᠤᠷᠴᠢᠨ ᠳᠤᠭᠤᠷᠢᠨ ᠤ ᠦᠯᠢᠭᠡᠷ ᠵᠢᠱᠢᠶ᠎ᠡ ᠶᠢᠨ ᠱᠠᠩᠨᠠᠯ ᠵᠡᠷᠭᠡ ᠢᠷᠠᠭᠤ ᠠᠯᠳᠠᠷᠳᠤ ᠴᠤᠯᠠ ᠬᠦᠷᠳᠡᠵᠦ᠂ ︽ᠠᠷᠠᠳ ᠤᠨ ᠳᠦᠯᠦᠭᠡ ᠳᠦᠷᠦ ᠪᠠᠷᠢᠬᠤ︾ ᠵᠠᠷᠴᠢᠮ ᠢ ᠠᠮᠢᠳᠤᠯᠢᠭ ᠢᠶᠠᠷ ᠤᠶᠢᠯᠡᠳᠤᠯᠭᠡᠵᠢᠬᠦᠯᠪᠡ᠃ ᠡᠳᠡᠭᠡᠷ ᠠᠮᠵᠢᠯᠳᠠ ᠪᠦᠳᠦᠮᠵᠢ ᠨᠢ ᠬᠢᠯᠪᠠᠷ ᠪᠤᠰᠤ᠂ ᠬᠠᠳᠠᠭᠤ ᠳᠠᠮᠠᠴᠡᠯ ᠬᠢᠭᠡᠳ ᠦᠩᠭᠡᠷᠡᠯᠳᠠ ᠳᠤᠷᠰᠢᠯᠭ᠎ᠠ ᠪᠤᠯ ᠡᠷᠬᠢᠮ ᠨᠠᠨᠳᠢᠨ ᠪᠠᠶᠢᠳᠠᠭ᠃        ᠳᠠᠪᠤᠨ ᠵᠢᠯ ᠤᠨ ᠤᠶᠢᠯᠡᠳᠤᠯᠭᠡ ᠭᠡᠷᠡᠴᠢᠯᠡᠭᠰᠡᠨ ᠨᠢ ᠨᠠᠮ ᠤᠨ ᠤᠳᠤᠷᠢᠳᠤᠯᠭ᠎ᠠ ᠪᠤᠯ ᠤᠶᠢᠯᠡᠰ ᠪᠦᠳᠦᠭᠡᠬᠦ ᠶᠢᠨ ᠦᠨᠳᠤᠰᠤᠨ ᠪᠠᠳᠤᠯᠠᠭ᠎ᠠ ᠮᠦᠨ᠃ ᠨᠠᠮ ᠤᠨ ᠤᠳᠤᠷᠢᠳᠤᠯᠭ᠎ᠠ ᠶᠢ ᠭᠤᠶᠢᠪᠠᠰᠢ ᠦᠭᠡᠢ ᠪᠠᠷᠢᠮᠳᠠᠯᠠᠵᠦ᠂ ᠤᠯᠤᠰ ᠳᠦᠷᠦ ᠶᠢᠨ ᠵᠤᠭᠰᠤᠯᠳᠠ᠂ ᠵᠠᠷᠴᠢᠮ᠂ ᠴᠢᠭᠯᠡᠯ ᠤᠨ ᠳᠠᠯ᠎ᠠ ᠪᠠᠷ ᠢᠮᠠᠭᠳᠠ ᠨᠠᠮ ᠤᠨ ᠳᠦᠪ ᠬᠤᠷᠢᠶ᠎ᠠ ᠲᠠᠢ ᠳᠡᠭᠡᠳᠤ ᠬᠡᠮᠵᠢᠶ᠎ᠡ ᠪᠠᠷ ᠨᠢᠭᠡᠳᠤᠯᠳᠠᠢ ᠪᠠᠶᠢᠵᠦ᠂ ᠤᠯᠤᠰ ᠳᠦᠷᠦ ᠶᠢᠨ ᠤᠬᠠᠮᠰᠡᠷ᠂ ᠪᠦᠬᠦ ᠳᠠᠯ᠎ᠠ ᠶᠢᠨ ᠤᠬᠠᠮᠰᠡᠷ᠂ ᠭᠤᠤᠯᠯᠠᠬᠤ ᠤᠬᠠᠮᠰᠡᠷ ᠬᠢᠭᠡᠳ ᠨᠢᠭᠡᠳᠤᠯᠳᠠᠢ ᠪᠠᠶᠢᠬᠤ ᠤᠬᠠᠮᠰᠡᠷ ᠢ ᠳᠡᠰᠤᠷᠠᠯᠳᠠ ᠦᠬᠡᠢ ᠳᠡᠭᠡᠭᠰᠢᠯᠡᠬᠦᠯᠦᠨ᠂ ᠳᠦᠪ ᠤᠨ ᠦᠪᠡᠷᠳᠡᠬᠡᠨ ᠵᠠᠰᠠᠬᠤ ᠤᠷᠤᠨ ᠤ ᠪᠤᠭᠤᠳᠤ ᠬᠤᠳᠠ ᠶᠢᠨ ᠪᠤᠯᠤᠨ ᠤᠷᠤᠨ ᠤ ᠨᠠᠮ ᠤᠨ ᠬᠤᠷᠢᠶᠠᠨ ᠤ ᠡᠯ᠎ᠠ ᠵᠤᠶᠢᠯ ᠤᠨ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠳᠤᠤᠱᠯᠠᠭᠤᠯᠤᠨ ᠬᠡᠷᠡᠭᠵᠢᠬᠦᠯᠵᠦ᠂ ᠠᠷᠭ᠎ᠠ ᠤᠬᠠᠭᠠᠨ ᠰᠦᠪᠡᠭᠴᠢᠯᠡᠭᠰᠡᠨ ᠦᠨᠳᠤᠷ ᠵᠤᠭᠰᠤᠯᠳᠠ ᠲᠠᠢ ᠰᠢᠭᠤᠶᠢᠳᠤ ᠳᠤᠭᠤᠷᠢᠭ ᠤᠨ ᠪᠤᠳᠠᠳᠠᠢ ᠪᠠᠶᠢᠳᠠᠯ ᠲᠠᠢ ᠨᠡᠶᠢᠴᠡᠬᠦ ᠬᠦᠭᠵᠢᠯᠳᠠ ᠶᠢᠨ ᠵᠠᠮ ᠢᠶᠠᠷ ᠵᠠᠮᠨᠠᠬᠤ ᠶᠢ ᠦᠨᠡᠨ ᠬᠦ ᠪᠠᠳᠤᠯᠠᠪᠠ᠃ ᠪᠦᠯᠬᠦᠮᠳᠡᠨ ᠳᠡᠮᠡᠴᠡᠬᠦ ᠪᠤᠯ ᠬᠦᠭᠵᠢᠯᠳᠡ ᠶᠢ ᠠᠬᠢᠭᠤᠯᠬᠤ ᠬᠦᠴᠦᠨ ᠴᠢᠳᠠᠯ ᠤᠨ ᠡᠬᠢ ᠰᠤᠷᠪᠤᠯᠵᠢ ᠮᠦᠨ᠃ ᠡᠯ᠎ᠠ ᠤᠳᠤᠷᠢᠳᠬᠤ ᠪᠠᠭ ᠪᠦᠬᠦ ᠬᠦᠴᠦ ᠪᠠᠨ ᠬᠠᠮᠳᠤᠳᠬᠠᠨ ᠬᠠᠮᠳᠤ ᠴᠤᠭᠯᠠᠷᠠᠬᠤ ᠪᠤᠯ ᠬᠡᠯᠪᠡᠷᠢ ᠪᠠᠨ ᠬᠤᠪᠢᠷᠠᠭᠤᠯᠤᠨ ᠬᠦᠭᠵᠢᠬᠦ ᠶᠢ ᠠᠬᠢᠭᠤᠯᠬᠤ ᠬᠦᠴᠦᠷᠭᠡᠭ ᠶᠡᠭᠡ ᠬᠦᠴᠦᠨ ᠪᠠᠶᠢᠵᠦ᠂ ᠠᠷᠠᠳ ᠢ ᠪᠠᠶᠠᠵᠢᠭᠤᠯᠵᠦ ᠤᠯᠤᠰ ᠢᠶᠠᠨ ᠮᠠᠨᠳᠤᠭᠤᠯᠬᠤ ᠴᠤᠭ ᠪᠠᠳᠠᠷᠠᠩᠭᠤᠢ ᠠᠮᠢᠵᠢᠷᠠᠯ ᠤᠨ ᠬᠦᠴᠦᠨ ᠴᠢᠳᠠᠯ ᠢ ᠬᠦᠭᠵᠢᠭᠡᠵᠦ᠂ ᠬᠦᠴᠢᠷᠳᠡᠯ ᠤᠨ ᠳᠤᠮᠳᠠ ᠬᠦᠴᠢᠷ ᠪᠡᠷᠭᠡ ᠶᠢ ᠵᠤᠷᠢᠭᠳᠠᠢ ᠪᠠᠷ ᠳᠤᠭᠤᠯᠤᠨ ᠳᠠᠪᠠᠵᠦ ᠰᠦᠷᠦᠨ ᠤᠷᠤᠭᠰᠢᠯᠠᠬᠤ ᠬᠦᠭᠵᠢᠯᠳᠠ ᠶᠢᠨ ᠬᠠᠷᠰᠢ ᠶᠢ ᠠᠯᠬᠤᠮ ᠠᠯᠬᠤᠮ ᠢᠶᠠᠷ ᠠᠷᠢᠯᠭᠠᠨ ᠬᠦᠭᠵᠢᠯᠳᠠ ᠶᠢᠨ ᠡᠯᠪᠡᠭ ᠦᠷ᠎ᠡ ᠪᠦᠳᠦᠭᠡᠯ ᠢᠶᠠᠷ ᠠᠷᠠᠳ ᠳᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠨ ᠡᠷᠡᠮᠡᠯᠵᠡᠯ ᠳᠤ ᠬᠠᠷᠢᠭᠤ ᠳᠤᠰᠬᠠᠪᠠ᠃ ᠦᠨᠡᠨᠬᠦ ᠪᠤᠳᠠᠳᠠᠢ ᠠᠵᠢᠯᠯᠠᠬᠤ ᠪᠤᠯ ᠠᠵᠢᠯ ᠬᠢᠵᠦ ᠤᠶᠢᠯᠡᠰ ᠪᠤᠰᠬᠠᠬᠤ ᠵᠠᠩᠭᠢᠯᠠᠭ᠎ᠠ ᠪᠤᠯᠬᠤ ᠶᠤᠮ᠃ ᠰᠢᠪᠬᠤᠷᠠᠭᠰᠠᠨ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠬᠦᠨᠳᠤ ᠨᠦᠴᠡᠳᠡᠢ ᠪᠠᠶᠢᠳᠠᠯ ᠳᠤ ᠺᠠᠳᠡᠷᠴᠤᠳ ᠤᠯᠠᠨ ᠳᠦᠮᠡᠨ ᠢ ᠬᠦᠢᠴᠡᠳ ᠳᠠᠶᠢᠴᠢᠯᠠᠨ ᠠᠭᠤᠷᠬᠠᠢ ᠶᠢᠨ ᠵᠤᠷᠢᠭ ᠰᠠᠨᠠᠭ᠎ᠠ ᠪᠤᠯᠤᠨ ᠳᠤᠮᠳᠠᠳᠤ ᠶᠢᠨ ᠦᠨᠳᠤᠰᠦᠳᠡᠨ ᠤ ᠰᠢᠯᠢᠳᠡᠭ ᠤᠯᠠᠮᠵᠢᠯᠠᠯ ᠢ ᠪᠠᠳᠠᠷᠠᠭᠤᠯᠵᠦ᠂ ᠬᠠᠨᠴᠦᠢ ᠰᠢᠮᠡᠯᠡᠨ ᠴᠢᠷᠮᠠᠶᠢᠨ  ᠠᠵᠢᠯᠯᠠᠨ ᠪᠤᠳᠠᠳᠠᠢ ᠨᠠᠶᠢᠳᠠᠪᠤᠷᠢᠵᠢᠭᠤᠯᠵᠦ᠂ ᠰᠠᠨᠠᠭᠠᠴᠢᠯᠭ᠎ᠠ ᠠᠴᠠ ᠪᠠᠨ ᠬᠠᠷᠢᠭᠤᠴᠠᠯᠭ᠎ᠠ ᠡᠬᠦᠷᠭᠡᠯᠡᠨ ᠰᠢᠷᠭᠠᠭᠤ ᠬᠠᠳᠠᠭᠤᠵᠢᠯᠳᠠᠢ ᠪᠤᠳᠠᠳᠠᠢ ᠠᠵᠢᠯᠯᠠᠨ ᠤᠶᠢᠯᠡᠰ ᠪᠤᠰᠬᠠᠵᠦ᠂ ᠭᠠᠷᠮᠠᠭᠠᠢ ᠭᠠᠪᠢᠶ᠎ᠡ ᠵᠢᠳᠬᠦᠯ ᠢᠶᠠᠷ ᠰᠢᠭᠤᠶᠢᠳᠤ ᠳᠤᠭᠤᠷᠢᠭ ᠤᠨ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠳᠤ ᠰᠢᠨ᠎ᠡ ᠬᠠᠭᠤᠳᠠᠰᠤ ᠶᠢ ᠪᠢᠴᠢᠭᠯᠡᠪᠡ᠃          ᠳᠠᠪᠤᠨ ᠵᠢᠯ ᠤᠨ ᠳᠤᠷᠰᠢ ᠤᠯᠤᠭᠰᠠᠨ ᠠᠮᠵᠢᠯᠳᠠ ᠪᠦᠳᠦᠮᠵᠢ ᠨᠢ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠪᠤᠯᠤᠨ ᠳᠤᠭᠤᠷᠢᠭ ᠤᠨ ᠨᠠᠮ ᠤᠨ ᠬᠤᠷᠢᠶᠠᠨ ᠤ ᠵᠦᠪ ᠤᠳᠤᠷᠢᠳᠤᠯᠭ᠎ᠠ ᠪᠤᠯᠤᠨ ᠰᠢᠨᠵᠢᠯᠡᠬᠦ ᠤᠬᠠᠭᠠᠨᠴᠢ ᠰᠢᠢᠳᠪᠤᠷᠢᠳᠤ ᠪᠤᠳᠤᠯᠭ᠎ᠠ ᠪᠠ ᠤᠳᠤᠷᠢᠳᠬᠤ ᠪᠠᠭ ᠤᠨ ᠳᠡᠮᠡᠴᠡᠯ ᠬᠢᠭᠡᠳ ᠰᠢᠨ᠎ᠡ ᠶᠢ ᠡᠬᠦᠳᠬᠦ ᠤᠶᠢᠯᠡᠳᠤᠯᠭᠡ ᠪᠠ ᠳᠤᠭᠤᠷᠢᠭ ᠤᠨ ᠺᠠᠳᠡᠷ ᠠᠵᠢᠯᠳᠡᠨ ᠠᠵᠢᠯᠴᠢᠨ ᠤ ᠪᠦᠯᠬᠦᠮᠳᠡᠨ ᠱᠠᠯᠠᠮᠠᠭᠠᠶᠢᠯᠠᠭᠰᠠᠨ ᠤᠷᠤᠭᠰᠢᠯᠠᠯᠳᠠ ᠬᠠᠷᠠᠮ ᠦᠬᠡᠢ ᠨᠡᠮᠡᠷᠢ ᠬᠠᠨᠳᠢᠪᠯᠡᠯ ᠪᠠ ᠳᠤᠭᠤᠷᠢᠭ ᠤᠨ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠳᠦᠯᠦᠭᠡᠯᠡᠭᠴᠢ ᠪᠠ ᠳᠤᠭᠤᠷᠢᠭ ᠤᠨ ᠤᠯᠤᠰ ᠳᠦᠷᠦ ᠶᠢᠨ ᠵᠦᠪᠯᠡᠯᠭᠡᠨ ᠤ ᠬᠡᠰᠢᠬᠦᠨ ᠤ ᠬᠢᠨᠠᠯᠳᠠ ᠳᠡᠮᠵᠢᠯᠭᠡ ᠬᠢᠭᠡᠳ ᠰᠠᠨᠠᠯ ᠵᠦᠪᠯᠡᠯᠭᠡ ᠪᠠ ᠨᠡᠶᠢᠭᠡᠮ ᠤᠨ ᠡᠯ᠎ᠡ ᠡᠳᠡᠭᠡᠳ ᠤᠨ ᠬᠢᠨ ᠤ ᠢᠳᠡᠪᠬᠢᠳᠡᠢ ᠤᠷᠤᠯᠴᠠᠯᠭ᠎ᠠ ᠠᠴᠠ ᠰᠠᠯᠵᠦ ᠪᠤᠯᠤᠰᠢ ᠦᠬᠡᠢ ᠪᠠᠶᠢᠳᠠᠭ᠃ ᠠᠳᠡ ᠪᠢ᠂ ᠳᠤᠭᠤᠷᠢᠭ ᠤᠨ ᠵᠠᠰᠠᠭ ᠤᠨ ᠤᠷᠳᠤᠨ ᠢ ᠳᠦᠯᠦᠭᠡᠯᠡᠨ᠂ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠳᠦᠯᠦᠭᠡᠯᠡᠭᠴᠢ᠂ ᠤᠯᠤᠰ ᠳᠦᠷᠦ ᠶᠢᠨ ᠵᠦᠪᠯᠡᠯᠭᠡᠨ ᠤ ᠬᠡᠰᠢᠬᠦᠳ᠂ ᠳᠤᠰᠢᠶᠠᠯ ᠠᠴᠠ ᠪᠠᠨ ᠰᠠᠯᠵᠦ ᠠᠮᠠᠷᠠᠭᠰᠠᠨ ᠠᠬᠠᠮᠠᠳ ᠺᠠᠳᠠᠷ᠂ ᠡᠯ᠎ᠠ ᠠᠵᠢᠯ ᠤᠨ ᠹᠷᠤᠨᠲ ᠳᠤ ᠰᠢᠷᠭᠠᠭᠤ ᠪᠠᠷ ᠠᠵᠢᠯᠯᠠᠵᠦ ᠪᠠᠶᠢᠭ᠎ᠠ ᠪᠦᠬᠦ ᠤᠷᠤᠨ ᠤ ᠦᠨᠳᠤᠰᠦᠳᠡᠨ ᠨᠦᠭᠦᠳ ᠤᠨ ᠺᠠᠳᠠᠷ ᠤᠯᠠᠨ ᠳᠦᠮᠡᠨ᠂ ᠦᠪᠡᠷᠳᠡᠬᠡᠨ ᠵᠠᠰᠠᠬᠤ ᠤᠷᠤᠨ ᠳᠤ ᠰᠠᠭᠤᠭ᠎ᠠ ᠴᠢᠯᠦᠭᠡᠯᠡᠬᠦ ᠴᠡᠷᠢᠭ᠂ ᠭᠠᠯ ᠤᠨᠳᠠᠷᠭᠠᠬᠤ ᠠᠩᠭᠢ ᠶᠢᠨ ᠳᠠᠷᠤᠭ᠎ᠠ ᠪᠠᠶᠢᠯᠳᠤᠭᠴᠢᠳ ᠪᠠ ᠳᠤᠳᠤᠭᠠᠳᠤ ᠶᠢ ᠬᠠᠮᠠᠭᠠᠯᠠᠬᠤ ᠺᠠᠳᠠᠷ ᠴᠠᠭᠳᠠᠭ᠎ᠠ ᠵᠡᠷᠭᠡ ᠰᠢᠭᠤᠶᠢᠳᠤ ᠳᠤᠭᠤᠷᠢᠭ ᠤᠨ ᠬᠦᠭᠵᠢᠯᠳᠠ ᠶᠢ ᠬᠠᠯᠠᠮᠵᠢᠯᠠᠨ ᠳᠡᠮᠵᠢᠵᠦ ᠪᠠᠶᠢᠬᠤ ᠪᠤᠢ ᠪᠦᠬᠦᠢ ᠨᠦᠬᠦᠳ ᠲᠤ ᠡᠷᠬᠢᠮ ᠳᠡᠭᠡᠳᠤ ᠬᠦᠨᠳᠤᠳᠭᠡᠯ ᠢᠶᠠᠨ ᠳᠡᠪᠰᠢᠬᠦᠯᠵᠦ ᠴᠢᠩ ᠰᠡᠳᠬᠢᠯ ᠤᠨ ᠳᠠᠯᠠᠷᠬᠠᠯ ᠢᠶᠠᠨ ᠢᠯᠡᠳᠭᠡᠶ᠎ᠡ᠃        ᠳᠠᠪᠤᠨ ᠵᠢᠯ ᠤᠨ ᠬᠠᠳᠠᠭᠤ ᠪᠡᠷᠭᠡᠰᠢᠶᠡᠯ ᠢ ᠬᠠᠮᠳᠤᠪᠠᠷ ᠳᠤᠭᠤᠯᠤᠨ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ ᠤᠨ  ᠬᠦᠭᠵᠢᠯᠳᠡ ᠶᠢᠨ ᠰᠢᠨ᠎ᠡ ᠡᠬᠢᠯᠡᠯᠳᠡ ᠶᠢᠨ ᠴᠢᠭ ᠲᠤ ᠪᠢᠳᠡ ᠡᠷᠬᠡᠪᠰᠢ ᠳᠠᠷᠢᠬᠢ ᠳᠤᠯᠤᠭᠠᠢ ᠪᠠᠨ ᠰᠡᠷᠬᠡᠭ ᠪᠠᠶᠢᠯᠭᠠᠵᠦ᠂ ᠬᠦᠭᠵᠢᠯᠳᠡ ᠶᠢᠨ ᠳᠤᠮᠳᠠ ᠳᠤᠯᠠᠭᠠᠷᠠᠭᠰᠠᠨ ᠬᠦᠴᠢᠷᠳᠡᠯ ᠪᠠ ᠠᠰᠠᠭᠤᠳᠠᠯ ᠢ ᠨᠠᠷᠢᠨ ᠬᠢᠨᠠᠮᠠᠭᠠᠢ ᠠᠵᠢᠭᠯᠡᠨ ᠰᠢᠨᠵᠢᠪᠡ᠃ ᠨᠢᠭᠡ ᠳᠤ᠂ ᠠᠵᠦ ᠠᠬᠤᠢ ᠶᠢᠨ ᠬᠦᠭᠵᠢᠯᠳᠡ ᠶᠢᠨ ᠶᠠᠰᠤ ᠴᠢᠨᠠᠷ ᠬᠢᠭᠡᠳ ᠦᠷ᠎ᠡ ᠠᠰᠢᠭ ᠦᠨᠳᠤᠷ ᠪᠢᠰᠢ᠂ ᠠᠵᠦ ᠤᠶᠢᠯᠡᠰ ᠤᠨ ᠪᠦᠳᠦᠴᠡ ᠵᠦᠢ ᠵᠤᠬᠢᠰ ᠦᠭᠡᠢ ᠪᠠᠶᠢᠵᠦ ᠤᠯᠠᠮᠵᠢᠯᠠᠯᠳᠤ ᠠᠵᠦ ᠤᠶᠢᠯᠡᠰ ᠤᠨ ᠨᠡᠮᠡᠭᠳᠡᠯ ᠤᠨ ᠬᠦᠳᠡᠯᠭᠡᠬᠦ ᠬᠦᠴᠦᠨ ᠪᠠᠭᠤᠷᠠᠵᠦ᠂ ᠰᠢᠨ᠎ᠡ ᠪᠠᠷ ᠬᠦᠭᠵᠢᠭᠰᠡᠨ ᠠᠵᠦ ᠤᠶᠢᠯᠡᠰ ᠪᠠ ᠤᠳᠤ ᠦᠶ᠎ᠡ ᠶᠢᠨ ᠤᠶᠢᠯᠡᠴᠢᠯᠡᠭᠡᠨ ᠤ ᠤᠶᠢᠯᠡᠰ ᠤᠨ ᠬᠦᠭᠵᠢᠯᠳᠡ ᠤᠳᠠᠭᠠᠰᠢᠷᠠᠨ ᠪᠦᠳᠦᠮᠵᠢᠳᠡᠢ ᠳᠦᠰᠢᠭ ᠳᠤᠯᠭᠠᠭᠤᠷᠢ ᠪᠤᠯᠵᠦ ᠬᠠᠷᠠᠬᠠᠨ ᠴᠢᠳᠠᠭᠠᠳᠤᠢ ᠪᠠᠶᠢᠪᠠ᠃ ᠬᠤᠶᠠᠷ ᠲᠤ᠂ ᠬᠦᠭᠵᠢᠯᠳᠡ ᠶᠢᠨ ᠰᠡᠯᠬᠦᠬᠦ ᠬᠦᠴᠦᠨ ᠢ ᠴᠢᠩᠭᠠᠳᠬᠠᠬᠤ ᠴᠢᠬᠤᠯᠠ ᠲᠠᠢ ᠪᠠᠶᠢᠵᠦ᠂ ᠦᠷᠬᠦᠯᠵᠢᠯᠡᠨ ᠬᠦᠭᠵᠢᠯᠳᠡ ᠶᠢᠨ ᠳᠦᠰᠦᠪᠯᠡᠯ ᠳᠤᠳᠠᠮᠠᠭ᠂ ᠴᠢᠨᠠᠷ ᠰᠠᠶᠢᠳᠠᠢ ᠳᠦᠰᠦᠪ ᠢ ᠤᠷᠤᠭᠤᠯᠤᠨ ᠠᠪᠴᠢᠷᠠᠬᠤ ᠪᠠ ᠳᠡᠬᠦᠨ ᠤ ᠬᠠᠳᠠᠭᠠᠯᠠᠭᠳᠠᠴᠠ ᠨᠢ ᠬᠦᠷᠦᠯᠴᠡᠬᠦ ᠦᠬᠡᠢ ᠪᠤᠯᠤᠭᠰᠠᠨ ᠨᠢ ᠳᠤᠭᠤᠷᠢᠭ ᠤᠨ ᠬᠦᠭᠵᠢᠯᠳᠡ ᠶᠢ ᠨᠦᠯᠦᠭᠡᠯᠡᠪᠡ᠃ ᠭᠤᠷᠪᠠ ᠳᠤ᠂ ᠡᠳ᠋ ᠤᠨ ᠵᠠᠰᠠᠭ ᠤᠨ ᠤᠷᠤᠯᠭ᠎ᠠ ᠵᠠᠷᠤᠯᠭ᠎ᠠ ᠶᠢᠨ ᠵᠦᠷᠢᠴᠡᠯ ᠳᠤᠪᠤᠶᠢᠮ᠎ᠠ᠂ ᠭᠠᠶᠢᠯᠢ ᠶᠢᠨ ᠡᠬᠢ ᠰᠤᠷᠪᠤᠯᠵᠢ ᠶᠢᠨ ᠰᠠᠭᠤᠷᠢ ᠳᠤᠩ ᠪᠠᠭᠤᠷᠠᠢ᠂ ᠰᠢᠨ᠎ᠡ ᠭᠠᠶᠢᠯᠢ ᠳᠠᠳᠠᠪᠤᠷᠢ ᠪᠠᠨ ᠨᠡᠮᠡᠭᠰᠡᠨ ᠡᠬᠢ ᠢᠯᠡᠳᠳᠡ ᠬᠦᠷᠦᠯᠴᠡᠬᠦ ᠦᠭᠡᠢ ᠪᠠᠶᠢᠵᠦ᠂ ᠬᠤᠳᠠ ᠬᠦᠳᠡᠭᠡ ᠳᠤᠰᠬᠤᠨ ᠤ ᠪᠦᠳᠦᠭᠡᠨ ᠪᠠᠶᠢᠭᠤᠯᠤᠯᠳᠠ ᠠᠷᠠᠳ ᠤᠨ ᠠᠮᠢᠳᠤᠷᠠᠯ ᠤᠨ ᠪᠠᠳᠤᠯᠠᠭ᠎ᠠ ᠵᠡᠷᠭᠡ ᠳᠤᠭᠳᠠᠮᠠᠯ ᠵᠠᠷᠤᠯᠭ᠎ᠠ ᠨᠡᠯᠢᠶᠡᠳ ᠶᠡᠭᠡ ᠠᠴᠠ ᠤᠷᠤᠨ ᠨᠤᠳᠤᠭ ᠤᠨ ᠵᠠᠰᠠᠭ ᠤᠨ ᠤᠷᠳᠤᠨ ᠤ ᠦᠷᠢ ᠦᠭᠴᠡᠭᠡ ᠶᠢ ᠠᠷᠢᠯᠭᠠᠬᠤ ᠡᠬᠦᠷᠭᠡ ᠳᠤᠶᠢᠯ ᠤᠨ ᠬᠠᠳᠠᠭᠤᠵᠢᠯᠳᠠᠢ ᠪᠠᠶᠢᠳᠠᠭ᠃ ᠳᠦᠷᠪᠡ ᠳᠤ᠂ ᠤᠯᠠᠨ ᠨᠡᠶᠢᠳᠡ ᠶᠢᠨ ᠰᠠᠭᠤᠷᠢ ᠳᠦᠬᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢᠨ ᠴᠢᠳᠠᠮᠵᠢ ᠨᠢ ᠳᠡᠬᠦᠯᠳᠡᠷ ᠪᠢᠰᠢ᠂ ᠰᠢᠨ᠎ᠡ ᠳᠤᠭᠤᠷᠢᠭ ᠤᠨ ᠪᠦᠳᠦᠭᠡᠨ ᠪᠠᠶᠢᠭᠤᠯᠤᠯᠳᠠ ᠨᠢ ᠭᠤᠤᠯ ᠬᠤᠳᠠ ᠶᠢᠨ ᠳᠤᠭᠤᠷᠢᠭ ᠲᠠᠢ ᠵᠤᠬᠢᠬᠤ ᠵᠦᠷᠢᠶ᠎ᠡ ᠲᠠᠢ ᠪᠠᠶᠢᠵᠦ᠂ ᠬᠤᠪᠢᠰᠬᠠᠯ ᠤᠨ ᠡᠷᠳᠡ ᠴᠢᠯᠦᠭᠡᠯᠡᠭᠳᠡᠭᠰᠡᠨ ᠤᠷᠤᠨ ᠤ ᠳᠦᠯᠦᠪᠵᠢᠬᠦᠯᠭᠡ ᠨᠢ ᠨᠡᠯᠢᠶᠡᠳ ᠬᠤᠴᠤᠷᠤᠩᠭᠤᠢ ᠪᠠᠶᠢᠵᠦ᠂ ᠠᠷᠠᠳ ᠳᠦᠮᠡᠨ ᠤ ᠤᠶᠢᠯᠡᠳᠪᠤᠷᠢᠯᠡᠯ ᠪᠠ ᠠᠮᠢᠳᠤᠷᠠᠯ ᠤᠨ ᠬᠡᠷᠡᠭᠴᠡᠭᠡ ᠶᠢ ᠨᠡᠩ ᠰᠠᠶᠢᠨ ᠬᠠᠩᠭᠠᠵᠦ ᠳᠠᠶᠢᠯᠬᠦ ᠦᠭᠡᠢ ᠶᠤᠮ᠃ ᠳᠠᠪᠤ ᠳᠤ ᠤᠨᠴᠠ ᠵᠠᠷᠢᠮ ᠰᠠᠯᠠᠭ᠎ᠠ ᠮᠦᠴᠢᠷ ᠵᠢᠴᠢ ᠬᠡᠰᠡᠭ ᠺᠠᠳᠠᠷ ᠤᠨ ᠦᠵᠡᠯ ᠰᠠᠨᠠᠭ᠎ᠠ ᠨᠢ ᠬᠡᠪᠰᠢᠮᠡᠯ ᠬᠠᠭᠤᠴᠢᠨ ᠢᠶᠠᠨ ᠪᠠᠷᠢᠮᠳᠠᠯᠠᠵᠦ ᠬᠡᠪᠰᠢᠷᠡᠨ ᠵᠤᠭᠰᠤᠩᠭᠤᠶᠢᠷᠡᠵᠦ᠂ ᠳᠤᠭᠤᠷᠢᠭ ᠤᠨ ᠪᠠᠶᠢᠳᠠᠯ ᠳᠤ ᠰᠡᠷᠭᠡᠭ ᠳᠠᠨᠢᠯᠳᠠ ᠳᠤᠳᠠᠮᠠᠭ ᠠᠴᠠ ᠪᠤᠯᠵᠦ ᠬᠦᠭᠵᠢᠬᠦᠯᠬᠦ ᠪᠠᠴᠢᠮ ᠳᠤᠯᠭᠠᠮ᠎ᠠ ᠰᠡᠳᠬᠢᠯᠭᠡ ᠲᠠᠢ ᠪᠠᠶᠢᠵᠦ᠂ ᠳᠦᠭᠰᠢᠬᠦᠷᠢᠳᠦ ᠰᠡᠳᠬᠢᠯᠭᠡ ᠬᠠᠷᠢᠭᠤᠴᠠᠯᠭᠠᠳᠤ ᠰᠡᠳᠬᠢᠯᠭᠡ ᠨᠢ ᠬᠦᠢᠴᠡᠳ ᠪᠤᠰᠤ᠂ ᠵᠤᠷᠢᠭᠳᠠᠢ ᠪᠠᠷ ᠬᠠᠷᠢᠭᠤᠴᠠᠯᠭ᠎ᠠ ᠡᠬᠦᠷᠭᠡᠯᠡᠬᠦ ᠴᠢᠳᠠᠮᠠᠭᠠᠢ ᠤᠬᠠᠮᠰᠡᠷ ᠴᠢᠩᠭ᠎ᠠ ᠪᠢᠰᠢ ︽ᠠᠮᠠᠷᠠᠵᠦ ᠪᠠᠶᠢᠪᠠᠯ ᠵᠢᠷᠭᠠᠯ᠂ ᠠᠷᠢᠬᠢᠳᠡᠵᠦ ᠪᠠᠶᠢᠪᠠᠯ ᠪᠤᠶᠠᠨ︾ ᠭᠡᠳ ᠬᠠᠷᠢᠭᠤᠴᠠᠯᠭ᠎ᠠ ᠶᠢ ᠬᠠᠷᠢᠯᠴᠠᠨ  ᠳᠦᠯᠬᠢᠯᠴᠡᠨ ᠪᠤᠰᠤᠳ ᠢ ᠪᠤᠷᠤᠭᠤᠳᠬᠠᠬᠤ ᠵᠡᠷᠭᠡ ᠦᠵᠡᠭᠳᠡᠯ ᠤᠷᠤᠰᠢᠵᠦ ᠪᠠᠶᠢᠨ᠎ᠠ᠃ ᠳᠤᠤᠷ᠎ᠠ ᠪᠠᠨ ᠬᠦᠢᠴᠡᠳᠭᠡᠬᠦ ᠵᠤᠷᠢᠭᠳᠠᠢ ᠬᠠᠮᠢᠶᠠᠷᠤᠨ ᠰᠢᠢᠳᠪᠤᠷᠢᠯᠡᠬᠦ ᠰᠤᠷᠳᠠᠯ ᠢᠶᠠᠨ ᠤᠯᠠᠮ ᠨᠢᠭᠡ ᠠᠯᠬᠤᠮ ᠴᠢᠩᠭᠠᠳᠬᠠᠬᠤ᠂ ᠳᠡᠰ ᠳᠡᠪᠰᠢᠬᠦᠯᠬᠦ ᠳᠡᠷᠢᠬᠦᠨ ᠤ ᠬᠢ ᠶᠢ ᠴᠢᠷᠮᠠᠶᠢᠨ ᠡᠬᠦᠳᠬᠦ ᠦᠳᠭᠡᠨ ᠵᠤᠵᠠᠭᠠᠨ ᠠᠭᠤᠷ ᠠᠮᠢᠰᠬᠤᠯ ᠳᠤᠳᠠᠮᠠᠭ ᠪᠤᠯᠤᠨ᠎ᠠ᠃ ᠡᠳᠡᠭᠡᠷ ᠠᠰᠠᠭᠤᠳᠠᠯ ᠳᠤ ᠴᠢᠭᠯᠡᠬᠦᠯᠦᠨ ᠪᠢᠳᠡ ᠨᠡᠩ ᠬᠦᠴᠦᠳᠡᠢ ᠠᠷᠭ᠎ᠠ ᠬᠡᠮᠵᠢᠶ᠎ᠡ ᠠᠪᠴᠦ ᠰᠢᠢᠳᠪᠤᠷᠢᠯᠡᠬᠦ ᠴᠢᠬᠤᠯᠠ ᠲᠠᠢ ᠪᠠᠶᠢᠳᠠᠭ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号