ᠵᠠᠰᠠᠭ ᠤᠨ ᠤᠷᠳᠤᠨ ᠤ ᠠᠵᠢᠯ ᠤᠨ ᠬᠠᠷᠢᠭᠤ ᠮᠡᠳᠡᠬᠦᠯᠦᠯᠳᠡ
ᠨᠡᠶᠢᠲᠡᠯᠡᠭᠰᠡᠨ ᠴᠠᠭ᠄
2018-12-10
        ᠬᠤᠶᠠᠷ᠂ ᠬᠤᠶᠢᠰᠢᠳᠡ ᠶᠢᠨ ᠳᠠᠪᠤᠨ ᠵᠢᠯ ᠤᠨ ᠳᠡᠮᠡᠴᠡᠬᠦ ᠬᠠᠷᠠᠯᠳᠠ ᠪᠠ ᠭᠤᠤᠯ ᠡᠬᠦᠷᠭᠡ        ᠨᠦᠬᠦᠳ ᠡ᠄ ᠬᠤᠶᠢᠰᠢᠳᠡ ᠶᠢᠨ ᠳᠠᠪᠤᠨ ᠵᠢᠯ ᠪᠤᠯ ᠨᠠᠮ ᠪᠤᠯᠤᠨ ᠤᠯᠤᠰ ᠤᠨ ︽ᠬᠤᠤᠰ ᠵᠠᠭᠤᠨ ᠵᠢᠯ︾ ᠤᠨ ᠳᠡᠮᠡᠴᠡᠬᠦ ᠬᠠᠷᠠᠯᠳᠠ ᠶᠢᠨ ᠳᠡᠤᠭᠡᠨ ᠠᠭᠤᠯᠵᠠᠷ ᠤᠨ ᠬᠤᠭᠤᠴᠠᠭ᠎ᠠ ᠪᠤᠯᠤᠨ᠎ᠠ᠃ ᠨᠠᠮ ᠤᠨ ᠤᠷᠤᠰᠢᠵᠦ ᠪᠠᠶᠢᠭ᠎ᠠ ᠴᠠᠭ ᠦᠶ᠎ᠡ ᠪᠤᠯ ᠠᠭᠤᠤ ᠶᠡᠭᠡ᠂ ᠡᠬᠦᠷᠭᠡᠯᠡᠵᠦ ᠪᠠᠶᠢᠭ᠎ᠠ ᠡᠬᠦᠷᠭᠡ ᠪᠤᠯ ᠢᠷᠡᠭᠤ ᠠᠯᠳᠠᠷᠳᠠᠢ᠂ ᠠᠵᠢᠯᠯᠠᠵᠦ ᠪᠠᠶᠢᠭ᠎ᠠ ᠳᠠᠪᠴᠠᠩ ᠪᠤᠯ ᠦᠷᠭᠡᠨ ᠠᠭᠤᠳᠠᠮ ᠶᠤᠮ᠃ ᠨᠠᠮ ᠤᠨ ᠠᠷᠪᠠ ᠶᠢᠰᠦᠳᠤᠭᠡᠷ ᠶᠡᠭᠡ ᠬᠤᠷᠠᠯ ᠨᠢ ᠤᠷᠤᠭᠰᠢᠯᠠᠬᠤ ᠴᠢᠭᠯᠡᠯ ᠢ ᠳᠤᠳᠤᠷᠬᠠᠢ ᠵᠢᠭᠠᠨ ᠦᠭᠴᠦ᠂ ᠬᠦᠴᠦᠷᠭᠡᠭ ᠶᠡᠭᠡ ᠦᠵᠡᠯ ᠰᠠᠨᠠᠭᠠᠨ ᠤ ᠤᠨᠤᠯ ᠤᠨ ᠵᠡᠪᠰᠡᠭ ᠬᠠᠩᠭᠠᠭᠰᠠᠨ ᠪᠠᠶᠢᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠤᠶᠢᠯᠡᠳᠤᠯᠭᠡᠵᠢᠬᠦᠯᠵᠦ᠂ ᠠᠵᠦ ᠳᠤᠬᠢᠶᠠᠯ ᠢ ᠡᠵᠡᠮᠳᠡᠨ ᠳᠠᠪᠠᠭᠤᠯᠢᠭ ᠢᠶᠠᠨ ᠪᠠᠳᠠᠷᠠᠭᠤᠯᠤᠨ ᠬᠦᠴᠢᠷ ᠪᠡᠷᠭᠡ ᠶᠢ ᠢᠯᠡᠨ ᠳᠠᠪᠠᠵᠦ᠂ ᠬᠡᠯᠪᠡᠷᠢ ᠶᠢ ᠨᠢ ᠬᠤᠪᠢᠷᠠᠭᠤᠯᠤᠨ ᠬᠦᠭᠵᠢᠬᠦᠯᠬᠦ ᠬᠡᠷᠡᠯ ᠰᠠᠴᠤᠷᠠᠩᠭᠤᠢ ᠬᠠᠭᠤᠳᠠᠰᠦ ᠶᠢ ᠴᠢᠷᠮᠠᠶᠢᠨ ᠪᠢᠴᠢᠭᠯᠡᠶ᠎ᠡ︕        ᠶᠡᠷᠦᠩᠭᠡᠢ ᠪᠠᠶᠢᠳᠠᠯ ᠢ ᠠᠵᠢᠭᠯᠠᠪᠠᠯ᠂ ᠠᠵᠠ ᠳᠤᠬᠢᠶᠠᠯ ᠪᠤᠯᠤᠨ ᠦᠷᠢᠰᠦᠯᠳᠤᠭᠡᠨ ᠵᠡᠷᠭᠡ ᠪᠠᠷ ᠤᠷᠤᠰᠢᠬᠤ ᠮᠦᠷᠳᠡᠭᠡᠨ ᠠᠵᠠ ᠳᠤᠬᠢᠶᠠᠯ ᠨᠢ ᠦᠷᠢᠰᠤᠯᠳᠤᠭᠡᠨ ᠠᠴᠠ ᠶᠡᠭᠡ ᠪᠠᠶᠢᠨ᠎ᠠ᠃ ᠭᠠᠳᠠᠭᠠᠳᠤ ᠨᠦᠬᠦᠴᠡᠯ ᠠᠴᠠ ᠦᠵᠡᠪᠡᠯ᠂ ︽ᠭᠤᠷᠪᠠ ᠶᠢ ᠪᠠᠭᠠᠰᠬᠠᠬᠤ ᠨᠢᠭᠡ ᠶᠢ ᠪᠠᠭᠤᠷᠠᠭᠤᠯᠬᠤ ᠨᠢᠭᠡ ᠶᠢ ᠨᠦᠬᠦᠪᠦᠷᠢᠯᠡᠬᠦ︾ ᠵᠠᠷᠴᠢᠮ ᠢ ᠳᠠᠭᠠᠯᠳᠤᠨ ᠳᠠᠪᠤᠨ ᠶᠡᠭᠡ ᠡᠬᠦᠷᠭᠡ ᠶᠢ ᠦᠷᠬᠦᠯᠵᠢᠯᠡᠨ ᠠᠬᠢᠭᠤᠯᠵᠦ᠂ ᠬᠠᠩᠭᠠᠯᠭ᠎ᠠ ᠶᠢᠨ ᠳᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢᠨ ᠰᠢᠨ᠎ᠡ ᠴᠢᠳᠠᠮᠵᠢ ᠶᠢ ᠬᠦᠭᠵᠢᠬᠦᠯᠦᠨ ᠠᠵᠦ ᠠᠬᠤᠢ ᠶᠢᠨ ᠪᠠᠶᠢᠳᠠᠯ ᠤᠯᠠᠮ ᠨᠢᠭᠡ ᠠᠯᠬᠤᠮ ᠳᠤᠭᠳᠠᠪᠤᠷᠢᠵᠢᠨ ᠰᠠᠶᠢᠵᠢᠷᠠᠵᠦ᠂ ᠳᠤᠭᠳᠠᠭᠤᠨ ᠤ ᠳᠤᠮᠳᠠ ᠤᠷᠤᠭᠰᠢᠯᠡᠨ ᠳᠠᠪᠰᠢᠵᠦ ᠰᠠᠶᠢᠵᠢᠷᠠᠬᠤ ᠬᠤᠷᠸ᠎ᠠ ᠠᠵᠦ ᠠᠬᠤᠢ ᠶᠢᠨ ᠤᠷᠴᠢᠨ ᠳᠤᠭᠤᠷᠢᠨ ᠢ ᠡᠬᠦᠳᠤᠨ ᠪᠦᠳᠦᠭᠡᠪᠡ᠃ ᠤᠯᠤᠰ ᠠᠴᠠ ᠬᠠᠭᠤᠴᠢᠨ ᠠᠵᠦ ᠤᠶᠢᠯᠡᠳᠪᠤᠷᠢ ᠶᠢᠨ ᠰᠠᠭᠤᠷᠢᠨ ᠭᠠᠵᠠᠷ ᠬᠢᠭᠡᠳ ᠡᠬᠢ ᠪᠠᠶᠠᠯᠢᠭ ᠨᠢ ᠰᠢᠪᠬᠠᠷᠤᠭᠰᠠᠨ ᠭᠠᠵᠠᠷ ᠤᠷᠤᠨ ᠤ ᠠᠵᠦ ᠤᠶᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠠᠪᠰᠢᠬᠦ ᠶᠢ ᠠᠬᠢᠭᠤᠯᠬᠤ ᠳᠦᠷᠦ ᠶᠢᠨ ᠪᠤᠳᠤᠯᠭ᠎ᠠ ᠶᠢ ᠳᠠᠰᠤᠷᠠᠯᠳᠠ ᠦᠭᠡᠢ ᠳᠤᠭᠳᠠᠭᠤᠨ ᠬᠡᠷᠡᠭᠵᠢᠬᠦᠯᠦᠭᠰᠡᠨ ᠨᠢ ᠮᠠᠨ ᠤ ᠳᠠᠪᠠᠭᠤᠯᠢᠭ ᠢᠶᠠᠨ ᠪᠠᠳᠠᠷᠠᠭᠤᠯᠵᠦ ᠬᠡᠯᠪᠡᠷᠢ ᠪᠠᠨ ᠳᠦᠷᠭᠡᠨ ᠬᠤᠪᠢᠷᠠᠭᠤᠯᠵᠦ ᠳᠡᠷᠢᠬᠦᠯᠡᠬᠦ ᠤᠷᠤᠨ ᠳᠤ ᠳᠡᠰ ᠳᠡᠪᠰᠢᠬᠦᠯᠬᠦ ᠠᠵᠠ ᠳᠤᠬᠢᠶᠠᠯ ᠤᠯᠭᠤᠪᠠ᠃ ᠤᠯᠤᠰ ᠤᠨ ︽ᠨᠢᠭᠡ ᠪᠦᠰᠠ ᠨᠢᠭᠡ ᠵᠠᠮ ︾ ᠤᠨ ᠰᠠᠨᠠᠭᠠᠴᠢᠯᠠᠭ᠎ᠠ ᠪᠠᠷ ᠳᠠᠯᠠᠢ ᠳᠠᠭᠤ ᠶᠢᠨ ᠬᠦᠭᠵᠢᠭᠰᠡᠨ ᠭᠠᠵᠠᠷ ᠤᠷᠤᠨ ᠤ ᠠᠵᠦ ᠤᠶᠢᠯᠡᠰ ᠤᠨ ᠪᠠᠷᠠᠭᠤᠨ ᠬᠤᠶᠢᠳᠤ ᠳᠡᠭᠡᠭᠰᠢ ᠰᠢᠯᠵᠢᠬᠦ ᠵᠢᠴᠢ ᠦᠪᠡᠷᠳᠡᠬᠡᠨ ᠵᠠᠰᠠᠬᠤ ᠤᠷᠤᠨ ᠤ ᠬᠦᠭᠡᠬᠤᠳᠠ ᠪᠤᠭᠤᠳᠤ ᠤᠷᠳᠤᠰ ᠤᠨ ᠬᠠᠮᠵᠢᠯᠴᠠᠨ ᠬᠦᠭᠵᠢᠬᠦ ᠵᠡᠷᠭᠡ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢ ᠳᠦᠷᠭᠡᠳᠭᠡᠨ ᠠᠬᠢᠭᠤᠯᠵᠦ᠂ ᠡᠷᠳᠡᠮᠳᠡᠨ᠂ ᠮᠡᠷᠭᠡᠵᠢᠯ᠂ ᠬᠦᠷᠦᠩᠭᠡ᠂ ᠮᠡᠳᠡᠭᠡ ᠵᠠᠩᠭᠢ ᠵᠡᠷᠭᠡ ᠡᠯᠧᠮᠧᠨ᠋ᠲ ᠤᠨ ᠡᠷᠬᠢᠯᠳᠡ ᠨᠡᠩ ᠴᠢᠯᠦᠭᠡᠳᠡᠢ ᠪᠤᠯᠵᠦ᠂ ᠭᠠᠳᠠᠭᠠᠳᠤ  ᠲᠠᠢ ᠴᠢᠯᠦᠭᠡᠳᠡᠢ ᠶᠠᠪᠤᠯᠴᠠᠬᠤ ᠶᠢ ᠦᠷᠭᠡᠳᠭᠡᠨ᠂ ᠠᠵᠦ ᠠᠬᠤᠢ ᠶᠢᠨ ᠳᠦᠰᠦᠪᠯᠡᠯ ᠢ ᠳᠠᠳᠠᠨ ᠤᠷᠤᠭᠤᠯᠤᠨ ᠬᠠᠮᠳᠤᠷᠠᠯᠴᠠᠭ᠎ᠠ ᠪᠠᠨ ᠬᠦᠨᠵᠡᠭᠡᠶᠢᠷᠡᠬᠦᠯᠬᠦ ᠳᠤ ᠠᠰᠢᠭᠳᠠᠢ ᠨᠦᠬᠦᠴᠡᠯ ᠬᠠᠩᠭᠠᠪᠠ᠃ ᠤᠯᠤᠰ ᠠᠴᠠ ᠠᠮᠢ ᠠᠬᠤᠢ ᠶᠢᠨ ᠵᠢᠭᠤᠯᠴᠢᠯᠠᠯ ᠪᠠ ᠡᠷᠡᠬᠦᠯ ᠮᠠᠨᠳᠤ ᠨᠠᠰᠤᠵᠢᠯ ᠤᠨ ᠠᠰᠠᠷᠠᠮᠵᠢ ᠵᠡᠷᠭᠡ ᠰᠢᠨ᠎ᠡ ᠠᠵᠦ ᠤᠶᠢᠯᠡᠰ ᠰᠢᠨ᠎ᠡ ᠡᠵᠡᠩᠨᠡᠯᠳᠡ ᠶᠢᠨ ᠬᠡᠯᠪᠡᠷᠢ ᠪᠠᠶᠢᠳᠠᠯ ᠢ ᠳᠡᠭᠡᠳᠤ ᠬᠡᠮᠵᠢᠶ᠎ᠡ ᠪᠠᠷ ᠴᠢᠬᠤᠯᠠᠴᠢᠯᠠᠨ ᠦᠪᠡᠷᠳᠡᠭᠡᠨ ᠵᠠᠰᠠᠬᠤ ᠤᠷᠤᠨ ᠤ ᠤᠯᠤᠰ ᠤᠨ ᠳᠤᠮᠤ ᠳ᠋ᠡᠶᠢᠲ᠋ᠠ ᠶᠢᠨ ᠶᠡᠷᠦᠩᠭᠡᠶᠢᠯᠡᠭᠰᠡᠨ ᠳᠤᠷᠰᠢᠯᠳᠠ ᠶᠢᠨ ᠤᠷᠤᠨ ᠤ ᠪᠦᠳᠦᠭᠡᠨ ᠪᠠᠶᠢᠭᠤᠯᠤᠯᠳᠠ ᠶᠢ ᠬᠦᠨᠵᠡᠬᠡᠢ ᠬᠡᠷᠡᠭᠵᠢᠬᠦᠯᠦᠨ᠂ ᠪᠤᠭᠤᠳᠤ ᠬᠤᠳᠠ ᠶᠢᠨ ᠠᠵᠦ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠬᠦᠳᠬᠦ ᠶᠢ ᠳᠡᠳᠬᠦᠬᠦᠵᠦ᠂ ᠬᠤᠳᠠ ᠶᠢᠨ ᠬᠠᠮᠳᠤᠪᠠᠷ ᠳᠤᠬᠢᠷᠠᠭᠤᠯᠤᠨ ᠬᠦᠷᠭᠡᠬᠦ ᠪᠠᠷᠠᠭ᠎ᠠ ᠶᠢᠨ ᠬᠦᠢᠯᠭᠡᠭᠡᠨ ᠤ ᠠᠵᠦ ᠤᠶᠢᠯᠡᠰ ᠤᠨ ᠳᠦᠷᠦ ᠶᠢᠨ ᠪᠤᠳᠤᠯᠭ᠎ᠠ ᠶᠢ ᠪᠦᠳᠦᠮᠵᠢᠳᠡᠢ ᠨᠠᠶᠢᠳᠠᠪᠤᠷᠢᠵᠢᠭᠤᠯᠤᠭᠰᠠᠨ ᠢ ᠳᠠᠭᠠᠯᠳᠤᠨ᠂ ᠮᠠᠨ ᠤ ᠰᠤᠶᠤᠯ ᠵᠤᠭᠠᠴᠠᠯ ᠢ ᠬᠦᠭᠵᠢᠬᠦᠯᠦᠨ᠂ ᠤᠳᠤ ᠦᠶ᠎ᠡ ᠶᠢᠨ ᠤᠶᠢᠯᠡᠳᠬᠦᠨ ᠤ ᠬᠦᠢᠯᠭᠡᠭᠡ ᠬᠢᠭᠡᠳ ᠮᠡᠳᠡᠭᠡ ᠵᠠᠩᠭᠢ ᠶᠢᠨ ᠤᠶᠢᠯᠡᠴᠢᠯᠡᠭᠡ ᠶᠢ ᠦᠷᠭᠡᠳᠭᠡᠬᠦ ᠳᠤ ᠨᠡᠩ ᠶᠡᠭᠡ ᠤᠷᠤᠨ ᠵᠠᠢ ᠤᠯᠭᠤᠪᠠ᠃ ᠳᠤᠭᠤᠷᠢᠭ ᠪᠤᠯ ᠬᠦᠭᠡᠬᠤᠳᠠ ᠪᠤᠭᠤᠳᠤ ᠤᠷᠳᠤᠰ ᠬᠤᠳᠠ ᠶᠢᠨ ᠬᠦᠭᠵᠢᠯᠳᠡ ᠶᠢᠨ ᠵᠠᠩᠭᠢᠯᠠᠭ᠎ᠠ ᠶᠢᠨ ᠴᠡᠭ ᠳᠤᠮᠳᠠ ᠤᠷᠤᠰᠢᠵᠦ᠂ ᠨᠡᠭᠡᠭᠡᠯᠳᠡᠳᠡᠢ᠂ ᠦᠨᠳᠤᠷ ᠳᠠᠪᠴᠡᠩ ᠲᠠᠢ᠂ ᠨᠡᠩ ᠶᠡᠭᠡ ᠡᠨᠧᠷᠬᠢ ᠶᠢᠨ ᠳᠡᠰ ᠬᠦᠭᠵᠢᠬᠦ ᠱᠠᠳᠤᠨ ᠢ ᠤᠭᠳᠤᠨ ᠢᠷᠡᠬᠦ ᠪᠤᠯᠤᠭᠰᠠᠨ ᠨᠢ ᠡᠯ᠎ᠡ ᠳᠦᠷᠦᠯ ᠤᠨ ᠪᠡᠯᠡ ᠤᠷᠤᠭᠤᠯᠤᠯᠳᠠ ᠳᠤ ᠳᠤᠰᠠᠳᠠᠢ ᠪᠠᠶᠢᠵᠦ᠂ ᠬᠦᠭᠵᠢᠬᠦᠯᠦᠯᠳᠡ ᠶᠢᠨ ᠳᠤᠳᠠᠭᠳᠠᠯ ᠢ ᠨᠦᠬᠦᠪᠦᠷᠢᠯᠡᠵᠦ ᠠᠷᠠᠳ ᠤᠨ ᠪᠤᠶᠠᠨ ᠵᠢᠷᠭᠠᠯᠠᠩᠳᠤ ᠠᠮᠢᠳᠤᠷᠠᠯ ᠤᠨ ᠬᠢᠷᠢ ᠳᠦᠪᠰᠢᠨ ᠳᠡᠭᠡᠭᠰᠢᠯᠡᠨ᠎ᠡ᠃ ᠳᠤᠳᠤᠭᠠᠳᠤ ᠨᠦᠬᠦᠴᠡᠯ ᠢ ᠠᠵᠢᠭᠯᠠᠪᠠᠯ᠂ ᠳᠠᠪᠤᠨ ᠵᠢᠯ ᠤᠨ ᠬᠦᠭᠵᠢᠯᠳᠡ ᠶᠢ ᠳᠠᠮᠵᠢᠨ ᠳᠤᠭᠤᠷᠢᠭ ᠤᠨ ᠠᠮᠢ ᠠᠬᠤᠢ ᠶᠢᠨ ᠤᠷᠴᠢᠨ ᠳᠤᠭᠤᠷᠢᠨ ᠬᠢᠭᠡᠳ ᠵᠠᠮ ᠬᠠᠷᠢᠯᠴᠠᠭ᠎ᠠ ᠵᠡᠷᠭᠡ ᠬᠠᠷᠢᠴᠠᠩᠭᠤᠢ ᠳᠤᠪᠤᠶᠢᠮ᠎ᠠ ᠪᠠᠶᠢᠵᠦ᠂ ᠠᠵᠦ ᠤᠶᠢᠯᠡᠳᠪᠤᠷᠢ ᠶᠢᠨ ᠬᠦᠷᠢᠶᠡᠯᠡᠩ ᠬᠢᠭᠡᠳ ᠡᠳ᠋ ᠪᠠᠷᠠᠭᠠᠨ ᠤ ᠬᠦᠷᠢᠶᠡᠯᠡᠩ ᠨᠢ ᠪᠤᠵᠠᠭᠠᠶᠢᠷᠠᠨ ᠬᠦᠭᠵᠢᠵᠦ᠂ ᠤᠶᠤᠨᠴᠢ ᠬᠤᠳᠠ᠂ ᠳ᠋ᠡᠶᠢᠲ᠋ᠠ ᠶᠢᠨ ᠠᠵᠦ ᠤᠶᠢᠯᠡᠰ᠂ ᠪᠦᠬᠦ ᠬᠡᠪᠴᠢᠶᠡᠨ ᠤ ᠵᠢᠭᠤᠯᠴᠢᠯᠠᠯ᠂ ᠠᠶᠠᠯᠠᠯ ᠨᠡᠪᠳᠡᠷᠡᠬᠦ ᠠᠵᠦ ᠤᠶᠢᠯᠡᠰ ᠵᠡᠷᠭᠡ ᠦᠷᠨᠢᠬᠦᠨ ᠢᠶᠠᠷ ᠬᠦᠭᠵᠢᠵᠦ᠂ ᠬᠦᠭᠵᠢᠯᠳᠡ ᠶᠢᠨ ᠨᠦᠭᠡᠴᠡ ᠬᠦᠴᠦᠨ ᠡᠳᠤᠷ ᠢᠷᠡᠬᠦᠶ᠎ᠡ ᠴᠢᠩᠭᠠᠷᠠᠪᠠ᠃ ᠢᠯᠠᠩᠭᠤᠶ᠎ᠡ ᠠᠭᠤᠯᠠᠨ ᠭᠠᠵᠠᠷ ᠠᠴᠠ ᠭᠠᠷᠴᠦ ᠬᠡᠯᠪᠡᠷᠢ ᠪᠠᠨ ᠬᠤᠪᠢᠷᠠᠭᠤᠯᠤᠨ ᠬᠦᠭᠵᠢᠵᠦ᠂ ᠳᠠᠶᠠᠭᠠᠷ ᠢᠶᠠᠨ ᠪᠡᠷᠭᠡ ᠶᠢ ᠳᠠᠪᠠᠨ ᠪᠤᠭᠤᠮᠳᠠ ᠰᠢᠪᠳᠤᠯᠬᠤ ᠴᠢᠳᠠᠪᠤᠷᠢ ᠴᠢᠩᠭᠠᠷᠠᠵᠦ ᠠᠵᠢᠯ ᠬᠢᠵᠦ ᠤᠶᠢᠯᠡᠰ ᠪᠤᠰᠬᠠᠬᠤ ᠤᠷᠮ᠎ᠠ ᠵᠤᠷᠢᠭ ᠨᠢ ᠤᠷᠬᠢᠯᠦᠨ ᠦᠷᠢᠰᠦᠯᠳᠤᠭᠡᠨ ᠢ ᠳᠠᠪᠠᠵᠦ ᠠᠤᠭ᠎ᠠ ᠶᠡᠭᠡ ᠬᠦᠴᠦᠨ ᠢ ᠨᠢᠭᠳᠠᠷᠠᠭᠤᠯᠤᠨ ᠬᠦᠭᠵᠢᠯᠳᠡ ᠶᠢ ᠳᠦᠷᠭᠡᠳᠭᠡᠪᠡ᠃ ᠰᠢᠨ᠎ᠡ ᠴᠠᠭ ᠦᠶ᠎ᠡ ᠳᠤ ᠤᠷᠤᠵᠦ ᠰᠢᠨ᠎ᠡ ᠠᠶᠠᠨ ᠢ ᠡᠬᠢᠯᠡᠬᠦᠯᠵᠦ ᠢᠳᠡᠭᠡᠯ ᠵᠤᠷᠢᠭᠳᠠᠢ ᠪᠠᠷ ᠪᠡᠷᠭᠡ ᠪᠤᠭᠤᠮᠳᠠ ᠶᠢ ᠰᠢᠪᠳᠤᠯᠤᠨ ᠡᠷᠡᠮᠡᠬᠡᠶᠢᠯᠡᠨ ᠳᠡᠮᠡᠴᠡᠵᠦ ᠰᠢᠨ᠎ᠡ ᠤᠶᠢᠯᠡᠰ ᠡᠬᠦᠳᠬᠦ ᠪᠠᠷ ᠴᠢᠷᠮᠠᠶᠢᠪᠠᠯ ᠠᠤᠭ᠎ᠠ ᠬᠠᠷᠠᠯᠳᠠ ᠶᠢ ᠯᠠᠪᠳᠠᠢ ᠪᠡᠶᠡᠯᠡᠬᠦᠯᠵᠦ ᠴᠢᠳᠠᠨ᠎ᠠ᠃        ᠬᠤᠶᠢᠰᠢᠳᠠ ᠶᠢᠨ ᠳᠠᠪᠤᠨ ᠵᠢᠯ ᠤᠨ ᠵᠠᠰᠠᠭ ᠤᠨ ᠤᠷᠳᠤᠨ ᠤ ᠠᠵᠢᠯ ᠤᠨ ᠶᠡᠷᠦᠩᠭᠡᠢ ᠱᠠᠭᠠᠷᠳᠠᠯᠭ᠎ᠠ ᠪᠤᠯ᠄ ᠤᠭ ᠰᠠᠨᠠᠭ᠎ᠠ ᠪᠠᠨ ᠦᠯᠦ ᠮᠠᠷᠳᠡᠨ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠵᠦ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠠᠯ ᠰᠠᠨᠠᠭᠠᠨ ᠤ ᠠᠭᠤᠤ ᠶᠡᠭᠡ ᠳᠤᠭ ᠢ ᠦᠨᠳᠤᠷ ᠮᠠᠨᠳᠤᠭᠤᠯᠤᠨ᠂ ᠨᠠᠮ ᠤᠨ ᠠᠷᠪᠠ ᠶᠢᠰᠦᠳᠤᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠳᠠᠯ᠎ᠠ ᠪᠠᠷ ᠳᠤᠤᠱᠯᠠᠭᠤᠯᠤᠨ᠂ ᠳᠦᠪ ᠬᠤᠷᠢᠶ᠎ᠠ᠂ ᠦᠪᠡᠷᠳᠡᠭᠡᠨ ᠵᠠᠰᠠᠬᠤ ᠤᠷᠤᠨ ᠪᠤᠯᠤᠨ ᠪᠤᠭᠤᠳᠤ ᠬᠤᠳᠠ ᠵᠢᠴᠢ ᠳᠤᠭᠤᠷᠢᠭ ᠤᠨ ᠨᠠᠮ ᠤᠨ ᠬᠤᠷᠢᠶᠠᠨ ᠤ ᠰᠢᠷᠢᠰ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠨᠠᠷᠢᠨ ᠬᠢᠨᠠᠮᠠᠭᠠᠢ ᠨᠡᠶᠢᠳᠡᠪᠤᠷᠢᠵᠢᠭᠤᠯᠵᠦ ᠰᠢᠨ᠎ᠡ ᠴᠠᠭ ᠦᠶ᠎ᠡ ᠳᠤ ᠰᠠᠭᠤᠷᠢᠯᠠᠨ ᠠᠵᠠ ᠳᠤᠬᠢᠶᠠᠯ ᠢ ᠡᠵᠡᠮᠳᠡᠵᠦ᠂ ︽ᠳᠠᠪᠤ ᠶᠢ ᠨᠢᠭᠡ ᠴᠤᠭᠴᠠᠵᠢᠭᠤᠯᠬᠤ︾ ᠶᠡᠷᠦᠩᠭᠡᠢ ᠪᠠᠶᠢᠷᠢᠭᠤᠯᠤᠯᠳᠠ ᠪᠠ ︽ᠳᠦᠷᠪᠡᠨ ᠪᠦᠬᠦ ᠳᠠᠯ᠎ᠠ︾ ᠶᠢᠨ ᠪᠠᠶᠢᠯᠳᠤᠬᠤ ᠪᠤᠳᠤᠯᠭ᠎ᠠ ᠶᠢ ᠵᠤᠬᠢᠴᠠᠭᠤᠯᠤᠨ ᠠᠬᠢᠭᠤᠯᠵᠦ᠂ ︽ᠳᠠᠪᠤᠨ ᠶᠡᠭᠡ ᠬᠦᠭᠵᠢᠯᠳᠡ ᠶᠢᠨ ᠤᠶᠢᠯᠠᠭᠠᠭᠳᠠᠬᠤᠨ︾ ᠢ ᠪᠦᠬᠦ ᠳᠠᠯ᠎ᠠ ᠪᠠᠷ ᠨᠠᠶᠢᠳᠠᠪᠤᠷᠢᠵᠢᠭᠤᠯᠤᠨ ︽ᠳᠡᠰ ᠳᠡᠪᠰᠢᠬᠦᠯᠬᠦ᠂ ᠳᠡᠷᠢᠬᠦᠨ ᠤ ᠬᠢ ᠶᠢ ᠴᠢᠷᠮᠠᠶᠢᠨ ᠡᠬᠦᠳᠬᠦ︾ ᠶᠡᠷᠦᠩᠭᠡᠢ ᠬᠠᠷᠠᠯᠳᠠ ᠶᠢᠨ ᠡᠷᠬᠢᠨ ᠳᠤ ᠠᠮᠢ ᠠᠬᠤᠢ ᠰᠤᠶᠤᠯ ᠵᠤᠭᠠᠴᠠᠯ ᠤᠨ ᠤᠷᠤᠨ ᠢᠶᠠᠨ ᠬᠦᠭᠵᠢᠭᠡᠨ ᠮᠠᠨᠳᠤᠭᠤᠯᠵᠦ᠂ ᠤᠯᠠᠨ ᠳᠠᠯ᠎ᠠ ᠪᠠᠷ ᠬᠦᠳᠡᠯᠤᠯᠴᠡᠨ ᠬᠠᠮᠳᠤᠷᠠᠨ ᠰᠢᠨᠵᠢᠯᠡᠬᠦ ᠤᠬᠠᠭᠠᠨᠴᠢ ᠪᠠᠷ ᠬᠡᠯᠪᠡᠷᠢ ᠶᠢ ᠬᠤᠪᠢᠷᠠᠭᠤᠯᠤᠨ ᠪᠤᠭᠤᠳᠤ ᠶᠢᠨ ᠭᠤᠤᠯ ᠬᠤᠳᠠ ᠶᠢᠨ ᠬᠦᠭᠵᠢᠯᠳᠡ ᠲᠠᠢ ᠬᠦᠨ  ᠠᠭᠤᠰᠤᠯᠴᠠᠵᠦ᠂ ᠪᠤᠯᠪᠠᠰᠤᠨ᠂ ᠤᠷᠤᠰᠢᠨ ᠰᠠᠭᠤᠬᠤ ᠳᠤ ᠳᠠᠭᠠᠯᠠᠮᠵᠢᠳᠠᠢ᠂ ᠵᠢᠭᠤᠯᠴᠢᠯᠠᠯ ᠳᠤ ᠳᠤᠬᠢᠷᠠᠮᠵᠢᠳᠠᠢ ᠡᠶ᠎ᠡ ᠵᠤᠬᠢᠴᠠᠩᠭᠤᠢ ᠬᠠᠮᠳᠤᠪᠠᠷ ᠡᠳ᠋ᠯᠡᠬᠦ ᠡᠬᠢ ᠪᠠᠶᠠᠯᠢᠭ ᠨᠢ ᠰᠢᠪᠬᠠᠷᠤᠭᠰᠠᠨ ᠬᠤᠳᠠ ᠶᠢᠨ ᠬᠡᠯᠪᠡᠷᠢ ᠪᠠᠨ ᠬᠤᠪᠢᠷᠠᠭᠤᠯᠤᠭᠰᠠᠨ ᠦᠵᠡᠰᠭᠦᠯᠡᠩᠳᠤ ᠰᠠᠶᠢᠬᠠᠨ ᠰᠢᠨ᠎ᠡ ᠰᠢᠭᠤᠶᠢᠳᠤ ᠶᠢ ᠴᠢᠷᠮᠠᠶᠢᠨ ᠡᠬᠦᠳᠴᠦ᠂ ᠰᠢᠭᠤᠶᠢᠳᠤ ᠭᠠᠵᠠᠷ ᠤᠷᠤᠨ ᠤ ᠪᠤᠳᠠᠳᠤ ᠪᠠᠶᠢᠳᠠᠯ ᠲᠠᠢ ᠨᠡᠶᠢᠴᠡᠭᠰᠡᠨ᠂ ᠳᠤᠰ ᠪᠡᠶ᠎ᠡ ᠶᠢᠨ ᠤᠨᠴᠠᠯᠢᠭ ᠪᠦᠬᠦᠢ ᠬᠦᠭᠵᠢᠯᠳᠡ ᠶᠢᠨ ᠵᠠᠮ ᠢᠶᠠᠷ ᠵᠠᠮᠨᠠᠨ᠎ᠠ᠃       ︽ᠠᠷᠪᠠᠨ ᠭᠤᠷᠪᠠᠳᠤᠭᠠᠷ ᠳᠠᠪᠤᠨ ᠵᠢᠯ︾ ᠤᠨ ᠳᠦᠯᠦᠪᠵᠢᠬᠦᠯᠭᠡ ᠶᠢᠨ ᠤᠳᠤᠬᠢ ᠪᠠᠶᠢᠳᠠᠯ ᠢ ᠦᠨᠡᠯᠡᠨ ᠵᠢᠱᠢᠬᠦ ᠪᠠ ᠴᠢᠨᠡᠭᠡᠯᠢᠭ ᠨᠡᠶᠢᠭᠡᠮ ᠢ ᠪᠦᠬᠦ ᠳᠠᠯ᠎ᠠ ᠪᠠᠷ ᠪᠡᠶᠡᠯᠡᠬᠦᠯᠬᠦ ᠬᠦᠭᠵᠢᠯᠳᠡ ᠶᠢᠨ ᠱᠠᠭᠠᠷᠳᠠᠯᠭ᠎ᠠ ᠶᠢ ᠨᠢᠭᠡᠳᠤᠯᠳᠠᠢ ᠳᠦᠯᠦᠪᠯᠡᠨ᠂ ᠬᠤᠶᠢᠰᠢᠳᠡ ᠶᠢᠨ ᠳᠠᠪᠤᠨ ᠵᠢᠯ ᠳᠤ ᠬᠤᠶᠠᠷ ᠱᠠᠳᠤ ᠳᠤᠬᠢᠷᠠᠭᠤᠯᠤᠨ ᠵᠢᠱᠢᠭᠰᠡᠨ ᠬᠠᠷᠠᠯᠳᠠ ᠬᠢᠭᠡᠳ ᠡᠬᠦᠷᠭᠡ ᠪᠠᠨ ᠪᠡᠶᠡᠯᠡᠬᠦᠯᠦᠨ᠎ᠡ᠃        2020 ᠤᠨ ᠪᠤᠯᠳᠠᠯ᠎ᠠ᠂ ᠡᠯ᠎ᠠ ᠳᠦᠷᠦᠯ ᠤᠨ ᠠᠵᠦ ᠠᠬᠤᠢ ᠶᠢᠨ ᠬᠦᠢᠴᠡᠳᠭᠡᠯ ᠳᠤᠭ᠎ᠠ ᠶᠢᠨ ᠨᠡᠮᠡᠭᠳᠡᠯ ᠤᠨ ᠬᠤᠷᠳᠤᠴᠠ ᠶᠢ ᠪᠤᠭᠤᠳᠤ ᠬᠤᠳᠠ ᠶᠢᠨ ᠬᠦᠭᠵᠢᠯᠳᠡ ᠶᠢᠨ ᠬᠢᠷᠢ ᠳᠦᠪᠰᠢᠨ ᠲᠠᠢ ᠢᠵᠢᠯᠢ ᠠᠯᠬᠤᠮ ᠢᠶᠠᠷ ︽ᠠᠷᠪᠠᠨ ᠭᠤᠷᠪᠠᠳᠤᠭᠠᠷ ᠳᠠᠪᠤᠨ ᠵᠢᠯ︾ ᠤᠨ ᠳᠦᠯᠦᠪᠵᠢᠬᠦᠯᠭᠡ ᠶᠢᠨ ᠶᠤᠰᠤᠭᠠᠷ ᠵᠢᠱᠢᠭᠰᠡᠨ ᠬᠠᠷᠠᠯᠳᠠ ᠬᠢᠭᠡᠳ ᠡᠬᠦᠷᠭᠡ ᠪᠠᠨ ᠪᠦᠬᠦ ᠳᠠᠯ᠎ᠠ ᠪᠠᠷ ᠪᠡᠶᠡᠯᠡᠬᠦᠯᠦᠨ᠎ᠡ᠃ ᠳᠤᠭᠤᠷᠢᠭ ᠤᠨ ᠶᠡᠷᠦᠩᠭᠡᠶᠢᠯᠡᠭᠰᠡᠨ ᠪᠤᠳᠠᠳᠤ ᠬᠦᠴᠦᠨ ᠪᠠ ᠦᠷᠢᠰᠦᠯᠳᠦᠬᠦ ᠬᠦᠴᠦᠨ ᠮᠡᠳᠡᠭᠳᠡᠬᠦᠶᠢᠴᠡ ᠳᠡᠭᠡᠭᠰᠢᠯᠡᠵᠦ᠂ ᠬᠦᠭᠵᠢᠯᠳᠡ ᠶᠢᠨ ᠵᠤᠬᠢᠴᠠᠯᠳᠤ ᠴᠢᠨᠠᠷ ᠦᠷᠬᠦᠯᠵᠢᠯᠡᠯᠳᠤ ᠴᠢᠨᠠᠷ ᠳᠠᠰᠤᠷᠠᠯᠳᠠ ᠦᠭᠡᠢ ᠴᠢᠩᠭᠠᠷᠠᠵᠦ᠂ ᠬᠤᠳᠠ ᠶᠢᠨ ᠴᠢᠨᠡᠭᠡᠯᠢᠭ ᠨᠡᠶᠢᠭᠡᠮ ᠢ ᠪᠦᠬᠦ ᠳᠠᠯ᠎ᠠ ᠪᠠᠷ ᠪᠡᠶᠡᠯᠡᠬᠦᠯᠦᠨ ᠦᠪᠡᠷᠳᠡᠬᠡᠨ ᠵᠠᠰᠠᠬᠤ ᠤᠷᠤᠨ ᠤ ᠪᠤᠯᠪᠠᠰᠤᠨ ᠬᠤᠳᠠ ᠶᠢ ᠠᠮᠵᠢᠯᠳᠠ ᠲᠠᠢ ᠪᠦᠳᠤᠭᠡᠨ ᠪᠠᠶᠢᠭᠤᠯᠪᠠ᠃        2022 ᠤᠨ ᠪᠤᠯᠬᠤ ᠳᠤ᠂ ᠡᠯ᠎ᠡ ᠳᠦᠷᠦᠯ ᠤᠨ ᠠᠵᠦ ᠠᠬᠤᠢ ᠶᠢᠨ ᠬᠦᠢᠴᠡᠳᠭᠡᠯ ᠳᠤᠭ᠎ᠠ ᠶᠢᠨ ᠵᠢᠯ ᠤᠨ ᠳᠤᠮᠳᠠᠴᠢ ᠨᠡᠮᠡᠭᠳᠡᠯ ᠤᠨ ᠬᠤᠷᠳᠤᠴᠠ ᠨᠢ ︽ᠠᠷᠪᠡᠨ ᠭᠤᠷᠪᠠᠳᠤᠭᠠᠷ ᠳᠠᠪᠤᠨ ᠵᠢᠯ︾ ᠤᠨ ᠬᠢᠷᠢ ᠬᠡᠮᠵᠢᠶᠡᠨ ᠠᠴᠠ ᠳᠤᠤᠷ᠎ᠠ ᠦᠬᠡᠢ ᠪᠠᠶᠢᠵᠦ᠂ ᠠᠵᠦ ᠠᠬᠤᠢ ᠨᠡᠶᠢᠭᠡᠮ ᠤᠨ ᠬᠦᠭᠵᠢᠯᠳᠡ ᠶᠢᠨ ᠳᠡᠩᠴᠡᠬᠦᠷᠢᠳᠤ ᠪᠤᠰᠤ ᠬᠦᠢᠴᠡᠳ ᠦᠭᠡᠢ ᠠᠰᠠᠭᠤᠳᠠᠯ ᠢ ᠪᠦᠳᠦᠮᠵᠢᠳᠡᠢ ᠰᠠᠶᠢᠵᠢᠷᠠᠭᠤᠯᠪᠠ᠃ ᠤᠯᠠᠮᠵᠢᠯᠠᠯᠳᠤ ᠠᠵᠦ ᠤᠶᠢᠯᠡᠳᠪᠤᠷᠢ᠂ ᠤᠳᠤ ᠦᠶ᠎ᠡ ᠶᠢᠨ ᠤᠶᠢᠯᠡᠴᠢᠯᠡᠭᠡᠨ ᠤ ᠤᠶᠢᠯᠡᠰ᠂ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠡ ᠪᠠᠷ ᠪᠤᠢ ᠪᠤᠯᠤᠭᠰᠠᠨ ᠠᠵᠦ ᠤᠶᠢᠯᠡᠰ ᠵᠡᠷᠭᠡ ᠤᠯᠠᠨ ᠡᠰᠢᠳᠤ ᠠᠵᠦ ᠠᠬᠤᠢ ᠶᠢᠨ ᠳᠤᠯᠭᠠᠭᠤᠷᠢ ᠪᠠᠶᠢᠷᠢᠰᠢᠯ ᠦᠨᠳᠤᠰᠦᠨ ᠳᠡᠭᠡᠨ ᠪᠦᠷᠢᠯᠳᠤᠨ ᠶᠡᠷᠦᠩᠭᠡᠶᠢᠯᠡᠭᠰᠡᠨ ᠠᠵᠦ ᠠᠬᠤᠢ ᠶᠢᠨ ᠪᠤᠳᠠᠳᠤ ᠬᠦᠴᠦᠨ ᠶᠡᠭᠡᠪᠡᠷ ᠳᠡᠭᠡᠭᠰᠢᠯᠡᠪᠡ᠃ ᠬᠤᠳᠠ ᠶᠢᠨ ︽ᠬᠤᠤᠰ ᠵᠠᠰᠠᠬᠤ ︾ ᠠᠵᠢᠯᠯᠠᠭ᠎ᠠ ﹇12﹈ ᠢᠯᠡᠳᠳᠡ ᠦᠷ᠎ᠡ ᠪᠦᠳᠦᠮᠵᠢ ᠤᠯᠵᠦ᠂ ᠤᠯᠠᠨ ᠨᠡᠶᠢᠳᠡ ᠶᠢᠨ ᠤᠶᠢᠯᠡᠴᠢᠯᠡᠭᠡᠨ ᠤ ᠴᠢᠳᠠᠮᠵᠢ ᠶᠢ ᠤᠯᠠᠮ ᠳᠡᠬᠦᠯᠳᠡᠷᠵᠢᠬᠦᠯᠦᠨ᠂ ᠰᠢᠨ᠎ᠡ ᠬᠠᠭᠤᠴᠢᠨ ᠬᠤᠳᠠ ᠶᠢᠨ ᠳᠤᠭᠤᠷᠢᠭ᠂ ᠬᠤᠳᠠ ᠬᠦᠳᠡᠭᠡ ᠶᠢᠨ ᠬᠦᠭᠵᠢᠯᠳᠡ ᠶᠢᠨ ᠵᠦᠷᠢᠶ᠎ᠡ ᠪᠤᠯᠤᠨ ᠰᠠᠭᠤᠭᠠᠯᠢ ᠠᠷᠠᠳ ᠤᠨ ᠠᠮᠢᠳᠤᠷᠠᠯ ᠤᠨ ᠬᠢᠷᠢ ᠬᠡᠮᠵᠢᠶᠡᠨ ᠤ ᠵᠦᠷᠢᠶ᠎ᠡ ᠢᠯᠡᠳᠳᠡ ᠪᠠᠭᠠᠰᠴᠦ᠂ ᠬᠤᠳᠠ ᠬᠦᠳᠡᠭᠡ ᠳᠡᠩᠴᠡᠬᠦᠷᠢᠳᠡᠢ᠂ ᠠᠷᠠᠳ ᠤᠨ ᠠᠮᠢᠳᠤᠷᠠᠯ ᠴᠦᠮ ᠪᠠᠶᠠᠨ ᠴᠢᠨᠡᠭᠡᠯᠢᠭ ᠤᠯᠤᠰ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ ᠵᠢᠱᠢᠶ᠎ᠡ ᠦᠵᠡᠬᠦᠯᠬᠦ ᠳᠤᠭᠤᠷᠢᠭ ᠢ ᠠᠮᠵᠢᠯᠳᠠ ᠲᠠᠢ ᠪᠦᠳᠦᠬᠡᠨ ᠪᠠᠶᠢᠭᠤᠯᠪᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号