ᠭᠡᠷ ᠪᠦᠯᠢ ᠶᠢᠨ ᠰᠤᠷᠭᠠᠨ ᠬᠦᠮᠦᠵᠢᠯ ᠤᠨ ᠪᠠᠭᠠᠴᠤᠳ ᠬᠡᠥᠬᠡᠳ ᠤᠨ ᠨᠦᠯᠦᠭᠡᠯᠡᠯ
ᠨᠡᠶᠢᠲᠡᠯᠡᠭᠰᠡᠨ ᠴᠠᠭ᠄
2018-12-24
       ᠡᠩ ᠤᠨ ᠦᠭᠡᠨ ᠳᠤ ︽ᠰᠤᠷᠳᠠᠯ ᠲᠠᠢ ᠭᠡᠷ ᠤᠨ ᠭᠡᠥᠭᠡᠳ ᠤᠨ ᠦᠭᠡ ᠬᠡᠯᠡᠬᠦ ᠨᠢ ᠪᠤᠯᠪᠠᠰᠤᠷᠠᠯ ᠲᠠᠢ︾ ︽ᠦᠭᠡᠳᠡᠯᠡᠬᠦ ᠭᠡᠷ ᠤᠨ ᠦᠭᠡ ᠨᠢ ᠨᠢᠭᠡ᠂ ᠦᠰᠭᠦ ᠮᠠᠯ ᠤᠨ ᠦᠩᠭᠡ ᠨᠢ ᠨᠢᠭᠡ︾ ᠭᠡᠳᠡᠭ ᠢᠶᠠᠷ ᠭᠡᠷ ᠤᠨ ᠪᠤᠯᠪᠠᠰᠤᠷᠠᠯ ᠨᠢ ᠲᠤᠥᠷᠠᠬᠢ ᠮᠡᠳᠦ ᠬᠡᠳᠦᠨ ᠲᠠᠯ᠎ᠠ ᠶᠢᠨ ᠭᠡᠷᠡᠭᠴᠡᠭᠡ ᠲᠠᠢ ᠪᠠᠶᠢᠳᠠᠭ᠃     ︵1︶ ᠭᠡᠷ ᠪᠦᠯᠢ ᠶᠢᠨ ᠰᠤᠷᠭᠠᠨ ᠬᠦᠮᠦᠵᠢᠯ ᠨᠢ ᠭᠡᠷ ᠪᠦᠯᠢ ᠶᠢᠨ ᠦᠨᠳᠦᠰᠤᠨ ᠴᠢᠳᠠᠪᠤᠷᠢ ᠮᠦᠨ᠃ ᠦᠷ᠎ᠡ ᠭᠡᠥᠭᠡᠳ ᠢ ᠬᠦᠮᠦᠵᠢᠭᠦᠯᠬᠦ ᠨᠢ ᠡᠴᠢᠭᠡ ᠡᠭᠡ ᠪᠤᠯᠤᠭᠰᠠᠳ ᠤᠨ ᠲᠠᠷᠬᠠᠨ ᠡᠭᠦᠷᠭᠡ ᠮᠦᠨ᠃ ᠭᠡᠷ ᠪᠦᠯᠢ ᠨᠢ ᠲᠡᠭᠦᠨ ᠤ ᠦᠨᠳᠦᠰᠤᠨ ᠡᠭᠦᠷᠭᠡ ᠪᠠᠨ ᠯᠠᠪ ᠪᠡᠶᠡᠯᠡᠭᠦᠯᠵᠤ ᠴᠢᠳᠠᠬᠤ ᠡᠰᠡᠬᠦ ᠨᠢ ᠲᠠᠷᠤᠢ ᠦᠷ᠎ᠡ ᠭᠡᠥᠭᠡᠳ ᠢᠶᠠᠨ ᠬᠦᠮᠦᠵᠢᠭᠦᠯᠵᠤ᠂ ᠨᠡᠶᠢᠭᠡᠮ ᠪᠠ ᠦᠨᠳᠦᠰᠦᠳᠡᠨ ᠳᠡᠭᠡᠨ ᠭᠡᠷᠡᠭᠴᠡᠭᠡ ᠲᠠᠢ ᠬᠦᠮᠦᠨ ᠪᠤᠯᠭᠠᠬᠤ ᠡᠰᠡᠭᠦ ᠲᠠᠢ ᠰᠢᠭᠤᠳ ᠬᠤᠯᠪᠤᠭᠳᠠᠯ ᠲᠠᠢ᠃      ︵2︶ ᠭᠡᠷ ᠪᠦᠯᠢ ᠶᠢᠨ ᠰᠤᠷᠭᠠᠨ ᠬᠦᠮᠦᠵᠢᠯ ᠨᠢ ᠭᠡᠥᠭᠡᠳ ᠢ ᠬᠦᠮᠤᠨ ᠪᠤᠯᠭᠠᠨ ᠭᠡᠥᠭᠡᠳ ᠢ ᠴᠢᠳᠠᠪᠤᠷᠢᠳᠠᠨ ᠪᠤᠯᠭᠠᠬᠤ ᠶᠢᠨ ᠬᠠᠮᠤᠭ ᠠᠩᠬᠠᠨ ᠤ ᠪᠠᠷᠢᠯᠭ᠎ᠠ ᠮᠦᠨ᠃ ᠭᠡᠷ ᠪᠦᠯᠢ ᠨᠢ ᠭᠡᠥᠭᠡᠳ ᠤᠨ ᠠᠩᠬᠠᠨ ᠤ ᠰᠤᠷᠭᠠᠭᠤᠯᠢ ᠮᠦᠨ᠂ ᠡᠭᠡ ᠡᠴᠢᠭᠡ ᠨᠢ ᠭᠡᠥᠭᠡᠳ ᠤᠨ ᠬᠦᠮᠦᠵᠢᠭᠳᠡᠬᠦ ᠶᠢᠨ ᠠᠩᠬᠠᠨ ᠤ ᠪᠠᠭᠰᠢ ᠮᠦᠨ᠃ ᠠᠳᠡ ᠠᠴᠠ ᠭᠡᠥᠭᠡᠳ ᠲᠠᠷᠤᠢ ᠬᠦᠮᠦᠨ ᠤ ᠠᠮᠢᠳᠤᠷᠠᠯ ᠤᠨ ᠠᠩᠬᠠᠨ ᠤ ᠰᠤᠷᠭᠠᠮᠵᠢ ᠪᠠ ᠳᠤᠷᠰᠢᠯᠭ᠎ᠠ ᠶᠢ ᠬᠤᠷᠠᠮᠳᠠᠭᠤᠯᠵᠤ᠂ ᠢᠷᠡᠭᠡᠳᠦᠢ ᠶᠢᠨ ᠴᠢᠳᠠᠪᠤᠷᠢᠳᠠᠨ ᠪᠤᠯᠵᠤ ᠬᠦᠮᠦᠵᠢᠭᠳᠡᠬᠦ ᠶᠢᠨ ᠬᠦᠭᠵᠢᠯᠳᠡ ᠶᠢᠨ ᠰᠠᠭᠤᠷᠢ ᠶᠢ ᠤᠯᠬᠤ ᠶᠦᠮ᠃      ︵3︶ ᠭᠡᠷ ᠪᠦᠯᠢ ᠶᠢᠨ ᠰᠤᠷᠭᠠᠨ ᠬᠦᠮᠦᠵᠢᠯ ᠨᠢ ᠰᠤᠷᠭᠠᠭᠤᠯᠢ ᠶᠢᠨ ᠰᠤᠷᠭᠠᠨ ᠬᠦᠮᠦᠵᠢᠯ ᠤᠨ ᠰᠠᠭᠤᠷᠢ ᠪᠤᠯᠤᠨ ᠨᠦᠬᠦᠪᠦᠷᠢᠯᠡᠯ ᠮᠦᠨ᠃ ᠠᠩᠬᠠᠨ ᠤ ᠬᠤᠭᠤᠴᠠᠭ᠎ᠠ ᠶᠢᠨ ᠰᠤᠷᠭᠠᠨ ᠬᠦᠮᠦᠵᠢᠯ ᠨᠢ ᠬᠤᠶᠢᠰᠢᠳᠠ ᠶᠢᠨ ᠦᠷᠭᠦᠯᠵᠢᠯᠡᠨ ᠰᠤᠷᠭᠠᠨ ᠬᠦᠮᠦᠵᠢᠯ ᠬᠢᠬᠦ ᠶᠢᠨ ᠰᠠᠭᠤᠷᠢ ᠶᠢ ᠲᠠᠯᠪᠢᠬᠤ ᠪᠤᠯᠤᠨ᠎ᠠ᠃ ᠭᠡᠥᠭᠡᠳ ᠰᠤᠷᠭᠠᠭᠤᠯᠢ ᠳᠤ ᠤᠷᠤᠭᠰᠠᠨ ᠤ ᠲᠠᠷᠠᠭ᠎ᠠ ᠰᠤᠷᠭᠠᠭᠤᠯᠢ ᠶᠢᠨ ᠰᠤᠷᠭᠠᠨ ᠬᠦᠮᠦᠵᠢᠯ ᠨᠢ ᠡᠬᠢᠯᠡᠨ ᠭᠡᠥᠭᠡᠳ ᠲᠤ ᠭᠤᠥᠯᠯᠠᠬᠤ ᠦᠢᠯᠡᠳᠦᠯ  ᠢ ᠦᠵᠡᠭᠦᠯᠬᠦ ᠨᠢ ᠲᠠᠮᠵᠢᠭ ᠦᠭᠡᠢ᠂ ᠭᠡᠪᠡᠴᠦ ᠭᠡᠷ ᠪᠦᠯᠢ ᠶᠢᠨ ᠰᠤᠷᠭᠠᠨ ᠬᠦᠮᠦᠵᠢᠯ ᠤᠨ ᠨᠦᠯᠦᠭᠡᠯᠡᠯ ᠨᠢ ᠰᠤᠷᠭᠠᠭᠤᠯᠢ ᠶᠢᠨ ᠰᠤᠷᠭᠠᠨ ᠬᠦᠮᠦᠵᠢᠯ ᠲᠠᠢ ᠨᠠᠷᠢᠨ ᠨᠢᠭᠳᠠ ᠬᠠᠷᠢᠴᠠᠭ᠎ᠠ ᠬᠤᠯᠪᠤᠭ᠎ᠠ ᠲᠠᠢ ᠪᠠᠶᠢᠵᠤ᠂ ᠬᠠᠷᠢᠯᠴᠢᠨ ᠨᠦᠬᠦᠪᠦᠷᠢᠯᠡᠬᠦ ᠨᠢ ᠮᠦᠨ ᠴᠦ ᠭᠡᠥᠭᠡᠳ ᠢ ᠤᠯᠠᠮ ᠢᠯᠡᠭᠦᠥ ᠡᠷᠡᠭᠦᠯ ᠢᠶᠠᠷ ᠬᠦᠭᠵᠢᠭᠦᠯᠬᠦ ᠶᠢᠨ ᠪᠠᠳᠤᠯᠠᠭ᠎ᠠ ᠪᠤᠯᠬᠤ ᠶᠤᠮ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号