ᠳ᠋ᠠ ᠹᠠ ᠵᠡᠭᠡᠯᠢ ᠭᠤᠳᠤᠮᠵᠢ ᠠᠴᠠ ᠭᠠᠮᠰᠢᠭ ᠢ ᠰᠡᠷᠬᠡᠶᠢᠯᠡᠬᠦ ᠪᠠᠴᠢᠮ ᠪᠠᠶᠢᠳᠠᠯ ᠢ ᠠᠷᠭᠠᠴᠠᠵᠦ ᠳᠠᠷᠬᠠᠭᠠᠬᠤ ᠰᠤᠷᠢᠯᠳᠠ ᠶᠢᠨ ᠠᠵᠢᠯᠯᠠᠭ᠎ᠠ ᠶᠢ ᠦᠷᠨᠢᠬᠦᠯᠪᠡ
ᠨᠡᠶᠢᠲᠡᠯᠡᠭᠰᠡᠨ ᠴᠠᠭ᠄
2018-12-29
        ᠵᠡᠭᠡᠯᠢ ᠭᠤᠳᠤᠮᠵᠢ᠂ ᠨᠡᠶᠢᠭᠡᠮ ᠳᠤᠭᠤᠷᠢᠭ ᠤᠨ ᠺᠠᠳᠡᠷ ᠵᠢᠴᠢ ᠠᠷᠠᠳ ᠤᠨ ᠬᠠᠮᠠᠭᠠᠯᠠᠯᠳᠠ ᠶᠢᠨ ᠰᠠᠶᠢᠨ ᠳᠤᠷ᠎ᠠ ᠶᠢᠨ ᠠᠵᠢᠯᠯᠠᠭᠴᠢ ᠶᠢᠨ ᠡᠩᠨᠡᠭᠡᠨ ᠤ ᠭᠠᠮᠰᠢᠭ ᠢ ᠰᠡᠷᠬᠡᠶᠢᠯᠡᠬᠦ᠂ ᠵᠤᠬᠢᠶᠠᠨ ᠪᠠᠶᠢᠭᠤᠯᠵᠦ ᠵᠢᠯᠤᠭᠤᠳᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠬᠦᠯᠬᠦ ᠶᠢᠨ ᠳᠦᠯᠦᠭᠡ 12 ᠰᠠᠷ᠎ᠠ ᠶᠢᠨ 14 ᠤ ᠡᠳᠤᠷ᠂ ᠳ᠋ᠠ ᠹᠠ ᠵᠡᠭᠡᠯᠢ ᠭᠤᠳᠤᠮᠵᠢ ᠬᠢᠭᠡᠳ ᠳᠤᠭᠤᠷᠢᠭ ᠤᠨ ᠠᠷᠠᠳ ᠤᠨ ᠠᠭᠠᠷ ᠤᠨ ᠰᠡᠷᠬᠡᠶᠢᠯᠡᠯᠳᠠ ᠶᠢᠨ ᠠᠯᠪᠠᠨ ᠭᠡᠷ ᠲᠠᠢ ᠬᠠᠮᠳᠤᠷᠠᠨ ︽ᠭᠠᠮᠰᠢᠭ ᠢ ᠰᠡᠷᠬᠡᠶᠢᠯᠡᠵᠦ ᠭᠠᠮᠰᠢᠭ ᠢ ᠪᠠᠭᠠᠰᠬᠠᠬᠤ ᠰᠤᠶᠤᠯ ᠢ ᠪᠠᠳᠠᠷᠠᠭᠤᠯᠵᠦ᠂ ᠤᠬᠠᠮᠰᠡᠷ ᠢᠶᠠᠨ ᠳᠡᠭᠡᠭᠰᠢᠯᠡᠬᠦᠯᠬᠦ︾ ᠪᠠᠷ ᠭᠤᠤᠯ ᠰᠡᠳᠤᠪᠯᠡᠭᠰᠡᠨ ᠭᠠᠮᠰᠢᠭ ᠢ ᠰᠡᠷᠬᠡᠶᠢᠯᠡᠬᠦ᠂ ᠪᠠᠴᠢᠮ ᠪᠠᠶᠢᠳᠠᠯ ᠢ ᠠᠷᠭᠠᠴᠠᠵᠦ ᠳᠠᠷᠬᠠᠭᠠᠬᠤ ᠰᠤᠷᠢᠯᠳᠠ ᠶᠢᠨ ᠠᠵᠢᠯᠯᠠᠭ᠎ᠠ ᠶᠢ ᠦᠷᠨᠢᠬᠦᠯᠪᠡ᠃
       ᠡᠨᠡ ᠤᠳᠠᠭᠠᠨ ᠤ ᠰᠤᠷᠢᠯᠳᠠ ᠠᠴᠠ ᠳᠠᠮᠵᠢᠵᠦ᠂ ᠬᠠᠷᠢᠶ᠎ᠠ ᠤᠷᠤᠨ ᠤ ᠰᠠᠭᠤᠭᠠᠯᠢ ᠠᠷᠠᠳ ᠤᠨ ᠭᠠᠮᠰᠢᠭ ᠢ ᠰᠡᠷᠬᠡᠶᠢᠯᠡᠬᠦ᠂ ᠦᠪᠡᠷ ᠢ ᠪᠠᠨ ᠠᠪᠤᠷᠠᠬᠤ ᠮᠡᠳᠡᠯᠭᠡ ᠶᠢ ᠰᠠᠶᠢᠳᠤᠷ ᠡᠵᠡᠮᠰᠢᠬᠦᠯᠵᠦ᠂ ᠬᠡᠨᠡᠳᠳᠠ ᠡᠬᠦᠰᠬᠦ ᠤᠯᠠᠨ ᠨᠠᠶᠢᠳᠠ ᠶᠢᠨ ᠬᠡᠷᠡᠭ ᠶᠠᠪᠤᠳᠠᠯ ᠤᠨ ᠳᠤᠮᠳᠠᠬᠢ ᠪᠠᠴᠢᠮ ᠪᠠᠶᠢᠳᠠᠯ ᠢ ᠠᠷᠭᠠᠴᠠᠬᠤ ᠠᠵᠢᠯ ᠤᠨ ᠴᠢᠳᠠᠪᠤᠷᠢ ᠪᠤᠯᠤᠨ ᠦᠪᠡᠷ ᠢ ᠪᠠᠨ ᠠᠪᠤᠷᠠᠬᠤ ᠬᠢᠭᠡᠳ ᠬᠠᠷᠢᠯᠴᠠᠨ ᠠᠪᠤᠷᠠᠬᠤ ᠴᠢᠳᠠᠪᠤᠷᠢ ᠶᠢ ᠨᠢ ᠳᠡᠭᠡᠭᠰᠢᠯᠡᠬᠦᠯᠪᠡ᠃
 
ᠢᠷᠡᠯᠲᠡ᠄ ᠦᠵᠡᠰᠬᠦᠯᠡᠩᠳᠤ ᠰᠠᠢᠬᠠᠨ ᠰᠢᠭᠤᠢ᠌ᠢᠳᠤ ᠳᠤᠭᠤᠷᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号