ᠵᠢᠪᠬᠤᠯᠠᠩᠳᠤ ᠰᠤᠮᠤ ᠶᠢᠨ ᠬᠢᠨᠠᠨ ᠪᠠᠶᠢᠴᠠᠭᠠᠬᠤ ᠠᠯᠪᠠᠨ ᠬᠡᠷ ᠠᠴᠠ ᠫᠠᠶᠢᠰᠠ ᠰᠡᠬᠦᠬᠦ ᠶᠤᠰᠤᠯᠠᠯ ᠶᠠᠪᠤᠭᠤᠯᠪᠠ
ᠨᠡᠶᠢᠲᠡᠯᠡᠭᠰᠡᠨ ᠴᠠᠭ᠄
2018-12-29
        12 ᠰᠠᠷ᠎ᠠ ᠶᠢᠨ 17  ᠤ ᠡᠳᠤᠷ᠂ ᠵᠢᠪᠬᠤᠯᠠᠩᠳᠤ ᠰᠤᠮᠤ ᠶᠢᠨ ᠬᠢᠨᠠᠨ ᠪᠠᠶᠢᠴᠠᠭᠠᠬᠤ ᠠᠯᠪᠠᠨ ᠬᠡᠷ ᠠᠴᠠ ᠫᠠᠶᠢᠰᠠ ᠰᠡᠬᠦᠬᠦ ᠶᠤᠰᠤᠯᠠᠯ ᠶᠠᠪᠤᠭᠤᠯᠪᠠ᠃ ᠳᠤᠭᠤᠷᠢᠭ ᠤᠨ ᠰᠠᠬᠢᠯᠭ᠎ᠠ ᠪᠠᠳᠤ ᠶᠢ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠦᠪᠯᠡᠯ ᠤᠨ ᠬᠤᠯᠪᠤᠭᠳᠠᠯ ᠪᠦᠬᠦᠢ ᠬᠠᠷᠢᠭᠤᠴᠠᠯᠭᠠᠳᠠᠨ᠂ ᠵᠢᠪᠬᠤᠯᠠᠩᠳᠤ ᠰᠤᠮᠤ ᠶᠢᠨ ᠪᠦᠬᠦ ᠺᠠᠳᠡᠷ ᠠᠵᠢᠯᠳᠡᠨ᠂ ᠡᠯ᠎ᠡ ᠭᠠᠴᠠᠭᠠᠨ ᠤ ᠨᠠᠮ ᠤᠨ ᠡᠬᠦᠷ ᠤᠨ ᠱᠦᠵᠢ ᠶᠤᠰᠤᠯᠠᠯ ᠳᠤ ᠤᠷᠤᠯᠴᠠᠪᠠ᠃
         ᠶᠤᠰᠤᠯᠠᠯ ᠳᠡᠭᠡᠷ᠎ᠠ᠂ ᠵᠢᠪᠬᠤᠯᠠᠩᠳᠤ ᠰᠤᠮᠤ ᠶᠢᠨ ᠨᠠᠮ ᠤᠨ ᠬᠤᠷᠢᠶᠠᠨ ᠤ ᠭᠤᠤᠯ ᠬᠠᠷᠢᠭᠤᠴᠠᠯᠭᠠᠳᠠᠨ ᠪᠠ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠬᠠᠷᠢᠭᠤᠴᠠᠯᠭᠠᠳᠠᠨ ᠠᠴᠠ ᠬᠢᠨᠠᠨ ᠪᠠᠶᠢᠴᠠᠭᠠᠬᠤ ᠠᠯᠪᠠᠨ ᠬᠡᠷ ᠤᠨ ᠫᠠᠶᠢᠰᠠ ᠶᠢ ᠡᠯᠬᠦᠵᠦ᠂ ᠳᠤᠭᠤᠷᠢᠭ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ᠂ ᠬᠢᠨᠠᠨ ᠪᠠᠶᠢᠴᠠᠭᠠᠬᠤ ᠵᠦᠪᠯᠡᠯ ᠤᠨ ᠬᠤᠯᠪᠤᠭᠳᠠᠯ ᠪᠦᠬᠦᠢ ᠬᠠᠷᠢᠭᠤᠴᠠᠯᠭᠠᠳᠠᠨ ᠶᠠᠷᠢᠶ᠎ᠠ ᠳᠠᠯᠪᠢᠵᠦ᠂ ᠰᠤᠮᠤ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠬᠢᠨ ᠤᠯᠤᠰ ᠳᠦᠷᠦ ᠶᠢᠨ ᠵᠤᠭᠰᠤᠴᠠ ᠪᠠᠨ ᠳᠡᠭᠡᠭᠰᠢᠯᠡᠬᠦᠯᠵᠦ᠂ ᠬᠢᠨᠠᠨ ᠪᠠᠶᠢᠴᠠᠭᠠᠬᠤ ᠡᠬᠦᠷᠭᠡ ᠴᠢᠳᠠᠪᠤᠷᠢ ᠶᠢᠨ ᠦᠨᠳᠤᠰᠦᠨ ᠱᠠᠳᠤᠨ ᠳᠤ ᠬᠦᠷᠳᠡᠯ᠎ᠡ ᠠᠬᠢᠭᠤᠯᠤᠭᠰᠠᠨ ᠴᠢᠬᠤᠯᠠ ᠠᠴᠢ ᠬᠤᠯᠪᠤᠭᠳᠠᠯ ᠢ ᠬᠦᠨᠵᠡᠬᠡᠢ ᠤᠶᠢᠯᠠᠭᠠᠵᠦ᠂ ᠰᠠᠬᠢᠯᠭ᠎ᠠ ᠪᠠᠳᠤ ᠬᠢᠨᠠᠨ ᠪᠠᠶᠢᠴᠠᠭᠠᠬᠤ ᠠᠵᠢᠯ ᠢ ᠦᠷᠬᠦᠯᠵᠢᠯᠡᠨ ᠳᠠᠮᠵᠢᠬᠦ ᠶᠢ ᠱᠠᠭᠠᠷᠳᠠᠵᠦ᠂ ᠰᠠᠬᠢᠯᠭ᠎ᠠ ᠪᠠᠳᠤ ᠬᠢᠨᠠᠨ ᠪᠠᠶᠢᠴᠠᠭᠠᠬᠤ ᠠᠵᠢᠯ ᠰᠢᠨ᠎ᠡ ᠳᠡᠭᠳᠡᠷ ᠲᠤ ᠭᠠᠷᠬᠤ ᠶᠢ ᠳᠦᠯᠬᠢᠨ ᠠᠬᠢᠭᠤᠯᠪᠠ᠃
 
ᠢᠷᠡᠯᠲᠡ᠄ ᠦᠵᠡᠰᠬᠦᠯᠡᠩᠳᠤ ᠰᠠᠢᠬᠠᠨ ᠰᠢᠭᠤᠢ᠌ᠢᠳᠤ ᠳᠤᠭᠤᠷᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号