ᠰᠢᠭᠤᠶᠢᠳᠤ ᠳᠤᠭᠤᠷᠢᠭ ᠤᠨ ᠤᠳᠤᠷᠢᠳᠬᠤ ᠪᠠᠭ ᠠᠴᠠ ᠦᠭᠡᠷᠡᠴᠢᠯᠡᠯᠳᠠ ᠨᠡᠭᠡᠭᠡᠯᠳᠠ ᠬᠢᠭᠰᠡᠨ 40 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠤᠨ ᠰᠢᠭᠤᠳ ᠨᠡᠪᠳᠡᠷᠡᠬᠦᠯᠭᠡ ᠶᠢ ᠰᠤᠨᠢᠷᠬᠠᠵᠦ ᠬᠠᠯᠠᠭᠤᠨ ᠢᠶᠠᠷ ᠶᠠᠷᠢᠯᠴᠠᠪᠠ
ᠨᠡᠶᠢᠲᠡᠯᠡᠭᠰᠡᠨ ᠴᠠᠭ᠄
2018-12-29
       12 ᠰᠠᠷ᠎ᠠ ᠶᠢᠨ 18  ᠤ ᠡᠳᠤᠷ᠂ ᠦᠭᠡᠷᠡᠴᠢᠯᠡᠯᠳᠠ ᠨᠡᠭᠡᠭᠡᠯᠳᠠ ᠬᠢᠭᠰᠡᠨ 40 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ  ᠪᠡᠭᠡᠵᠢᠭ ᠤᠨ ᠠᠷᠠᠳ ᠤᠨ ᠶᠡᠭᠡ ᠬᠤᠷᠠᠯ ᠤᠨ ᠳᠠᠩᠭᠢᠮ ᠳᠤ ᠦᠪᠡᠳᠡᠭᠰᠢ ᠶᠡᠭᠡ ᠪᠠᠷ ᠶᠠᠪᠤᠭᠳᠠᠪᠠ᠃ ᠨᠠᠮ ᠤᠨ ᠳᠦᠪ ᠬᠤᠷᠢᠶᠠᠨ ᠤ ᠶᠡᠷᠦᠩᠭᠡᠢ ᠱᠦᠵᠢ᠂ ᠤᠯᠤᠰ ᠤᠨ ᠳᠡᠷᠢᠬᠦᠯᠡᠭᠴᠢ᠂ ᠳᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠳᠡᠷᠢᠬᠦᠯᠡᠭᠴᠢ ᠰᠢ ᠶᠢᠨ ᠫᠢᠩ ᠶᠡᠭᠡ ᠬᠤᠷᠠᠯ ᠳᠡᠭᠡᠷ᠎ᠡ ᠴᠢᠬᠤᠯᠠ ᠶᠠᠷᠢᠶ᠎ᠠ ᠳᠠᠯᠪᠢᠪᠠ᠃      ᠳᠤᠭᠤᠷᠢᠭ ᠤᠨ ᠨᠠᠮ ᠤᠨ ᠬᠤᠷᠢᠶᠠᠨ ᠤ ᠱᠦᠵᠢ ᠴᠧᠨ ᠵᠢᠶᠠᠨ ᠵᠦᠩ᠂ ᠳᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ ᠵᠠᠰᠠᠭ ᠤᠨ ᠤᠷᠳᠤᠨ ᠤ ᠳᠠᠷᠤᠭ᠎ᠠ ᠯᠢ ᠰᠢᠨ ᠴᠦᠨ᠂ ᠳᠤᠭᠤᠷᠢᠭ ᠤᠨ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠸᠧᠢ ᠴᠢᠶᠠᠩ᠂ ᠳᠤᠭᠤᠷᠢᠭ ᠤᠨ ᠤᠯᠤᠰ ᠳᠦᠷᠦ ᠶᠢᠨ ᠵᠦᠪᠯᠡᠯᠭᠡᠨ ᠤ ᠳᠡᠷᠢᠬᠦᠯᠡᠭᠴᠢ ᠸᠠᠩ ᠸᠧᠢ᠂ ᠳᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ ᠪᠠᠢ ᠰᠢᠶᠠᠩ ᠬᠦᠩ ᠵᠡᠷᠭᠡ ᠰᠢᠶᠠᠨ ᠤ ᠱᠠᠳᠤᠨ ᠤ ᠤᠳᠤᠷᠢᠳᠤᠯᠭ᠎ᠠ ᠦᠭᠡᠷᠡᠴᠢᠯᠡᠯᠳᠠ ᠨᠡᠭᠡᠭᠡᠯᠳᠠ ᠬᠢᠭᠰᠡᠨ 40 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠤᠨ ᠰᠢᠭᠤᠳ ᠨᠡᠪᠳᠡᠷᠡᠬᠦᠯᠭᠡ ᠶᠢ ᠰᠤᠨᠢᠷᠬᠠᠵᠦ᠂ ᠶᠡᠷᠦᠩᠭᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠶᠢ ᠨᠠᠷᠢᠨ ᠬᠢᠨᠠᠮᠠᠭᠠᠢ ᠰᠤᠨᠤᠰᠪᠠ᠃
 
ᠢᠷᠡᠯᠲᠡ᠄ ᠦᠵᠡᠰᠬᠦᠯᠡᠩᠳᠤ ᠰᠠᠢᠬᠠᠨ ᠰᠢᠭᠤᠢ᠌ᠢᠳᠤ ᠳᠤᠭᠤᠷᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号