ᠰᠢᠭᠤᠶᠢᠳᠤ ᠳᠤᠭᠤᠷᠢᠭ 2018 ᠤᠨ ᠤ ᠤᠳᠤᠷᠢᠳᠬᠤ ᠪᠠᠭ ᠤᠨ ᠳᠤᠰᠢᠶᠠᠯ ᠤᠨ ᠮᠡᠳᠡᠬᠦᠯᠦᠯᠳᠠ ᠶᠢᠨ ᠶᠡᠭᠡ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2018-12-29
       12 ᠰᠠᠷ᠎ᠠ ᠶᠢᠨ 18᠂ 19 ᠤ ᠡᠳᠤᠷ᠂ ᠰᠢᠭᠤᠶᠢᠳᠤ ᠳᠤᠭᠤᠷᠢᠭ 2018 ᠤᠨ ᠤ ᠤᠳᠤᠷᠢᠳᠬᠤ ᠪᠠᠭ ᠤᠨ ᠶᠡᠷᠦᠩᠭᠡᠶᠢᠯᠡᠨ ᠬᠢᠨᠠᠨ ᠰᠢᠯᠭᠠᠬᠤ ᠳᠤᠰᠢᠶᠠᠯ ᠤᠨ ᠮᠡᠳᠡᠬᠦᠯᠦᠯᠳᠠ ᠶᠢᠨ ᠶᠡᠭᠡ ᠬᠤᠷᠠᠯ ᠢ ᠬᠤᠷᠠᠯᠳᠤᠭᠤᠯᠪᠠ᠃      ᠳᠤᠭᠤᠷᠢᠭ ᠤᠨ ᠨᠠᠮ ᠤᠨ ᠬᠤᠷᠢᠶᠠᠨ ᠤ ᠱᠦᠵᠢ ᠴᠧᠨ ᠵᠢᠶᠠᠨ ᠵᠦᠩ᠂ ᠳᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ ᠵᠠᠰᠠᠭ ᠤᠨ ᠤᠷᠳᠤᠨ ᠤ ᠳᠠᠷᠤᠭ᠎ᠠ ᠯᠢ ᠰᠢᠨ ᠴᠦᠨ᠂ ᠳᠤᠭᠤᠷᠢᠭ ᠤᠨ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠸᠧᠢ ᠴᠢᠶᠠᠩ᠂ ᠳᠤᠭᠤᠷᠢᠭ ᠤᠨ ᠤᠯᠤᠰ ᠳᠦᠷᠦ ᠶᠢᠨ ᠵᠦᠪᠯᠡᠯᠭᠡᠨ ᠤ ᠳᠡᠷᠢᠬᠦᠯᠡᠭᠴᠢ ᠸᠠᠩ ᠸᠧᠢ᠂ ᠳᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ ᠪᠠᠢ ᠰᠢᠶᠠᠩ ᠬᠦᠩ ᠵᠡᠷᠭᠡ ᠳᠤᠭᠤᠷᠢᠭ ᠤᠨ ᠰᠢᠶᠠᠨ ᠤ ᠳᠡᠰ ᠤᠨ ᠺᠠᠳᠠᠷ᠂ ᠰᠠᠯᠠᠭᠠᠨ ᠤ ᠳᠡᠰ ᠤᠨ ᠺᠠᠳᠡᠷ᠂ ᠳᠡᠳ᠋ ᠰᠠᠯᠠᠭᠠᠨ ᠳᠡᠰ ᠤᠨ ᠪᠡᠯᠡᠳᠭᠡᠯ ᠺᠠᠳᠠᠷ ᠵᠢᠴᠢ ᠬᠡᠰᠡᠭ ᠨᠠᠮ ᠤᠨ ᠳᠦᠯᠦᠭᠡᠯᠡᠭᠴᠢ᠂ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠳᠦᠯᠦᠭᠡᠯᠡᠭᠴᠢ᠂ ᠤᠯᠤᠰ ᠳᠦᠷᠦ ᠶᠢᠨ ᠵᠦᠪᠯᠡᠯᠭᠡᠨ ᠤ ᠬᠡᠰᠢᠬᠦᠳ ᠬᠤᠷᠠᠯ ᠳᠤ ᠤᠷᠤᠯᠴᠠᠪᠠ᠃        ᠶᠡᠷᠦᠩᠭᠡᠶᠢᠯᠡᠨ ᠬᠢᠨᠠᠨ ᠰᠢᠯᠭᠠᠬᠤ ᠳᠤᠰᠢᠶᠠᠯ ᠤᠨ ᠮᠡᠳᠡᠬᠦᠯᠦᠯᠳᠠ ᠶᠢᠨ ᠶᠡᠭᠡ ᠬᠤᠷᠠᠯ ᠪᠤᠯ ᠰᠢᠭᠤᠶᠢᠳᠤ ᠳᠤᠭᠤᠷᠢᠭ ᠤᠨ ᠺᠠᠳᠡᠷᠴᠤᠳ ᠤᠨ ᠠᠵᠢᠯ ᠤᠨ ᠪᠤᠳᠠᠳᠤ ᠪᠦᠳᠦᠮᠵᠢ ᠶᠢ ᠬᠢᠨᠠᠨ ᠰᠢᠯᠭᠠᠬᠤ ᠠᠵᠢᠯ ᠤᠨ ᠰᠢᠨ᠎ᠡ ᠡᠬᠦᠳᠤᠯᠳᠠ ᠶᠢᠨ ᠬᠡᠯᠪᠡᠷᠢ᠂ ᠮᠦᠨ ᠴᠦ ᠤᠳᠤᠷᠢᠳᠬᠤ ᠪᠠᠭ ᠪᠤᠯᠤᠨ ᠰᠠᠯᠠᠭᠠᠨ ᠳᠡᠰ ᠤᠨ ᠤᠳᠤᠷᠢᠳᠬᠤ ᠺᠠᠳᠡᠷ ᠤᠨ ᠡᠩᠨᠡᠭᠡ ᠶᠢᠨ ᠪᠠᠶᠢᠭᠤᠯᠤᠯᠳᠠ ᠶᠢ ᠴᠢᠩᠭᠠᠳᠬᠠᠵᠦ᠂ ᠬᠢᠨᠠᠨ ᠰᠢᠯᠭᠠᠬᠤ ᠳᠤᠭᠳᠠᠴᠠ ᠶᠢ ᠪᠠᠶᠢᠭᠤᠯᠤᠨ ᠳᠡᠬᠦᠯᠳᠡᠷᠵᠢᠬᠦᠯᠬᠦ ᠶᠢ ᠳᠦᠯᠬᠢᠨ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠦᠨ᠃
 
ᠢᠷᠡᠯᠲᠡ᠄ ᠦᠵᠡᠰᠬᠦᠯᠡᠩᠳᠤ ᠰᠠᠢᠬᠠᠨ ᠰᠢᠭᠤᠢ᠌ᠢᠳᠤ ᠳᠤᠭᠤᠷᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号