ᠠᠷᠠᠳ ᠤᠨ ᠰᠡᠳᠭᠢᠯ ᠳᠤ ᠬᠠᠨᠤᠮᠵᠢᠲᠠᠢ ᠰᠣᠷᠭᠠᠨ ᠬᠦᠮᠦᠵᠢᠯ ᠢ ᠡᠷᠬᠢᠯᠡᠰᠦᠭᠡᠢ
ᠨᠡᠶᠢᠲᠡᠯᠡᠭᠰᠡᠨ ᠴᠠᠭ᠄
2018-12-05
       ᠰᠤᠷᠭᠠᠨ ᠬᠦᠮᠦᠵᠢᠯ ᠮᠠᠨᠳᠤᠪᠡᠯ ᠤᠯᠤᠰ ᠤᠷᠤᠨ ᠮᠠᠨᠳᠤᠵᠦ᠂ ᠰᠤᠷᠭᠠᠨ ᠬᠦᠮᠦᠵᠢᠯ ᠬᠦᠴᠦᠷᠭᠡᠭᠵᠢᠪᠡᠯ ᠤᠯᠤᠰ ᠤᠷᠤᠨ ᠬᠦᠴᠦᠷᠭᠡᠭᠵᠢᠨ᠎ᠠ᠃        ᠶᠡᠷᠦᠩᠭᠡᠢ ᠱᠦᠵᠢ ᠰᠢ ᠶᠢᠨ ᠫᠢᠩ ᠶᠡᠭᠡ ᠬᠤᠷᠠᠯ ᠳᠡᠭᠡᠷ᠎ᠠ ᠴᠢᠬᠤᠯᠠ ᠶᠠᠷᠢᠶ᠎ᠠ ᠲᠠᠯᠪᠢᠵᠦ᠂ ᠰᠢᠨ᠎ᠠ ᠴᠠᠭ ᠦᠶ᠎ᠠ ᠶᠢᠨ ᠨᠠᠮ ᠪᠤᠯᠤᠨ ᠤᠯᠤᠰ ᠤᠨ ᠠᠵᠢᠯ ᠦᠢᠯᠡᠰ ᠤᠨ ᠬᠦᠭᠵᠢᠯᠳᠠ ᠶᠢᠨ ᠪᠦᠬᠦ ᠲᠠᠯ᠎ᠠ ᠶᠢᠨ ᠦᠨᠳᠦᠷᠴᠡ ᠠᠴᠠ ᠨᠠᠮ ᠤᠨ ᠠᠷᠪᠡᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢᠬᠢ ᠮᠠᠨ ᠤ ᠤᠯᠤᠰ ᠤᠨ ᠰᠤᠷᠭᠠᠨ ᠬᠦᠮᠦᠵᠢᠯ ᠤᠨ ᠦᠢᠯᠡᠰ ᠤᠨ ᠬᠦᠭᠵᠢᠯᠳᠠ ᠶᠢᠨ ᠤᠯᠤᠭᠰᠠᠨ ᠢᠯᠡᠷᠭᠡᠢ ᠠᠮᠵᠢᠯᠳᠠ ᠶᠢ ᠬᠦᠨᠵᠡᠭᠡᠢ ᠳ᠋ᠦᠩᠨᠡᠵᠦ᠂ ᠰᠤᠷᠭᠠᠨ ᠬᠦᠮᠦᠵᠢᠯ ᠤᠨ ᠠᠵᠢᠯ ᠳᠤ ᠲᠤᠯᠭᠠᠷᠠᠵᠦ ᠪᠠᠶᠢᠭ᠎ᠠ ᠰᠢᠨ᠎ᠠ ᠪᠠᠶᠢᠳᠠᠯ ᠰᠢᠨ᠎ᠠ ᠡᠬᠦᠷᠭᠡ ᠶᠢ ᠬᠦᠨᠵᠡᠭᠡᠢ ᠵᠠᠳᠠᠯᠵᠦ᠂ ᠮᠠᠨ ᠤ ᠤᠯᠤᠰ ᠤᠨ ᠰᠤᠷᠭᠠᠨ  ᠬᠦᠮᠦᠵᠢᠯ ᠤᠨ ᠤᠳᠤᠬᠢᠴᠢᠯᠠᠯᠳᠠ ᠳᠤ ᠬᠤᠯᠪᠤᠭᠳᠠᠬᠤ ᠭᠡᠳᠦᠨ ᠴᠢᠬᠤᠯᠠ ᠠᠰᠠᠭᠤᠳᠠᠯ ᠳᠤ ᠰᠢᠨᠵᠢᠯᠡᠬᠦ ᠤᠬᠠᠭᠠᠨᠴᠢ ᠬᠠᠷᠢᠭᠤᠯᠳᠠ ᠦᠭᠴᠦ᠂ ᠤᠳᠤᠬᠠᠨ ᠤ ᠪᠠ ᠬᠤᠶᠢᠰᠢᠳᠠ ᠶᠢᠨ ᠭᠡᠰᠡᠭ ᠬᠤᠭᠤᠴᠠᠭᠠᠨ ᠤ ᠰᠤᠷᠭᠠᠨ ᠬᠦᠮᠦᠵᠢᠯ ᠤᠨ ᠠᠵᠢᠯ ᠳᠤ ᠴᠢᠬᠤᠯᠠ ᠪᠠᠶᠢᠷᠢᠯᠠᠭᠤᠯᠤᠯᠳᠠ ᠬᠢᠵᠦ᠂ ᠰᠤᠷᠭᠠᠨ ᠬᠦᠮᠦᠵᠢᠯ ᠤᠨ ᠤᠳᠤᠬᠢᠴᠢᠯᠠᠯᠳᠠ ᠶᠢ ᠠᠬᠢᠭᠤᠯᠬᠤ᠂ ᠰᠤᠷᠭᠠᠨ ᠬᠦᠮᠦᠵᠢᠯ ᠤᠨ ᠬᠦᠴᠦᠷᠭᠡᠭ ᠤᠯᠤᠰ ᠢ ᠪᠠᠶᠢᠭᠤᠯᠬᠤ᠂ ᠠᠷᠠᠳ ᠲᠦᠮᠡᠨ ᠤ ᠰᠡᠳᠬᠢᠯ ᠳᠤ ᠬᠠᠨᠤᠮᠵᠢᠳᠠᠢ ᠰᠤᠷᠭᠠᠨ ᠬᠦᠮᠦᠵᠢᠯ ᠢ ᠰᠠᠶᠢᠳᠤᠷ ᠡᠷᠬᠢᠯᠡᠬᠦ ᠳᠤ ᠤᠷᠤᠬᠰᠢᠯᠠᠬᠤ ᠴᠢᠭᠯᠡᠯ ᠢ ᠵᠢᠭᠠᠵᠦ᠂ ᠦᠨᠳᠦᠰᠦᠨ ᠵᠢᠷᠤᠮᠯᠠᠯ ᠬᠠᠩᠭᠠᠵᠠᠢ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠦᠵᠡᠯ ᠰᠠᠨᠠᠭ᠎ᠠ ᠨᠢ ᠭᠦᠨᠵᠡᠭᠡᠢ᠂ ᠠᠭᠤᠯᠤᠭᠳᠠᠬᠤᠨ ᠨᠢ ᠡᠯᠪᠡᠭ ᠪᠠᠶᠠᠯᠢᠭ ᠶᠤᠮ᠃ ᠰᠢᠨ᠎ᠠ ᠪᠠᠶᠢᠳᠠᠯ ᠳᠤᠤᠷ᠎ᠠ ᠰᠤᠷᠭᠠᠨ ᠬᠦᠮᠦᠵᠢᠯ ᠤᠨ ᠠᠵᠢᠯ ᠢ ᠰᠠᠶᠢᠲᠤᠷ ᠬᠢᠬᠦ ᠶᠢᠨ ᠬᠦᠳᠦᠯᠪᠦᠷᠢ ᠶᠢᠨ ᠴᠢᠨᠠᠷ ᠲᠠᠢ ᠰᠤᠷᠪᠤᠯᠵᠢ ᠪᠢᠴᠢᠭ ᠪᠤᠯᠵᠦ ᠠᠷᠠᠳ ᠲᠦᠮᠡᠨ ᠤ ᠰᠡᠳᠬᠢᠯ ᠳᠤ ᠬᠠᠨᠤᠮᠵᠢᠳᠠᠢ ᠰᠤᠷᠭᠠᠨ ᠬᠦᠮᠦᠵᠢᠯ ᠢ ᠡᠷᠬᠢᠯᠡᠬᠦ ᠠᠵᠢᠯᠯᠠᠭᠠᠨ ᠤ ᠵᠦᠭᠯᠡᠭᠦᠷ ᠪᠤᠯᠤᠨ᠎ᠠ        ᠰᠤᠷᠭᠠᠨ ᠬᠦᠮᠦᠵᠢᠯ ᠪᠤᠯ ᠤᠯᠤᠰ ᠤᠨ ᠶᠡᠭᠡ ᠪᠤᠳᠤᠯᠭ᠎ᠠ᠂ ᠨᠠᠮ ᠤᠨ ᠶᠡᠭᠡ ᠪᠤᠳᠤᠯᠭ᠎ᠠ ᠪᠤᠯᠤᠨ᠎ᠠ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ ᠰᠤᠷᠭᠠᠨ ᠬᠦᠮᠦᠵᠢᠯ ᠤᠨ ᠦᠭᠡᠷᠡᠴᠢᠯᠡᠯᠳᠡ ᠬᠦᠭᠵᠢᠯᠳᠡ ᠶᠢᠨ ᠲᠤᠬᠠᠢ ᠠᠯᠢ ᠤᠯᠠᠨ ᠰᠢᠨ᠎ᠠ ᠤᠢᠢᠯᠠᠭᠠᠭᠳᠠᠬᠤᠨ ᠰᠢᠨ᠎ᠠ ᠦᠵᠡᠯ ᠰᠠᠨᠠᠭ᠎ᠠ ᠰᠢᠨ᠎ᠠ ᠦᠵᠡᠯᠳᠡ ᠶᠢ ᠳᠤᠷᠠᠳᠪᠠ᠃ ᠬᠤᠷᠢᠶᠠᠩᠭᠤᠢᠢᠯᠡᠪᠡᠯ ︽ᠶᠢᠰᠦᠨ ᠪᠠᠷᠢᠮᠳᠠᠯᠠᠯ︾ ᠪᠤᠯᠤᠨ᠎ᠠ᠃ ᠳᠠᠷᠤᠢ᠄ ᠨᠠᠮ ᠠᠴᠠ ᠰᠤᠷᠭᠠᠨ ᠬᠦᠮᠦᠵᠢᠯ ᠤᠨ ᠤᠶᠢᠯᠡᠰ ᠢ ᠪᠦᠬᠦ ᠲᠠᠯ᠎ᠠ ᠪᠠᠷ ᠤᠳᠤᠷᠢᠳᠬᠤ ᠶᠢ ᠪᠠᠷᠢᠮᠲᠠᠯᠠᠨ᠎ᠠ᠂ ᠶᠤᠰᠤ ᠰᠤᠷᠲᠠᠬᠤᠨ ᠢᠶᠠᠷ ᠬᠦᠮᠦᠨ ᠢ ᠬᠦᠮᠦᠵᠢᠭᠦᠯᠬᠦ ᠶᠢ ᠦᠨᠳᠦᠰᠦᠨ ᠡᠭᠦᠷᠭᠡ ᠪᠤᠯᠭᠠᠬᠤ ᠶᠢ ᠪᠠᠷᠢᠮᠳᠠᠯᠠᠨ᠎ᠠ᠂ ᠰᠤᠷᠭᠠᠨ ᠬᠦᠮᠦᠵᠢᠯ ᠢ ᠤᠷᠢᠳ ᠢᠶᠠᠷ ᠬᠦᠭᠵᠢᠭᠦᠯᠬᠦ ᠶᠢ ᠪᠠᠷᠢᠮᠳᠠᠯᠠᠨ᠎ᠠ᠂ ᠨᠡᠶᠢᠭᠡᠮ ᠵᠢᠷᠤᠮ ᠤᠨ ᠰᠤᠷᠭᠠᠭᠤᠯᠢ ᠡᠷᠬᠢᠯᠡᠬᠦ ᠴᠢᠭᠯᠡᠯ ᠢ ᠪᠠᠷᠢᠮᠳᠠᠯᠠᠨ᠎ᠠ᠂ ᠳᠤᠮᠳᠠᠳᠤ ᠤᠯᠤᠰ ᠤᠨ ᠡᠬᠡ ᠭᠠᠵᠠᠷ ᠲᠤ ᠰᠠᠭᠤᠷᠢᠯᠠᠨ ᠰᠤᠷᠭᠠᠨ ᠬᠦᠮᠦᠵᠢᠯ ᠡᠷᠬᠢᠯᠡᠬᠦ ᠶᠢ ᠪᠠᠷᠢᠮᠳᠠᠯᠠᠨ᠎ᠠ᠂ ᠠᠷᠠᠳ ᠲᠦᠮᠡᠨ ᠢᠶᠠᠷ ᠭᠤᠤᠯ ᠪᠤᠯᠭᠠᠵᠤ ᠰᠤᠷᠭᠠᠨ ᠬᠦᠮᠦᠵᠢᠯ ᠢ ᠬᠦᠭᠵᠢᠭᠦᠯᠬᠦ ᠶᠢ ᠪᠠᠷᠢᠮᠳᠠᠯᠠᠨ᠎ᠠ᠂ ᠰᠤᠷᠭᠠᠨ ᠬᠦᠮᠦᠵᠢᠯ ᠤᠨ ᠦᠭᠡᠷᠡᠴᠢᠯᠡᠯᠳᠡ ᠬᠢᠵᠦ ᠰᠢᠨ᠎ᠠ ᠶᠢ ᠡᠭᠦᠳᠬᠦ ᠶᠢ ᠭᠦᠨᠵᠡᠭᠡᠶᠢᠷᠡᠭᠦᠯᠬᠦ ᠶᠢ ᠪᠠᠷᠢᠮᠳᠠᠯᠠᠨ᠎ᠠ᠂ ᠳᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠭᠦᠨ ᠮᠠᠨᠳᠤᠯᠳᠠ ᠳᠤ ᠦᠢᠯᠡᠴᠢᠯᠡᠬᠦ ᠶᠢ ᠰᠤᠷᠭᠠᠨ ᠬᠦᠮᠦᠵᠢᠯ ᠤᠨ ᠴᠢᠬᠤᠯᠠ ᠡᠭᠦᠷᠭᠡ ᠪᠤᠯᠭᠠᠬᠤ ᠶᠢ ᠪᠠᠷᠢᠮᠳᠠᠯᠠᠨ᠎ᠠ᠂ ᠪᠠᠭᠰᠢ ᠶᠢᠨ ᠡᠩᠨᠡᠭᠡᠨ ᠤ ᠪᠠᠶᠢᠭᠤᠯᠤᠯᠳᠠ ᠶᠢ ᠰᠠᠭᠤᠷᠢ ᠠᠵᠢᠯ ᠪᠤᠯᠭᠠᠬᠤ ᠶᠢ ᠪᠠᠷᠢᠮᠳᠠᠯᠠᠨ᠎ᠠ᠃ ᠡᠨᠡ ᠬᠦ ︽ᠶᠢᠰᠦᠨ ᠪᠠᠷᠢᠮᠳᠠᠯᠠᠯ︾ ᠪᠤᠯ ᠮᠠᠨ ᠤ ᠨᠠᠮ ᠤᠨ ᠮᠠᠨ ᠤ ᠤᠯᠤᠰ ᠤᠨ ᠰᠤᠷᠭᠠᠨ ᠬᠦᠮᠦᠵᠢᠯ ᠤᠨ ᠦᠢᠯᠡᠰ ᠤᠨ ᠲᠤᠬᠠᠢ ᠵᠢᠮ᠎ᠠ ᠶᠤᠰᠤᠳᠤ ᠴᠢᠨᠠᠷ ᠲᠠᠢ ᠲᠠᠨᠢᠯᠳᠠ ᠶᠢᠨ ᠭᠦᠨᠵᠡᠭᠡᠶᠢᠷᠡᠯ ᠪᠤᠯᠤᠨ᠎ᠠ ᠃ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ  ᠵᠢᠷᠤᠮ ᠤᠨ ᠦᠵᠡᠯ ᠰᠠᠨᠠᠭᠠᠨ ᠤ ᠴᠢᠬᠤᠯᠠ ᠪᠦᠷᠢᠯᠳᠦᠭᠦᠨ ᠬᠡᠰᠡᠭ ᠮᠦᠨ᠃ ᠤᠯᠳᠠᠬᠤᠶ᠎ᠠ ᠪᠡᠷᠬᠡ ᠬᠤᠪᠤᠷ ᠨᠠᠨᠳᠢᠨ ᠪᠤᠯᠬᠤᠷ ᠡᠷᠬᠡᠪᠰᠢ ᠢᠮᠠᠭᠳᠠ ᠪᠠᠷᠢᠮᠳᠠᠯᠠᠬᠤ ᠬᠡᠷᠡᠭᠳᠠᠢ ᠪᠦᠭᠡᠳ ᠲᠠᠰᠤᠷᠠᠯᠳᠠ ᠦᠭᠡᠢ ᠪᠠᠶᠠᠯᠢᠭᠵᠢᠭᠤᠯᠤᠨ ᠬᠦᠭᠵᠢᠭᠦᠯᠬᠦ ᠬᠡᠷᠡᠭᠳᠠᠢ ᠃              
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号