ᠵᠢᠭᠠᠨ ᠰᠤᠷᠭᠠᠯᠳᠠ ᠶᠢᠨ ᠶᠠᠰᠤ ᠴᠢᠨᠠᠷ ᠢ ᠳᠡᠭᠡᠭᠰᠢᠯᠡᠬᠦᠯᠬᠦ ᠳᠤ
ᠨᠡᠶᠢᠲᠡᠯᠡᠭᠰᠡᠨ ᠴᠠᠭ᠄
2018-12-05
       ᠰᠤᠷᠤᠭᠴᠢ ᠶᠢ ᠰᠦᠨᠢ ᠶᠢᠨ 10 ᠴᠠᠭ ᠪᠤᠯᠳᠠᠯ᠎ᠠ ᠲᠠᠰᠬᠠᠯ ᠬᠢᠯᠭᠡᠭᠰᠡᠨ ᠴᠦ ᠴᠦᠭᠡᠨ ᠲᠤᠭᠠᠨ ᠤ ᠬᠡᠤᠭᠡᠳ  ᠤᠨ ᠬᠢᠷᠢ ᠪᠦᠳᠤᠮᠵᠢ ᠨᠢ ᠰᠠᠶᠢᠨ ᠪᠠᠶᠢᠯ᠎ᠠ ᠴᠦ ᠭᠡᠰᠡᠨ ᠲᠡᠭᠰᠢᠳᠭᠡᠯ ᠬᠤᠪᠢ ᠨᠠᠯᠢᠶᠠᠳ ᠲᠤᠤᠷ᠎ᠠ ᠪᠠᠶᠢᠭ᠎ᠠ ᠨᠢ ᠡᠬᠡ ᠪᠠ ᠲᠤᠭᠤᠯ ᠢ ᠨᠢ ᠪᠦᠷ ᠡᠴᠡᠭᠡᠬᠦ ᠵᠢᠭᠠᠨ ᠰᠤᠷᠭᠠᠯᠳᠠ ᠨᠢ ᠰᠠᠶᠢᠨ ᠦᠷ᠎ᠠ ᠳ᠋ᠦᠩ ᠤᠯᠵᠤ ᠴᠢᠳᠠᠬᠤ ᠦᠭᠡᠢ ᠪᠠᠶᠢᠬᠤ  ᠶᠢ ᠤᠯᠵᠤ ᠬᠠᠷᠠᠯ᠎ᠠ᠃ ᠬᠢᠴᠢᠶᠡᠯᠯᠡᠭᠡ ᠶᠢᠨ ᠵᠢᠭᠠᠨ ᠰᠤᠷᠭᠠᠯᠳᠠ ᠶᠢᠨ ᠶᠠᠰᠤ ᠴᠢᠨᠠᠷ ᠢ ᠳᠡᠭᠡᠭᠰᠢᠯᠡᠬᠦᠯᠦᠶ᠎ᠠ ᠬᠡᠪᠡᠯ᠄        1᠂ ᠪᠠᠭᠰᠢ ᠶᠢᠨ ᠪᠤᠯᠪᠠᠰᠤᠷᠡᠯ ᠢ ᠴᠢᠩᠭᠠᠳᠬᠠᠬᠤ        2᠂ ᠬᠢᠴᠢᠶᠡᠯ ᠲᠦᠷᠤᠯ ᠤᠨ ᠤᠨᠴᠠᠯᠢᠭ᠂ ᠰᠤᠷᠤᠭᠴᠢ ᠶᠢᠨ ᠨᠠᠰᠤᠨ ᠤ ᠤᠨᠴᠠᠯᠢᠭ ᠲᠤ ᠲᠤᠬᠢᠷᠠᠭᠰᠠᠨ ᠵᠢᠭᠠᠬᠤ ᠠᠷᠭ᠎ᠠ᠂ ᠰᠤᠷᠬᠤ ᠠᠷᠭ᠎ᠠ᠂ ᠰᠢᠮ᠎ᠡ ᠲᠠᠢ ᠣᠷᠣᠯᠳᠣᠯᠭ᠎ᠠ᠂ ᠵᠢᠭᠠᠬᠤ ᠰᠤᠷᠬᠤ ᠲᠦᠰᠤᠪ ᠪᠢᠴᠢᠬᠦ ᠶᠢ ᠵᠢᠯᠤᠭᠤᠳᠬᠤ        3᠂ ᠬᠠᠮᠵᠢᠨ ᠬᠢᠴᠢᠶᠡᠯ ᠪᠡᠯᠡᠳᠭᠡᠬᠦ᠂ ᠬᠢᠴᠢᠶᠡᠯᠯᠡᠬᠦ᠂ ᠡᠷᠭᠢᠴᠡᠭᠦᠯᠬᠦ᠂ ᠲᠤᠩᠭᠠᠬᠤ᠂ ᠰᠤᠳᠤᠯᠤᠨ ᠶᠠᠷᠢᠯᠴᠠᠬᠤ᠂ ᠰᠤᠷᠤᠭᠴᠢ ᠶᠢᠨ ᠬᠤᠪᠢᠷᠠᠯᠳᠠ ᠶᠢᠨ ᠵᠠᠳᠠᠯᠤᠯᠳᠠ ᠬᠢᠬᠦ        4᠂ ᠵᠢᠭᠠᠨ ᠰᠤᠷᠭᠠᠯᠳᠠ ᠶᠢᠨ ᠰᠤᠳᠤᠯᠭᠠᠨ ᠤ ᠬᠦᠳᠡᠯᠭᠡᠭᠡᠨ ᠢ ᠰᠤᠷᠭᠠᠭᠤᠯᠢ ᠶᠢᠨ ᠰᠤᠷᠭᠠᠨ ᠬᠦᠮᠤᠵᠢᠯ ᠵᠢᠭᠠᠨ ᠰᠤᠷᠭᠠᠯᠳᠠ ᠶᠢᠨ ᠪᠠᠶᠢᠩᠭᠤ ᠶᠢᠨ ᠠᠵᠢᠯᠯᠠᠭᠠᠨ ᠪᠤᠯᠭᠠᠵᠤ ᠴᠢᠳᠠᠬᠤ        5᠂ ᠰᠤᠷᠤᠭᠴᠢ ᠶᠢᠨ ᠪᠣᠯᠪᠠᠰᠣᠷᠠᠯ᠂ ᠣᠷᠣᠯᠳᠣᠯᠭ᠎ᠠ ᠶᠢᠨ ᠵᠢᠮ᠎ᠡ ᠬᠠᠤᠯᠢ ᠶᠢ ᠵᠢᠷᠤᠮᠯᠠᠬᠤ       ᠠᠳᠠᠯᠢ ᠬᠡᠪ ᠵᠠᠭᠪᠤᠷ ︵ᠠᠳᠠᠯᠢ ᠨᠥᠬᠦᠴᠡᠯ︶ ᠲᠤ ᠠᠳᠠᠯᠢ ᠪᠤᠰᠤ ᠵᠢᠭᠠᠬᠤ ᠰᠤᠷᠬᠤ ᠵᠢᠯᠤᠭᠤᠳᠤᠯᠭ᠎ᠠ ᠬᠢᠬᠦ  ᠨᠢ ᠰᠠᠶ᠋ᠢ ᠠᠮᠵᠢᠯᠳᠠ ᠤᠯᠬᠤ ᠶᠢᠨ ᠵᠦᠪ ᠰᠡᠳᠭᠢᠴᠡ ᠪᠣᠯᠣᠨ᠎ᠠ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号