ᠪᠠᠭᠰᠢ ᠶᠢᠨ ᠪᠦᠷᠢᠯᠳᠦᠭᠦᠯᠬᠦ ᠴᠢᠬᠤᠯᠠ ᠵᠦᠢᠯ
ᠨᠡᠶᠢᠲᠡᠯᠡᠭᠰᠡᠨ ᠴᠠᠭ᠄
2018-12-05
       ᠪᠠᠭᠰᠢ ᠨᠢ ᠰᠤᠷᠤᠭᠴᠢ ᠪᠠᠨ ᠬᠠᠯᠠᠮᠵᠢᠯᠠᠵᠦ᠂ ᠰᠣᠷᠣᠭᠴᠢ ᠪᠦᠷᠢ ᠶᠢ ᠪᠦᠬᠦ ᠲᠠᠯ᠎ᠠ ᠪᠠᠷ ᠣᠶᠢᠯᠠᠭᠠᠵᠦ᠂ ᠢᠲᠡᠭᠡᠵᠦ᠂ ᠬᠦᠯᠢᠴᠡᠩᠭᠦᠢ ᠪᠠᠷ ᠵᠢᠭᠠᠨ ᠵᠢᠯᠣᠭᠤᠳᠬᠤ ᠬᠠᠶᠢᠷ᠎ᠠ ᠰᠡᠳᠬᠢᠯᠭᠡ ᠲᠠᠢ ᠪᠠᠶᠢᠬᠤ ᠪᠣᠯᠣᠨ᠎ᠠ᠃ ᠬᠠᠶᠢᠷ᠎ᠠ ᠶᠢᠨ ᠰᠠᠶᠢᠬᠠᠨ ᠦᠩᠭᠡ ᠪᠤᠲᠤᠭ ᠲᠠᠢ᠂ ᠬᠠᠯᠠᠮᠵᠢ ᠶᠢᠨ ᠠᠩᠭᠢᠯᠤᠮ᠎ᠠ ᠦᠨᠦᠷ ᠠᠮᠲᠠ ᠲᠠᠢ ᠰᠢᠯᠢᠲᠡᠭ ᠰᠠᠶᠢᠨ ᠪᠠᠭᠰᠢ ᠪᠣᠯᠣᠶ᠎ᠠ᠃ ᠭᠡᠪᠡᠯ 4 ᠲᠠᠯ᠎ᠠ ᠶᠢᠨ ᠬᠦᠴᠦᠨ ᠢ ᠪᠦᠷᠢᠯᠲᠦᠬᠦᠯᠬᠦ ᠴᠢᠬᠤᠯᠠ ᠲᠠᠢ᠃       1᠂ ᠬᠠᠶᠢᠷ᠎ᠠ ᠬᠠᠷᠢᠭᠤᠴᠠᠯᠭ᠎ᠠ ᠴᠢᠩᠭ᠎ᠠ ᠪᠠᠶᠢᠬᠤ        ᠬᠠᠶᠢᠷ᠎ᠠ᠂ ᠬᠠᠷᠢᠭᠤᠴᠠᠯᠭ᠎ᠠ ᠪᠠᠷ ᠲᠠᠮᠢᠷ ᠬᠦᠴᠦᠨ ᠰᠡᠯᠬᠦᠵᠦ ᠶᠠᠪᠣᠪᠠᠯ ᠰᠠᠶ᠋ᠢ ᠠᠵᠢᠯ ᠳᠤ ᠪᠠᠨ ᠬᠠᠷᠢᠭᠤᠴᠠᠵᠦ᠂ ᠰᠤᠷᠤᠭᠴᠢ ᠳᠤ ᠣᠰᠣᠯᠲᠣᠬᠤ ᠦᠭᠡᠢ ᠰᠡᠳᠬᠢᠯ ᠲᠡᠨᠢᠭᠡᠷ᠂ ᠨᠢᠷᠣᠭᠤ ᠭᠡᠲᠡᠭᠡᠷ ᠶᠠᠪᠣᠵᠦ ᠴᠢᠲᠠᠬᠤ ᠶᠤᠮ᠃ ᠭᠡᠷ ᠪᠦᠯᠢ ᠶᠢᠨ ᠪᠠ ᠣᠷᠴᠢᠨ ᠲᠣᠭᠤᠷᠢᠨ ᠤ ᠨᠦᠯᠦᠭᠡ ᠠᠴᠠ ᠪᠣᠯᠵᠦ ᠰᠤᠷᠤᠭᠴᠢ ᠶᠢᠨ ᠠᠷᠠᠨᠰᠢᠨ ᠭᠡᠵᠦ ᠣᠯᠠᠨ ᠶᠠᠩᠵᠦ ᠪᠠᠶᠢᠲᠠᠭ ᠠᠴᠠ ᠪᠣᠯᠵᠣ ᠦᠷᠬᠦᠯᠵᠢ ᠤᠷᠰᠢᠭ ᠲᠠᠲᠠᠭᠠᠳ ᠪᠠᠶᠢᠲᠠᠭ ᠰᠤᠷᠤᠭᠴᠢ ᠴᠦ ᠪᠠᠶᠢᠲᠠᠭ ᠪᠠᠶᠢᠲᠠᠯ ᠳᠤ ᠰᠤᠷᠤᠭᠴᠢ ᠪᠠᠨ ᠣᠶᠢᠯᠠᠭᠠᠵᠦ᠂ ᠪᠠᠶᠢᠲᠠᠯ ᠳᠤ ᠨᠢ ᠲᠣᠬᠢᠷᠠᠭᠤᠯᠣᠨ ᠬᠠᠶᠢᠷ᠎ᠠ ᠬᠠᠷᠢᠭᠤᠴᠠᠯᠭ᠎ᠠ ᠶᠢ ᠲᠡᠩᠴᠡᠭᠦᠯᠬᠦ ᠨᠢ ᠲᠣᠩ ᠴᠢᠬᠤᠯᠠ ᠪᠢᠯᠠ᠃        2᠂ ᠪᠠᠭᠰᠢ ᠶᠢᠨ ᠲᠠᠭᠤᠷᠢᠶᠠᠯ ᠤᠨ ᠦᠢᠯᠡᠳᠦᠯ ᠢ ᠪᠠᠳᠠᠷᠠᠭᠤᠯᠬᠤ        ᠡᠮᠦᠰᠴᠦ ᠵᠡᠬᠦᠬᠦ᠂ ᠦᠭᠦᠯᠡᠵᠦ ᠶᠠᠷᠢᠬᠤ᠂ ᠶᠠᠪᠣᠵᠦ ᠰᠠᠭᠤᠬᠤ ᠵᠡᠷᠭᠡ ᠠᠴᠠ ᠪᠠᠨ ᠡᠬᠢᠯᠡᠨ ᠰᠤᠷᠤᠭᠴᠢ ᠪᠠᠨ ᠨᠦᠯᠦᠭᠡᠯᠡᠵᠦ ᠴᠢᠲᠠᠭᠰᠠᠨ ᠢᠳᠡᠪᠬᠢ ᠲᠠᠢ ᠣᠪᠣᠷ᠂ ᠦᠢᠯᠡ ᠠᠵᠢᠯᠯᠠᠭ᠎ᠠ ᠲᠠᠢ ᠪᠠᠶᠢᠬᠤ᠂ ᠦᠢᠯᠡᠰ ᠢᠶᠠᠨ ᠲᠡᠭᠡᠲᠦᠯᠡᠵᠦ  ᠂ ᠪᠡᠶᠡᠴᠢᠯᠡᠨ ᠣᠷᠣᠯᠴᠠᠬᠤ᠂ ᠡᠷᠬᠡ ᠲᠡᠭᠰᠢ ᠵᠠᠷᠴᠢᠮ ᠢ ᠪᠠᠷᠢᠮᠲᠠᠯᠠᠬᠤ᠂ ᠪᠠᠶᠠᠰᠣᠩᠭᠤᠢ᠂ ᠬᠠᠯᠠᠭᠤᠮᠰᠤᠭ ᠣᠪᠣᠷ ᠰᠣᠷᠲᠠᠯ ᠲᠠᠢ ᠪᠠᠶᠢᠬᠤ᠂ ᠦᠪᠡᠷ ᠤᠨ ᠪᠡᠶ᠎ᠡ ᠳᠤ ᠪᠠᠨ ᠴᠢᠩᠭ᠎ᠠ ᠱᠠᠭᠠᠷᠲᠠᠯᠭ᠎ᠠ ᠲᠠᠯᠪᠢᠵᠦ ᠪᠠᠶᠢᠬᠤ ᠳᠤ ᠬᠦᠷᠪᠡᠯ ᠬᠡᠶᠢᠰᠪᠦᠷᠢ ᠣᠨᠣᠯ ᠶᠣᠰᠣ ᠶᠠᠷᠢᠵᠤ ᠵᠢᠯᠣᠭᠤᠲᠣᠭᠰᠠᠨ ᠠᠴᠠ ᠦᠷ᠎ᠡ ᠠᠰᠢᠭ ᠦᠨᠲᠦᠷ ᠪᠣᠯᠵᠦ ᠴᠢᠲᠠᠨ᠎ᠠ᠃       3᠂ ᠴᠠᠭ ᠦᠶ᠎ᠡ ᠶᠢᠨ ᠱᠠᠭᠠᠷᠲᠠᠯᠭ᠎ᠠ ᠳᠤ ᠵᠣᠬᠢᠴᠠᠭᠰᠠᠨ ᠪᠠᠶᠢᠬᠤ       ᠲᠠᠰᠣᠷᠠᠯᠲᠠ ᠦᠭᠡᠢ ᠰᠣᠷᠣᠯᠴᠠᠯᠭ᠎ᠠ ᠬᠢᠬᠦ᠂ ᠰᠦᠯᠵᠢᠶᠡᠨ ᠤ ᠰᠣᠷᠣᠯᠴᠠᠯᠭ᠎ᠠ᠂ ᠭᠠᠳᠠᠨ᠎ᠠ ᠠᠴᠠ ᠰᠣᠷᠣᠯᠴᠠᠬᠤ ᠂ ᠲᠣᠷᠰᠢᠯᠭ᠎ᠠ ᠲᠠᠢ ᠪᠠᠭᠰᠢ ᠠᠴᠠ ᠰᠣᠷᠣᠯᠴᠠᠬᠤ᠂ ᠦᠢᠯᠡᠲᠦᠯᠭᠡ ᠪᠠᠷ ᠰᠦᠪᠡᠭᠴᠢᠯᠡᠨ ᠰᠣᠷᠣᠯᠴᠠᠬᠤ᠂ ᠨᠣᠮ ᠰᠡᠳᠬᠦᠯ  ᠠᠴᠠ ᠰᠣᠷᠣᠯᠴᠠᠬᠤ ᠵᠡᠷᠭᠡ ᠪᠤᠢ᠃                    4᠂ ᠣᠶᠢᠯᠠᠭᠠᠯᠴᠠᠭ᠎ᠠ ᠶᠢ ᠠᠩᠬᠠᠷᠬᠤ            ᠣᠶᠢᠯᠠᠭᠠᠯᠴᠠᠭ᠎ᠠ ᠨᠢ ᠰᠡᠳᠬᠢᠯ ᠢ ᠬᠤᠯᠪᠣᠬᠤ ᠬᠦᠬᠦᠷᠭᠡ ᠪᠣᠯᠣᠨ᠎ᠠ᠃ ᠡᠯ᠎ᠡ ᠵᠦᠢᠯ ᠤᠨ ᠤᠷ᠎ᠠ ᠤᠬᠠᠭᠠᠨ  ᠢᠶᠠᠷ ᠰᠤᠷᠤᠭᠴᠢ ᠶᠢᠨ ᠪᠦᠬᠦ ᠲᠠᠯ᠎ᠠ ᠶᠢᠨ ᠪᠠᠶᠢᠲᠠᠯ ᠢ ᠣᠶᠢᠯᠠᠭᠠᠵᠦ᠂ ᠬᠠᠷᠠᠯᠲᠠ ᠲᠠᠢ ᠪᠠᠷ ᠵᠢᠭᠠᠨ ᠰᠣᠷᠭᠠᠬᠤ ᠶᠢ ᠴᠢᠬᠤᠯᠠᠴᠢᠯᠠᠬᠤ᠂ ᠰᠣᠷᠣᠭᠴᠢ᠂ ᠪᠠᠭᠰᠢ᠂ ᠭᠡᠷ ᠤᠨ ᠠᠬᠠᠮᠠᠳ᠂ ᠨᠡᠶᠢᠭᠡᠮ ᠤᠨ ᠴᠢᠭᠯᠡᠯ ᠬᠠᠨᠲᠣᠰᠢ᠂ ᠴᠠᠭ ᠤᠨ ᠪᠠᠶᠢᠲᠠᠯ ᠢ ᠣᠶᠢᠯᠠᠭᠠᠬᠤ᠂ ᠲᠣᠬᠠᠶᠢᠯᠠᠭᠰᠠᠨ ᠠᠵᠢᠯ ᠢᠶᠠᠨ ᠣᠶᠢᠯᠠᠭᠠᠬᠤ ᠵᠡᠷᠭᠡ ᠪᠤᠯᠤᠨ᠎ᠡ᠃        5᠂ ᠭᠡᠷ ᠤᠨ ᠠᠬᠠᠮᠠᠳ ᠤᠨ ᠲᠡᠮᠵᠢᠯᠭᠡ ᠶᠢ ᠣᠯᠬᠤ        ᠭᠡᠷ ᠤᠨ ᠠᠬᠠᠮᠠᠳ ᠤᠨ ᠰᠣᠶᠣᠯ ᠤᠨ ᠬᠡᠮᠵᠢᠶ᠎ᠡ᠂ ᠰᠣᠷᠭᠠᠨ ᠬᠦᠮᠦᠵᠢᠯ ᠤᠨ ᠲᠠᠨᠢᠯᠲᠠ ᠨᠢ ᠠᠳᠠᠯᠢ ᠦᠭᠡᠢ  ᠠᠴᠠ ᠪᠣᠯᠵᠣ᠂ ᠪᠠᠭ᠎ᠠ ᠣᠴᠢᠷ ᠲᠤ ᠣᠴᠠᠭᠠᠷᠯᠠᠨ ᠵᠠᠩᠨᠠᠵᠦ᠂ ᠬᠡᠦᠬᠡᠳ ᠤᠨ ᠢᠶᠠᠨ ᠰᠡᠳᠬᠢᠯ ᠢ ᠨᠢ ᠬᠦᠷᠦᠭᠡᠬᠦ ᠨᠢ ᠪᠠᠭᠰᠢ ᠶᠢᠨ ᠠᠵᠢᠯ ᠳᠤ ᠰᠢᠭᠤᠳ ᠨᠦᠯᠦᠭᠡ ᠪᠣᠯᠲᠠᠭ ᠪᠠᠶᠢᠳᠠᠯ ᠢ ᠰᠡᠷᠢᠨ ᠮᠡᠳᠡᠵᠦ᠂ ᠭᠡᠷ ᠤᠨ ᠠᠬᠠᠮᠠᠳ ᠲᠠᠢ ᠣᠷᠠᠯᠢᠭ ᠢᠶᠠᠷ ᠬᠠᠷᠢᠯᠴᠠᠵᠦ ᠴᠢᠲᠠᠬᠤ᠂ ᠭᠡᠷ ᠤᠨ ᠠᠬᠠᠮᠠᠳ ᠲᠠᠢ ᠦᠵᠡᠯᠲᠡ ᠲᠠᠨᠢᠯᠲᠠ ᠪᠠᠨ ᠦᠨᠳᠦᠷ ᠨᠢᠭᠡᠨ ᠲᠥᠪᠰᠢᠨ ᠳᠤ ᠨᠢᠭᠡᠳᠭᠡᠬᠦ᠂ ᠰᠤᠷᠤᠭᠴᠢ ᠶᠢᠨ ᠰᠣᠷᠠᠭ ᠵᠠᠩᠭᠢ ᠶᠢ ᠣᠶᠢᠯᠠᠭᠠᠬᠤ᠂ ᠰᠤᠷᠤᠭᠴᠢ ᠬᠦᠮᠦᠵᠢᠬᠦᠯᠬᠦ ᠠᠷᠭ᠎ᠠ ᠪᠠᠷᠢᠯ ᠢ ᠨᠢ ᠣᠶᠢᠯᠠᠭᠠᠬᠤ᠂ ᠭᠡᠷ ᠤᠨ ᠠᠬᠠᠮᠠᠳ ᠤᠨ ᠬᠤᠷᠠᠯ ᠢ ᠦᠷ᠎ᠡ ᠠᠰᠢᠭ ᠲᠠᠢ ᠬᠤᠷᠠᠯᠲᠣᠭᠤᠯᠬᠤ᠂ ᠬᠠᠮᠲᠦ  ᠶᠢᠨ ᠵᠣᠷᠢᠯᠲᠠ ᠲᠠᠢ ᠪᠠᠶᠢᠬᠤ ᠵᠡᠷᠭᠡ ᠲᠠᠯ᠎ᠠ ᠪᠠᠷ ᠠᠩᠬᠠᠷᠣᠨ᠎ᠠ᠃        6᠂ ᠬᠠᠮᠵᠢᠯᠴᠠᠨ ᠰᠣᠷᠣᠯᠴᠠᠬᠤ ᠬᠡᠪ ᠰᠣᠷᠲᠠᠯ ᠢ ᠪᠣᠢ ᠪᠣᠯᠭᠠᠬᠤ        ᠶᠠᠭᠤᠨ ᠤ ᠡᠮᠦᠨ᠎ᠡ᠂ ᠨᠢᠭᠡ ᠨᠢᠭᠡ ᠪᠠᠨ ᠬᠠᠮᠵᠢᠯᠴᠠᠨ ᠬᠠᠪᠰᠣᠷᠬᠤ ᠬᠡᠪ ᠰᠣᠷᠲᠠᠯ ᠢ ᠪᠣᠢ ᠪᠣᠯᠭᠠᠨ᠎ᠠ᠃ ᠡᠪ ᠪᠠ ᠨᠢᠭᠲᠠᠷᠠᠯ ᠤᠨ ᠶᠣᠰᠣ ᠶᠢ ᠬᠦᠨᠵᠡᠬᠡᠢ ᠣᠶᠢᠯᠠᠭᠠᠭᠤᠯᠵᠦ᠂ ᠰᠣᠷᠣᠯᠴᠠᠯᠭ᠎ᠠ᠂ ᠬᠦᠲᠡᠯᠭᠡᠭᠡᠨ᠂ ᠬᠦᠲᠡᠯᠮᠦᠷᠢ ᠳᠤ ᠲᠣᠭᠤᠰᠢᠯᠠᠭᠤᠯᠬᠤ ᠲᠠᠳᠬᠠᠯ ᠢ ᠬᠦᠮᠦᠵᠢᠬᠦᠯᠬᠦ ᠳᠤ ᠬᠦᠴᠦ ᠲᠠᠯᠪᠢᠨ᠎ᠠ᠃ ᠬᠠᠷᠢᠭᠤᠴᠠᠯᠭ᠎ᠠ ᠲᠠᠢ᠂ ᠪᠦᠬᠦ ᠲᠠᠯ᠎ᠠ ᠶᠢᠨ ᠴᠢᠲᠠᠪᠣᠷᠢ ᠪᠦᠬᠦᠢ ᠰᠢᠯᠢᠲᠡᠭ ᠰᠤᠷᠤᠭᠴᠢ ᠶᠢ ᠪᠢᠴᠢᠬᠠᠨ ᠪᠠᠭᠰᠢ ᠪᠠᠷ ᠲᠣᠬᠢᠷᠠᠭᠤᠯᠵᠦ᠂ ᠲᠣᠭᠤᠶᠢᠯᠠᠩ ᠤᠨ ᠬᠠᠮᠵᠢᠯᠴᠠᠯ ᠢ ᠴᠢᠬᠤᠯᠠᠴᠢᠯᠠᠨ᠎ᠠ᠃ ᠬᠤᠪᠢ ᠬᠤᠪᠢᠨ ᠤ ᠲᠠᠪᠠᠭᠤᠯᠢᠭ ᠢᠶᠠᠨ ᠪᠠᠲᠠᠷᠠᠭᠤᠯᠵᠦ᠂ ᠠᠩᠭᠢ ᠨᠡᠶᠢᠲᠡ ᠳᠤ  ᠪᠠᠨ ᠬᠤᠪᠢ ᠨᠡᠮᠡᠷᠢ ᠦᠵᠡᠬᠦᠯᠬᠦ ᠲᠠᠯ᠎ᠠ ᠪᠠᠷ ᠵᠣᠷᠢᠭᠵᠢᠭᠤᠯᠣᠨ᠎ᠠ᠃    
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号