ᠦᠪᠦᠷ ᠮᠣᠩᠭᠤᠯ ᠤᠨ ᠦᠪᠡᠷᠳᠡᠬᠡᠨ ᠵᠠᠰᠠᠬᠤ ᠤᠷᠤᠨ ᠤ ᠵᠠᠰᠠᠭ ᠤᠨ ᠤᠷᠳᠤᠨ ᠠᠴᠠ ᠤᠶᠢᠯᠠᠭᠠᠭᠰᠠᠨ ᠢᠶᠠᠷ᠂ | ᠦᠨᠦ ᠵᠢᠯ ᠦᠪᠦᠷ ᠮᠣᠩᠭᠤᠯ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠲᠠᠩᠰᠠ ᠪᠠᠶᠢᠭᠤᠯᠤᠭᠰᠠᠨ ᠶᠠᠳᠠᠭᠤ | ᠬᠦᠴᠢᠷᠳᠡᠯᠲᠡᠢ ᠭᠡᠷ ᠪᠦᠯᠢ ᠳᠤ ᠲᠡᠳᠭᠦᠮᠵᠢ ᠶᠢᠨ ᠮᠦᠩᠬᠦ 5976.9 ᠲᠦᠮᠡᠨ ᠲᠦᠬᠦᠷᠢᠭ ᠢ ᠬᠡᠷᠡᠭᠵᠢᠬᠦᠯᠵᠤ᠂ | ᠲᠠᠪᠬᠤᠷᠳᠠᠭᠰᠠᠨ ᠲᠤᠭ᠎ᠠ ᠪᠠᠷ 51127 ᠰᠤᠷᠤᠭᠴᠢ ᠳᠤ ᠠᠰᠢᠭ ᠬᠦᠷᠳᠡᠭᠡᠪᠡ᠃ | ᠤᠶᠢᠯᠠᠭᠠᠭᠰᠠᠨ ᠢᠶᠠᠷ᠂ ᠶᠠᠳᠠᠭᠤ ᠬᠦᠴᠢᠷᠳᠡᠯᠲᠡᠢ ᠬᠡᠷ ᠪᠦᠯᠢ ᠶᠢᠨ ᠰᠤᠷᠤᠭᠴᠢ ᠶᠢ ᠲᠡᠮᠵᠢᠬᠦ ᠶᠢ ᠠᠬᠢᠭᠤᠯᠬᠤ | ᠰᠠᠭᠤᠷᠢᠨ ᠳᠤ ᠦᠪᠦᠷ ᠮᠣᠩᠭᠤᠯ ᠰᠤᠷᠭᠠᠭᠤᠯᠢ ᠠᠴᠠ ᠵᠠᠪᠰᠠᠷᠳᠠᠭᠰᠠᠨ ᠪᠤᠶᠤ ᠰᠤᠷᠭᠠᠭᠤᠯᠢ ᠳᠤ ᠰᠠᠭᠤᠬᠤ ᠪᠠᠨ | ᠪᠤᠯᠢᠭᠰᠠᠨ ᠰᠤᠷᠤᠭᠴᠢ ᠶᠢ ᠲᠠᠬᠢᠨ ᠰᠤᠷᠤᠯᠴᠠᠭᠤᠯᠬᠤ ᠰᠤᠷᠭᠠᠭᠤᠯᠢ ᠳᠤ ᠰᠠᠭᠤᠯᠭᠠᠬᠤ ᠶᠢ ᠬᠢᠨᠠᠨ ᠵᠢᠯᠤᠭᠤᠳᠬᠤ | ᠲᠦᠷᠢᠮ ᠪᠠᠶᠢᠭᠤᠯᠵᠤ᠂ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠰᠤᠷᠭᠠᠭᠤᠯᠢ ᠠᠴᠠ ᠵᠠᠪᠰᠠᠷᠳᠠᠬᠤ ᠶᠢ | ᠬᠢᠵᠠᠭᠠᠷᠯᠠᠬᠤ ᠠᠵᠢᠯ ᠢ ᠡᠯ᠎ᠡ ᠬᠤᠰᠢᠭᠤ ᠰᠢᠶᠠᠨ ᠤ ᠵᠠᠰᠠᠬ ᠤᠨ ᠤᠷᠳᠤᠨ ᠤ ᠬᠢᠨᠠᠨ ᠰᠢᠯᠭᠠᠷᠠᠭᠤᠯᠤᠯᠳᠠ ᠶᠢᠨ | ᠰᠢᠰᠲ᠋ᠧᠮ ᠳᠤ ᠤᠷᠤᠭᠤᠯᠵᠤ᠂ ᠬᠠᠷᠢᠭᠤᠴᠠᠯᠭ᠎ᠠ ᠬᠦ᠋ᠯᠢᠶᠡᠯᠭᠡᠨᠡ᠃ ᠦᠪᠡᠷᠳᠡᠬᠡᠨ ᠵᠠᠰᠠᠬᠤ ᠤᠷᠤᠨ ᠤ ᠶᠠᠳᠠᠭᠤ | ᠬᠦᠴᠢᠷᠳᠡᠯᠲᠡᠢ ᠬᠤᠰᠢᠭᠤ ᠰᠢᠶᠠᠨ ᠤ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠳᠤᠨ ᠳᠤ ᠶᠠᠳᠠᠭᠤ | ᠬᠦᠴᠢᠷᠳᠡᠯ ᠠᠴᠠ ᠪᠤᠯᠵᠤ ᠰᠤᠷᠭᠠᠭᠤᠯᠢ ᠠᠴᠠ ᠵᠠᠪᠰᠠᠷᠳᠠᠬᠤ ᠰᠤᠷᠤᠭᠴᠢ ᠪᠠᠶᠢᠬᠤ ᠦᠭᠡᠢ ᠶᠢ ᠪᠠᠳᠤᠯᠠᠵᠤ᠂ ᠪᠠᠭ᠎ᠠ | ᠰᠤᠷᠭᠠᠭᠤᠯᠢ ᠶᠢᠨ ᠰᠤᠷᠤᠭᠴᠢ ᠶᠢᠨ ᠰᠤᠷᠭᠠᠭᠤᠯᠢ ᠳᠤ ᠤᠷᠤᠬᠤ ᠨᠤᠷᠮ᠎ᠠ ᠶᠢ 100% ᠳᠤ ᠬᠦᠷᠬᠡᠨ᠎ᠡ᠃ | ᠦᠪᠦᠷ ᠮᠣᠩᠭᠤᠯ ᠪᠠᠰᠠ ᠤᠨᠴᠠᠭᠠᠢ ᠰᠤᠷᠭᠠᠨ ᠬᠦᠮᠦᠵᠢᠯ ᠢ ᠲᠡᠭᠡᠭᠰᠢᠯᠡᠬᠦᠯᠬᠦ ᠲᠦᠯᠦᠪᠯᠡᠭᠡ ᠶᠢ | ᠬᠡᠷᠡᠭᠵᠢᠬᠦᠯᠵᠤ᠂ ᠤᠨᠴᠠᠭᠠᠢ ᠶᠠᠳᠠᠭᠤ ᠬᠦᠴᠢᠷᠳᠡᠯᠲᠡᠢ ᠬᠡᠷ ᠪᠦᠯᠢ ᠶᠢᠨ ᠰᠤᠷᠤᠭᠴᠢ ᠶᠢ ᠤᠨᠴᠠᠭᠠᠢ ᠰᠤᠷᠭᠠᠭᠤᠯᠢ ᠳᠤ | ᠤᠷᠤᠭᠤᠯᠬᠤ᠂ ᠠᠩᠬᠢ ᠲᠠᠭᠠᠭᠤᠯᠤᠨ ᠰᠠᠭᠤᠯᠭᠠᠬᠤ᠂ ᠬᠡᠷ ᠲᠤ ᠨᠢ ᠬᠦᠷᠴᠦ ᠵᠢᠭᠠᠨ ᠰᠤᠷᠭᠠᠬᠤ ᠵᠡᠷᠬᠡ ᠠᠷᠭ᠎ᠠ ᠪᠠᠷ | ᠠᠯᠪᠠᠨ ᠵᠢᠷᠤᠮ ᠤᠨ ᠰᠤᠷᠭᠠᠨ ᠬᠦᠮᠦᠵᠢᠯ ᠢ ᠨᠢ ᠪᠠᠳᠤᠯᠠᠨ᠎ᠠ᠃ ᠦᠪᠡᠷᠳᠡᠬᠡᠨ ᠵᠠᠰᠠᠬᠤ ᠤᠷᠤᠨ ᠤ ᠬᠦᠨᠳᠤ ᠬᠡᠴᠡᠬᠦᠦ | ᠶᠠᠳᠠᠭᠤ ᠬᠦᠴᠢᠷᠳᠡᠯᠲᠡᠢ ᠬᠤᠰᠢᠭᠤ ᠰᠢᠶᠠᠨ ᠤ ᠭᠤᠷᠪᠠᠨ ᠲᠦᠷᠦᠯ ᠤᠨ ᠬᠦᠭᠵᠢᠯ ᠤᠨ ᠪᠡᠷᠬᠡᠰᠢᠶᠡᠯ ᠲᠠᠢ ᠬᠡᠦᠬᠡᠳ ᠤᠨ | ᠰᠤᠷᠭᠠᠭᠤᠯᠢ ᠳᠤ ᠤᠷᠤᠬᠤ ᠨᠤᠷᠮ᠎ᠠ ᠨᠢ ᠲᠤᠮᠳᠠᠴᠢ ᠪᠠᠷ 90.03% ᠳᠤ ᠬᠦᠷᠴᠦ᠂ ᠤᠯᠤᠰ ᠤᠨ ᠵᠡᠷᠬᠡᠯᠡᠯ ᠤᠨ | ᠶᠠᠳᠠᠭᠤ ᠬᠦᠴᠢᠷᠳᠡᠯᠲᠡᠢ ᠬᠤᠰᠢᠭᠤ ᠰᠢᠶᠠᠨ ᠳᠤ ᠲᠤᠮᠳᠠᠴᠢ ᠪᠠᠷ 91.32% ᠳᠤ ᠬᠦᠷᠪᠡ᠃ | ᠤᠶᠢᠯᠠᠭᠠᠭᠰᠠᠨ ᠢᠶᠠᠷ᠂ ᠦᠪᠦᠷ ᠮᠣᠩᠭᠤᠯ ᠨᠢᠬᠡᠨᠳᠡ ᠬᠦᠳᠡᠭᠡ ᠲᠤᠰᠬᠤᠨ ᠮᠠᠯᠵᠢᠬᠤ ᠤᠷᠤᠨ ᠤ ᠠᠯᠪᠠᠨ | ᠵᠢᠷᠤᠮ ᠤᠨ ᠰᠤᠷᠭᠠᠨ ᠬᠦᠮᠦᠵᠢᠯ ᠤᠨ ᠱᠠᠳᠤᠨ ᠤ ᠰᠤᠷᠤᠭᠴᠢ ᠶᠢᠨ ᠰᠢᠮ᠎ᠡ ᠲᠡᠵᠢᠬᠡᠯ ᠲᠠᠢ ᠬᠤᠭᠤᠯᠠ ᠶᠢ | ᠰᠠᠶᠢᠵᠢᠷᠠᠭᠤᠯᠬᠤ ᠲᠦᠯᠦᠪᠯᠡᠭᠡ ᠶᠢ ᠤᠯᠤᠰ ᠤᠨ ᠵᠡᠷᠬᠡᠯᠡᠯ ᠤᠨ ᠤᠨᠴᠠᠭᠠᠢ ᠶᠠᠳᠠᠭᠤ ᠬᠦᠴᠢᠷᠳᠡᠯᠲᠡᠢ 8 ᠬᠤᠰᠢᠭᠤ | ᠰᠢᠶᠠᠨ ᠳᠤ ᠬᠡᠷᠡᠭᠵᠢᠬᠦᠯᠵᠤ ᠪᠠᠶᠢᠭᠰᠠᠨ ᠢ ᠤᠯᠤᠰ ᠤᠨ ᠵᠡᠷᠬᠡᠯᠡᠯ ᠤᠨ ᠶᠠᠳᠠᠭᠤ ᠬᠦᠴᠢᠷᠳᠡᠯᠲᠡᠢ 31 ᠬᠤᠰᠢᠭᠤ | ᠰᠢᠶᠠᠨ ᠳᠤ ᠦᠷᠭᠡᠳᠬᠡᠨ ᠬᠡᠷᠡᠭᠵᠢᠬᠦᠯᠵᠤ᠂ ᠨᠡᠶᠢᠳᠡ 1.8 ᠳ᠋ᠦᠩᠰᠢᠭᠤᠷ ᠲᠦᠬᠦᠷᠢᠭ ᠤᠨ ᠪᠡᠯᠡ ᠤᠷᠤᠭᠤᠯᠵᠤ᠂ | 985 ᠰᠤᠷᠭᠠᠭᠤᠯᠢ ᠶᠢᠨ 25 ᠲᠦᠮᠡ ᠭᠠᠷᠤᠢ ᠰᠤᠷᠤᠭᠴᠢ ᠳᠤ ᠠᠰᠢᠭ ᠬᠦᠷᠳᠡᠬᠡᠭᠰᠡᠨ ᠪᠠᠶᠢᠨ᠎ᠠ᠃ | ᠤᠳᠤᠬᠠᠨ ᠳᠤ᠂ ᠦᠪᠦᠷ ᠮᠣᠩᠭᠤᠯ ᠶᠠᠳᠠᠭᠤ ᠬᠦᠴᠢᠷᠳᠡᠯᠲᠡᠢ ᠭᠠᠵᠠᠷ ᠤᠷᠤᠨ ᠤ ᠠᠯᠪᠠᠨ ᠵᠢᠷᠤᠮ ᠤᠨ | ᠰᠤᠷᠭᠠᠨ ᠬᠦᠮᠦᠵᠢᠯ ᠤᠨ ᠰᠤᠷᠭᠠᠭᠤᠯᠢ ᠶᠢᠨ ᠲᠡᠳ᠋ ᠪᠦᠲᠦᠴᠡ ᠶᠢᠨ ᠨᠦᠬᠦᠴᠡᠯ ᠢ ᠴᠢᠷᠷᠮᠠᠶᠢᠨ ᠰᠠᠶᠢᠵᠢᠷᠠᠭᠤᠯᠵᠤ᠂ | ᠰᠤᠷᠤᠭᠴᠢ ᠶᠢᠨ ᠪᠠᠶᠢᠷᠢ᠂ᠬᠤᠭᠤᠯᠠᠨ ᠬᠡᠷ᠂ ᠲᠤᠯᠠᠭᠠᠯᠠᠯᠭ᠎ᠠ ᠵᠡᠷᠬᠡ ᠠᠰᠠᠭᠤᠳᠠᠯ ᠢ ᠭᠤᠤᠯᠳᠠᠯᠭ᠎ᠠ ᠲᠠᠢ | ᠰᠢᠶᠳᠪᠦᠷᠢᠯᠡᠵᠤ᠂ ᠰᠤᠷᠭᠠᠭᠤᠯᠢ ᠡᠷᠬᠢᠯᠡᠬᠦ ᠨᠦᠬᠦᠴᠡᠯ ᠨᠢ ᠢᠯᠡᠷᠬᠡᠢ ᠰᠠᠶᠢᠵᠢᠷᠠᠪᠠ᠃ |