ᠡᠯᠡᠰᠦᠨ ᠬᠤᠲᠤᠭᠤᠷ ᠠᠴᠠ ᠢᠯᠡᠷᠡᠭᠰᠡᠨ ᠠᠯᠲᠠᠨ ᠵᠠᠷᠠᠭ᠎ᠠ
ᠨᠡᠶᠢᠲᠡᠯᠡᠭᠰᠡᠨ ᠴᠠᠭ᠄
2018-12-07
       ᠠᠯᠳᠠᠨ ᠬᠢᠴᠡ ᠲᠠᠢ ᠵᠠᠷᠠᠭ᠎ᠠ ᠶᠢᠨ ᠤᠷᠳᠤ ᠨᠢ 4.5 ᠰᠡᠨᠲ᠋ᠢᠮᠧᠲᠷ᠂ ᠦᠷᠭᠡᠨ ᠨᠢ 2.6  ᠰᠡᠨᠲ᠋ᠢᠮᠧᠲᠷ᠂ ᠬᠦᠨᠳᠦ ᠨᠢ 8.5 ᠭᠷᠠᠮ᠂ ᠪᠠᠶᠢᠯᠳᠤᠭᠠᠨᠳᠤ ᠤᠯᠤᠰ ᠤᠨ ᠦᠶ᠎ᠡ ᠶᠢᠨ ᠲᠡᠤᠭᠡᠨ ᠲᠤᠷᠠᠰᠬᠠᠯᠳᠤ ᠵᠦᠢᠯ ᠪᠤᠯᠤᠨ᠎ᠠ᠃ ᠲᠡᠭᠦᠨ ᠢ ᠤᠷᠳᠤᠰ ᠬᠤᠳᠠ ᠶᠢᠨ ᠬᠠᠨᠭ᠍ᠬᠢᠨ ᠬᠤᠰᠢᠭᠤᠨ ᠤ ᠠᠷᠤᠴᠠᠶᠢᠳᠠᠮ ᠠᠴᠠ ᠮᠠᠯᠳᠠᠨ ᠭᠠᠷᠭᠠᠵᠠᠢ᠃ ᠤᠳᠤ ᠦᠪᠦᠷ ᠮᠤᠩᠭᠤᠯ ᠤᠨ ᠮᠦᠽᠸᠢ ᠳᠤ ᠬᠤᠷᠢᠶᠠᠵᠤ ᠪᠠᠶᠢᠨ᠎ᠠ᠃ ᠡᠨᠡᠬᠦ ᠵᠠᠷᠠᠭ᠎ᠠ ᠶᠢᠨ ᠲᠦᠷᠰᠦ ᠲᠠᠢ ᠵᠠᠰᠠᠯ ᠨᠢ ᠲᠤᠮᠳᠠ ᠪᠠᠨ ᠬᠦᠨᠳᠡᠢ᠂ ᠴᠤᠯ  ᠠᠯᠳᠠ ᠪᠠᠷ ᠤᠷᠠᠯᠠᠵᠤ ᠵᠤᠬᠢᠶᠠᠭᠰᠠᠨ ᠪᠡᠶᠡᠳᠦ ᠲᠦᠷᠰᠦ ᠲᠠᠢ ᠵᠠᠰᠠᠯ ᠤᠨ ᠡᠳ᠋ ᠪᠤᠯᠤᠨ᠎ᠠ᠃ ᠵᠢᠷᠤᠭ ᠠᠴᠠ ᠦᠵᠡᠪᠡᠯ ᠠᠯᠳᠠᠨ ᠵᠠᠷᠠᠭ᠎ᠠ ᠨᠢ ᠲᠤᠯᠤᠭᠠᠢ ᠪᠠᠨ ᠡᠮᠦᠨᠡᠰᠢ ᠰᠤᠩᠭᠠᠵᠤ᠂ ᠡᠮᠦᠨ᠎ᠡ ᠬᠤᠶᠠᠷ ᠬᠦᠯ ᠢᠶᠠᠨ ᠢᠯᠡ ᠭᠠᠷᠭᠠᠭᠰᠠᠨ ᠪᠠᠶᠢᠨ᠎ᠠ᠃ ᠪᠦᠭᠡᠷᠡᠩᠭᠡᠢ ᠪᠡᠶᠡᠳᠦ ᠲᠦᠷᠰᠦ ᠳᠤ ᠬᠡ ᠤᠭᠠᠯᠵᠠ ᠰᠡᠶᠢᠯᠵᠤ᠂ ᠵᠡᠭᠦᠵᠤ ᠡᠳ᠋ᠯᠡᠬᠦ ᠪᠠᠷ ᠪᠡᠯᠡᠨ ᠵᠤᠬᠢᠶᠠᠭᠰᠠᠨ ᠪᠠᠶᠢᠨ᠎ᠠ᠃1972 ᠤᠨ ᠳᠤ ᠠᠷᠤᠴᠠᠶᠢᠳᠠᠮ ᠤᠨ ᠡᠯᠡᠰᠦᠨ ᠲᠤᠳᠤᠷ᠎ᠠ ᠠᠴᠠ ᠡᠨᠡᠬᠦ ᠠᠯᠳᠠᠨ ᠵᠠᠷᠠᠭ᠎ᠠ ᠶᠢ ᠪᠠᠭᠳᠠᠭᠠᠭᠰᠠᠨ ᠬᠤᠪᠤᠷ ᠨᠠᠨᠳᠢᠨ ᠠᠯᠳᠠ ᠮᠦᠡᠭᠭᠦᠨ ᠡᠳ᠋ᠯᠡᠯ ᠢ ᠢᠯᠡᠷᠡᠬᠦᠯᠵᠡᠢ᠃ ᠡᠳᠡᠭᠡᠷ ᠠᠯᠳᠠ ᠮᠦᠡᠭᠭᠦᠨ ᠵᠠᠰᠠᠯ ᠵᠢᠮᠰᠡᠭ ᠪᠠ ᠡᠳ᠋ᠯᠡᠯ ᠬᠡᠷᠡᠭᠯᠡᠯ ᠨᠢ ᠾᠦᠡᠭᠨᠤ ᠶᠢᠨ ᠲᠡᠤᠭᠡ ᠶᠢ ᠰᠤᠳᠤᠯᠵᠤ᠂ ᠾᠦᠡᠭᠨᠤ ᠶᠢᠨ ᠤᠷᠠᠯᠢᠭ ᠢ ᠤᠢᠢᠯᠠᠭᠠᠬᠤ ᠳᠤ ᠬᠤᠪᠤᠷ ᠨᠠᠨᠳᠢᠨ ᠮᠠᠲ᠋ᠧᠷᠢᠶᠠᠯ ᠪᠤᠯᠤᠭᠰᠠᠨ ᠪᠠᠶᠢᠨ᠎ᠠ᠃ ᠠᠷᠤᠴᠠᠶᠢᠳᠠᠮ ᠨᠢ ᠤᠷᠳᠤᠰ ᠤᠨ ᠦᠨᠳᠦᠷᠯᠢᠭ ᠤᠨ ᠮᠤᠤᠠᠤᠰᠤ ᠶᠢᠨ ᠡᠯᠡᠰᠦᠨ ᠤ ᠤᠮᠠᠷᠠᠳᠤ ᠳᠤ ᠪᠠᠶᠢᠷᠢᠯᠠᠵᠤ᠂ ᠴᠢᠨ ᠤᠯᠤᠰ ᠬᠠᠨ ᠤᠯᠤᠰ ᠤᠨ ᠦᠶᠡᠰ ᠲᠤ ︽ᠭᠤᠤᠯ ᠤᠨ ᠡᠮᠦᠨᠡᠬᠢ ᠤᠷᠤᠨ︾ ᠬᠡᠭᠳᠡᠵᠤ ᠪᠠᠶᠢᠭᠰᠠᠨ ᠪᠢᠯᠡ᠃ ᠲᠡᠤᠭᠡᠨ ᠮᠠᠲ᠋ᠧᠷᠢᠶᠠᠯ ᠢ ᠦᠨᠳᠦᠰᠦᠯᠡᠪᠡᠯ᠂ ᠪᠠᠶᠢᠯᠳᠤᠭᠠᠨᠳᠤ ᠤᠯᠤᠰ ᠤᠨ ᠦᠶ᠎ᠡ ᠳᠤ ᠡᠨᠡ ᠬᠡᠰᠡᠭ ᠭᠠᠵᠠᠷ ᠨᠢ ᠾᠦᠡᠭᠨᠤ ᠶᠢᠨ ᠯᠢᠨ ᠬᠦ ᠸᠠᠩ ᠪᠤᠯᠤᠨ ᠪᠠᠢ ᠶᠠᠩ ᠸᠠᠩ ᠤᠨ ᠡᠵᠡᠯᠡᠵᠤ ᠪᠠᠶᠢᠭᠰᠠᠨ ᠭᠠᠵᠠᠷ ᠨᠤᠳᠤᠭ ᠪᠠᠶᠢᠵᠤ᠂ ᠯᠢᠨ ᠬᠦ ᠸᠠᠩ ᠨᠢ ᠵᠡᠭᠦᠨ ᠲᠠᠯ᠎ᠠ ᠳᠤᠨᠢ ᠂ ᠪᠠᠢ ᠶᠠᠩ ᠸᠠᠩ ᠨᠢ ᠪᠠᠷᠠᠭᠤᠨ ᠲᠠᠯ᠎ᠠ ᠳᠤᠨᠢ ᠨᠤᠳᠤᠭᠯᠠᠵᠤ ᠪᠠᠶᠢᠵᠠᠢ᠃ ᠡᠵᠡᠨ ᠬᠤᠷᠤᠭ᠎ᠠ ᠬᠤᠰᠢᠭᠤ ᠠᠴᠠ ᠪᠠᠰᠠ ᠡᠭᠦᠨ ᠲᠠᠢ ᠠᠳᠠᠯᠢ ᠲᠦᠷᠦᠯ ᠤᠨ ᠮᠦᠡᠭᠭᠦᠨ ᠵᠠᠰᠠᠯ ᠢ ᠢᠯᠡᠷᠡᠬᠦᠯᠵᠤ ᠦᠡᠭᠭᠡᠷᠡᠪᠡ᠃ ᠡᠨᠡ ᠨᠢ ᠠᠳᠠᠯᠢ ᠨᠢᠭᠡ ᠭᠠᠵᠠᠷ ᠤᠷᠤᠨ ᠤ ᠠᠳᠠᠯᠢ ᠴᠠᠭ ᠦᠶ᠎ᠡ ᠶᠢᠨ ᠾᠦᠡᠭᠨᠤ ᠶᠢᠨ ᠵᠠᠰᠠᠯ ᠴᠢᠮᠡᠭᠯᠡᠯ ᠤᠨ ᠬᠡᠯᠪᠡᠷᠢ ᠲᠦᠷᠰᠦ᠂ ᠤᠷᠠᠯᠢᠭ ᠤᠨ ᠲᠠᠯ᠎ᠠ ᠪᠠᠷ ᠬᠢ ᠠᠳᠠᠯᠢ ᠰᠢᠨᠵᠢ ᠶᠢ ᠢᠯᠡᠷᠡᠬᠦᠯᠦᠭᠰᠡᠨ ᠪᠠᠶᠢᠨ᠎ᠠ᠃ ᠠᠷᠤᠴᠠᠶᠢᠳᠠᠮ ᠠᠴᠠ ᠤᠯᠳᠠᠭᠰᠠᠨ ᠠᠯᠳᠠᠨ ᠵᠠᠷᠠᠭ᠎ᠠ ᠶᠢ ᠬᠤᠪᠴᠠᠰᠤᠨ ᠳᠤ ᠵᠡᠭᠦᠳᠡᠭ ᠵᠠᠰᠠᠯ ᠤᠨ ᠡᠳ᠋ ᠬᠡᠵᠤ ᠦᠵᠡᠵᠤ ᠪᠤᠢ᠃ ᠡᠨᠡᠬᠦ ᠲᠤᠪᠴᠢ ᠬᠡᠯᠪᠡᠷᠢ ᠶᠢᠨ ᠵᠠᠰᠠᠯ ᠢ ᠬᠤᠪᠴᠠᠰᠤᠨ ᠤ ᠡᠩᠭᠡᠷ᠂ ᠬᠠᠨᠴᠤᠢ᠂ ᠦᠮᠦᠳᠦᠨ ᠰᠢᠷᠬᠤᠨᠠᠭ᠂ ᠭᠤᠳᠤᠯ ᠤᠨ ᠲᠦᠷᠡᠢ ᠪᠠᠷ ᠬᠠᠳᠠᠵᠤ ᠴᠢᠮᠡᠭᠯᠡᠳᠡᠭ ᠪᠠᠶᠢᠨ᠎ᠠ᠃ ᠵᠢᠷᠤᠭ ᠲᠦᠷᠰᠦ ᠨᠢ ᠡᠪᠯᠢᠭ ᠵᠤᠬᠢᠴᠠᠵᠤ᠂ ᠬᠡᠪ ᠨᠠᠮᠪᠠ ᠨᠢ ᠤᠨᠴᠠᠭᠠᠢ᠂ ᠬᠢᠴᠡ ᠨᠢ ᠨᠠᠷᠢᠯᠢᠭ ᠠᠯᠳᠠᠨ ᠵᠠᠷᠠᠭ᠎ᠠ ᠨᠢ ᠡᠷᠳᠡᠨ ᠤ ᠦᠶ᠎ᠡ ᠶᠢᠨ ᠤᠮᠠᠷᠠᠳᠤ ᠶᠢᠨ ᠦᠨᠳᠦᠰᠦᠳᠡᠨ ᠤ ᠰᠤᠶᠤᠯ ᠤᠨ ᠬᠤᠪᠤᠷ ᠨᠠᠨᠳᠢᠨ ᠤᠷᠠᠯᠢᠭ ᠤᠨ ᠪᠤᠳᠠᠰ ᠪᠤᠯᠵᠤ  ᠬᠤᠴᠤᠷᠴᠠᠢ᠃        ᠡᠷᠳᠡᠨ ᠤ ᠤᠮᠠᠷᠠᠳᠤ ᠶᠢᠨ ᠦᠨᠳᠦᠰᠦᠳᠡᠨ ᠤ ᠬᠡᠷᠡᠭᠯᠡᠵᠤ ᠪᠠᠶᠢᠭᠰᠠᠨ ᠲᠤᠪᠴᠢ ᠵᠠᠰᠠᠯ ᠳᠠᠭᠠᠨ ᠲᠤᠳᠤᠭᠠᠳᠤ ᠭᠠᠵᠠᠷ ᠤᠨ ᠲᠠᠷᠢᠶᠠᠯᠠᠬᠤ ᠦᠨᠳᠦᠰᠦᠳᠡᠨ ᠤ ᠵᠠᠰᠠᠯ ᠴᠢᠮᠡᠭᠯᠡᠯ ᠤᠨ ᠤᠷᠠᠯᠢᠭ ᠢ ᠲᠠᠭᠤᠷᠢᠶᠠᠨ ᠠᠰᠢᠭᠯᠠᠵᠤ ᠪᠠᠶᠢᠭᠰᠠᠨ ᠮᠦᠷᠳᠡᠭᠡᠨ ᠦᠪᠡᠷ ᠤᠨ ᠤᠨᠴᠠᠯᠢᠭ ᠲᠠᠢ ᠠᠮᠢᠳᠠᠨ ᠤ ᠲᠦᠷᠰᠦ ᠶᠢ ᠤᠷᠠᠯᠠᠨ ᠵᠤᠬᠢᠶᠠᠵᠤ᠂ ᠲᠠᠯ᠎ᠠ ᠨᠤᠳᠤᠭ ᠤᠨ ᠦᠨᠦᠷ ᠠᠮᠳᠠ ᠲᠠᠢ ᠪᠤᠯᠭᠠᠭᠰᠠᠨ ᠶᠤᠮ᠃ ᠡᠶᠢᠮᠦ ᠪᠡᠶᠡᠳᠦ ᠲᠦᠷᠰᠦ ᠲᠠᠢ ᠠᠮᠢᠳᠠᠨ ᠤ ᠰᠡᠶᠢᠯᠦᠮᠡᠯ ᠨᠢ ᠬᠤᠶᠠᠷ ᠵᠦᠢᠯ ᠤᠨ ᠰᠤᠶᠤᠯ ᠤᠨ  ᠤᠷᠭᠠᠨᠢᠭ ᠢᠶᠠᠷ ᠤᠶᠠᠯᠳᠤᠭᠤᠯᠤᠭᠰᠠᠨ ᠨᠡᠶᠢᠳᠡᠯᠢᠭ ᠵᠢᠱᠢᠶ᠎ᠡ ᠪᠠᠶᠢᠵᠤ᠂ ᠬᠡᠷᠡᠭᠯᠡᠬᠦ ᠳᠤ ᠲᠦᠭᠦᠮ ᠮᠦᠷᠳᠡᠭᠡᠨ ᠦᠳᠭᠡᠨ ᠵᠤᠵᠠᠭᠠᠨ ᠦᠨᠳᠦᠰᠦᠳᠡᠨ ᠤ ᠤᠨᠴᠠᠯᠢᠭ ᠢ ᠢᠯᠡᠷᠡᠬᠦᠯᠵᠤ ᠪᠠᠶᠢᠳᠠᠭ᠃ ᠭᠠᠳᠠᠷ ᠲᠦᠷᠰᠦ ᠪᠠ ᠭᠠᠷ ᠤᠷᠠᠯᠠᠯ ᠤᠨ ᠬᠡᠪ ᠨᠠᠮᠪᠠ ᠠᠴᠠ ᠨᠢ ᠦᠵᠡᠪᠡᠯ᠂ ᠡᠨᠡ ᠬᠤᠭᠤᠴᠠᠭᠠᠨ ᠤ ᠾᠦᠡᠭᠨᠤ ᠶᠢᠨ ᠠᠯᠳᠠ ᠮᠦᠡᠭᠭᠦᠨ ᠡᠳ᠋ᠯᠡᠯ ᠨᠢ ᠪᠠᠶᠢᠯᠳᠤᠭᠠᠨᠳᠤ ᠤᠯᠤᠰ ᠤᠨ ᠬᠡᠪ ᠨᠠᠮᠪᠠ ᠲᠠᠢ ᠪᠠᠶᠢᠵᠤ᠂ ᠠᠮᠢᠳᠠᠨ ᠤ ᠬᠡᠯᠪᠡᠷᠢ ᠲᠦᠷᠰᠦ ᠭᠤᠤᠯᠯᠠᠬᠤ ᠪᠠᠶᠢᠷᠢ ᠶᠢ ᠡᠵᠡᠯᠡᠵᠤ ᠪᠠᠶᠢᠵᠠᠢ᠃ ᠡᠨᠡ ᠨᠢ ᠾᠦᠡᠭᠨᠤ ᠶᠢᠨ ᠨᠡᠶᠢᠭᠡᠮ ᠨᠢ ᠮᠠᠯ ᠠᠵᠤ ᠠᠬᠤᠢ ᠪᠠᠷ ᠭᠤᠤᠯᠯᠠᠵᠤ᠂ ᠠᠡᠭ ᠠᠪᠠ ᠶᠢ ᠬᠠᠪᠰᠤᠷᠭᠠᠵᠤ ᠪᠠᠶᠢᠭᠰᠠᠨ ᠢ ᠬᠡᠷᠡᠴᠢᠯᠡᠵᠤ ᠪᠤᠯᠤᠨ᠎ᠠ᠃ ᠠᠮᠢᠳᠠᠨ ᠠᠷᠢᠶᠠᠳᠠᠨ ᠪᠤᠯ ᠾᠦᠡᠭᠨᠤ ᠶᠢᠨ ᠤᠷᠤᠰᠢᠨ ᠲᠤᠭᠳᠠᠨᠢᠬᠤ ᠭᠤᠤᠯ ᠬᠦᠨᠡᠰᠦ ᠢᠷᠡᠯᠳᠡ᠂ ᠲᠡᠭᠦᠨ ᠢ ᠭᠠᠷ ᠤᠷᠠᠯᠠᠯ ᠢᠶᠠᠷ ᠢᠯᠡᠳᠭᠡᠨ ᠭᠠᠷᠭᠠᠭᠰᠠᠨ ᠨᠢ ᠾᠦᠡᠭᠨᠤ ᠬᠦᠮᠦᠰ ᠤᠨ ᠠᠮᠢᠳᠠᠨ ᠭᠤᠤᠯᠳᠠᠨ ᠳᠤ ᠤᠨᠴᠠᠭᠠᠢ ᠬᠠᠶᠢᠷ᠎ᠠ ᠲᠠᠢ ᠪᠠᠶᠢᠭ᠎ᠠ ᠶᠢ ᠢᠯᠡᠳᠭᠡᠵᠤ ᠪᠠᠶᠢᠨ᠎ᠠ᠃ ᠬᠠᠷᠢᠴᠠᠭᠤᠯᠤᠯ ᠢ ᠦᠨᠳᠦᠰᠦᠯᠡᠪᠡᠯ᠂ ᠾᠦᠡᠭᠨᠤ ᠶᠢᠨ ᠦᠶ᠎ᠡ ᠶᠢᠨ  ᠠᠮᠢᠳᠠᠨ ᠤ ᠲᠦᠷᠰᠦ ᠲᠠᠢ ᠠᠯᠳᠠ ᠮᠦᠡᠭᠭᠦᠨ ᠡᠳ᠋ᠯᠡᠯ ᠨᠢ ᠡᠧᠦ᠋ᠷᠦᠫᠠ ᠶᠢᠨ ᠠᠯᠳᠠᠨ ᠮᠦᠡᠭᠭᠦᠨ ᠡᠳ᠋ᠯᠡᠯ ᠲᠠᠢ ᠮᠠᠰᠢ ᠤᠢᠢᠷᠠᠯᠴᠠᠭ᠎ᠠ ᠪᠠᠶᠢᠳᠠᠭ᠃ ᠤᠳᠤᠬᠠᠨ ᠳᠤ ᠢᠯᠡᠷᠡᠬᠦᠯᠦᠭᠰᠡᠨ ᠾᠦᠡᠭᠨᠤ ᠶᠢᠨ ᠪᠠᠭᠤᠷᠢ ᠪᠠ ᠤᠡᠭᠭᠤᠨ ᠳᠤ ᠶᠡᠭᠡ ᠬᠡᠮᠵᠢᠶᠡᠨ ᠤ ᠠᠮᠢᠳᠠᠨ ᠤ ᠲᠦᠷᠰᠦ ᠲᠠᠢ ᠵᠠᠰᠠᠯ ᠵᠢᠮᠰᠡᠭ᠂ ᠡᠳ᠋ᠯᠡᠯ ᠬᠡᠷᠡᠭᠰᠡᠯ ᠪᠠᠶᠢᠬᠤ ᠨᠢ ᠾᠦᠡᠭᠨᠤ ᠶᠢᠨ ᠰᠤᠶᠤᠯ ᠤᠨ ᠭᠤᠤᠯ ᠤᠨᠴᠠᠯᠢᠭ ᠪᠤᠯᠵᠤ ᠪᠤᠢ᠃ ᠠᠮᠢᠳᠠᠨ ᠤ ᠲᠦᠷᠰᠦ ᠪᠤᠯ ᠡᠧᠦ᠋ᠷᠦᠫᠠ ᠠᠽᠢᠶ᠎ᠠ ᠶᠢᠨ ᠲᠠᠯ᠎ᠠ ᠨᠤᠳᠤᠭ ᠤᠨ ᠡᠷᠳᠡᠨ ᠤ ᠦᠨᠳᠦᠰᠦᠳᠡᠨ ᠤ  ᠨᠡᠶᠢᠳᠡᠮ ᠬᠡᠷᠡᠭᠯᠡᠵᠤ ᠪᠠᠶᠢᠭᠰᠠᠨ ᠵᠠᠰᠠᠯ ᠴᠢᠮᠡᠭᠯᠡᠯ ᠤᠨ ᠬᠡᠪ ᠨᠠᠮᠪᠠ ᠪᠤᠯᠤᠨ᠎ᠠ᠂ ᠲᠠᠷᠬᠠᠴᠠ ᠨᠢ ᠦᠷᠭᠡᠨ ᠪᠠᠶᠢᠵᠤ᠂ ᠲᠤᠮᠳᠠᠳᠤ ᠤᠯᠤᠰ ᠤᠨ ᠤᠮᠠᠷᠠᠳᠤ ᠶᠢᠨ ᠲᠠᠯ᠎ᠠ ᠨᠤᠳᠤᠭ ᠠᠴᠠ ᠭᠠᠳᠠᠨ᠎ᠠ᠂ ᠮᠤᠩᠭᠤᠯ ᠤᠯᠤᠰ᠂ ᠡᠮᠦᠨᠡᠳᠦ ᠰᠢᠪᠧᠷᠢᠶ᠎ᠠ᠂ ᠠᠯᠳᠠᠢ᠂ ᠺᠠᠽᠠᠬᠰᠲ᠋ᠠᠨ ᠠᠴᠠ ᠬᠠᠷ᠎ᠠ ᠲᠡᠩᠬᠢᠰ ᠤᠨ ᠡᠷᠬᠢ ᠬᠦᠷᠳᠡᠯ᠎ᠡ ᠪᠦᠷ ᠲᠠᠷᠬᠠᠵᠤ᠂ ᠭᠠᠳᠠᠭᠠᠳᠤ ᠶᠢᠨ ᠡᠷᠳᠡᠮᠳᠡᠳ ᠠᠴᠠ ᠡᠭᠦᠨ ᠢ ︽ᠠᠷᠢᠶᠠᠳᠠᠨ ᠤ ᠬᠡ ᠤᠭᠠᠯᠵᠠ︾ ᠬᠡᠵᠤ ᠨᠡᠷᠡᠯᠡᠵᠤ ᠪᠠᠶᠢᠳᠠᠭ᠃ ᠤᠮᠠᠷᠠᠳᠤ ᠶᠢᠨ ᠲᠠᠯ᠎ᠠ ᠨᠤᠳᠤᠭ ᠠᠴᠠ ᠮᠠᠯᠳᠠᠵᠤ ᠭᠠᠷᠭᠠᠭᠰᠠᠨ ᠱᠠᠩ ᠤᠯᠤᠰ ᠵᠧᠤ ᠤᠯᠤᠰ ᠤᠨ ᠦᠶ᠎ᠡ ᠶᠢᠨ ᠬᠦᠷᠡᠯ ᠪᠠᠭᠠᠵᠢ ᠶᠢᠨ ᠠᠮᠢᠳᠠᠨ ᠤ ᠬᠡ ᠤᠭᠠᠯᠵᠠ ᠠᠴᠠ ᠦᠵᠡᠪᠡᠯ᠂ ᠾᠦᠡᠭᠨᠤ ᠶᠢᠨ ᠠᠮᠢᠳᠠᠨ ᠤ ᠲᠦᠷᠰᠦ ᠨᠢ ᠦᠪᠡᠷ ᠤᠨ ᠢᠶᠠᠨ ᠬᠦᠭᠵᠢᠯᠳᠡ ᠶᠢᠨ ᠤᠯᠠ ᠮᠦᠷ ᠲᠠᠢ ᠪᠠᠶᠢᠵᠤ᠂ ᠰᠺᠢᠲ᠋ᠠᠢ ᠰᠤᠶᠤᠯ ᠲᠠᠢ ᠨᠢᠭᠳᠠ ᠬᠠᠷᠢᠴᠠᠭ᠎ᠠ ᠲᠠᠢ ᠶᠤᠮ ᠪᠠᠶᠢᠨ᠎ᠠ᠃ ᠤᠷᠤᠰ ᠤᠨ ᠡᠮᠦᠨᠡᠳᠦ ᠬᠡᠰᠡᠭ ᠤᠨ ᠰᠺᠢᠲ᠋ᠠᠢ ᠤᠷᠤᠨ ᠠᠴᠠ ᠮᠠᠯᠳᠠᠨ ᠭᠠᠷᠭᠠᠭᠰᠠᠨ ᠠᠮᠢᠳᠠᠨ ᠤ ᠲᠦᠷᠰᠦ ᠲᠠᠢ ᠠᠯᠳᠠ ᠮᠦᠡᠭᠭᠦᠨ ᠵᠠᠰᠠᠯ ᠪᠠ ᠡᠳ᠋ᠯᠡᠯ ᠬᠡᠷᠡᠭᠯᠡᠯ ᠨᠢ ᠠᠷᠤᠴᠠᠶᠢᠳᠠᠮ ᠠᠴᠠ ᠤᠯᠳᠠᠭᠰᠠᠨ ᠠᠮᠢᠳᠠᠨ ᠤ ᠲᠦᠷᠰᠦ ᠲᠠᠢ ᠮᠠᠰᠢ ᠠᠳᠠᠯᠢ ᠪᠠᠶᠢᠵᠤ᠂ ᠡᠬᠦᠨ ᠢ ᠵᠠᠷᠢᠮ ᠡᠷᠳᠡᠮᠳᠡᠳ ᠰᠺᠢᠲ᠋ᠠᠢ ᠰᠤᠶᠤᠯ ᠠᠴᠠ ᠲᠠᠮᠵᠢᠭᠳᠠᠨ ᠢᠷᠡᠭᠰᠡᠨ ᠦᠷ᠎ᠡ ᠳ᠋ᠦᠡᠭ ᠪᠤᠯᠤᠨ᠎ᠠ ᠬᠡᠵᠤ ᠦᠵᠡᠵᠤ ᠪᠤᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号