ᠡᠷᠢᠶᠡᠨ ᠬᠤᠳᠠ
ᠨᠡᠶᠢᠲᠡᠯᠡᠭᠰᠡᠨ ᠴᠠᠭ᠄
2018-12-07
       
《 ᠡᠷᠢᠯᠢᠶᠠᠨ ᠬᠤᠲᠡ》ᠭᠡᠳᠡᠭ ᠨᠢ ᠮᠣᠩᠭᠤᠯ ᠦᠭᠡ ᠶᠢᠨ ᠬᠢᠲᠠᠳᠵᠢᠭᠰᠠᠨ ᠳᠠᠭᠤᠳᠠᠯᠭ᠎ᠠ ᠪᠥᠭᠡᠳ ᠤᠳᠬ᠎ᠠ  ᠨᠢ《ᠥᠩᠭᠡ ᠢᠯᠭᠠᠷᠠᠨ ᠰᠣᠯᠣᠩᠭᠠᠷᠠᠭᠤᠯᠤᠭᠰᠠᠨ ᠬᠤᠲᠠ》ᠭᠡᠰᠡᠨ ᠦᠭᠡ ᠠᠵᠢ᠃ ᠡᠷᠢᠶᠡᠨ ᠬᠤᠲᠠ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠬᠤᠶᠢᠳ ᠬᠢᠵᠠᠭᠠᠷ ᠲᠤ ᠪᠤᠶᠤ ᠮᠣᠩᠭᠤᠯ ᠤᠯᠤᠰ ᠤᠨ ᠵᠠᠮ ᠤᠨ ᠡᠭᠦᠳᠡ ᠬᠤᠲᠠ ᠠᠴᠠ ᠶᠡᠷᠦ ᠳᠡᠭᠡᠨ 4.5 ᠺᠢᠯᠣᠮᠧᠲᠷ ᠵᠠᠶᠢᠲᠠᠢ ᠬᠢᠯᠢ ᠵᠠᠯᠭᠠᠨ ᠣᠷᠣᠰᠢᠳᠠᠭ᠃ ᠬᠢᠯᠢ ᠶᠢᠨ ᠱᠤᠭᠤᠮ ᠤᠨ ᠤᠷᠲᠤ ᠨᠢ 72 .3 ᠺᠢᠯᠣᠮᠧᠲᠷ᠂ ᠨᠡᠶᠢᠲᠡ ᠲᠠᠯᠠᠪᠠᠢ ᠨᠢ 4015 ᠺᠦᠸᠠᠲ ᠺᠢᠯᠣᠮᠧᠲᠷ᠂ ᠬᠤᠲᠠ ᠶᠢᠨ ᠲᠠᠯᠠᠪᠠᠢ ᠨᠢ 27 ᠺᠦᠸᠠᠲ ᠺᠢᠯᠣᠮᠧᠲᠷ᠂ ᠨᠡᠶᠢᠲᠡ 10 ᠲᠦᠮᠡᠨ ᠬᠦᠮᠦᠨ ᠠᠮᠠ ᠲᠠᠢ ᠪᠣᠯᠤᠨ᠎ᠠ᠃        ᠡᠷᠢᠶᠡᠨ ᠬᠤᠲᠠ ᠨᠢ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠬᠥᠭᠵᠢᠯ ᠨᠡᠭᠡᠭᠡᠯᠲᠡ ᠶᠢᠨ ᠲᠤᠷᠰᠢᠯᠲᠠ ᠶᠢᠨ ᠴᠢᠬᠤᠯᠠ ᠪᠥᠰᠡ ᠲᠡᠳᠦᠢ ᠦᠭᠡᠢ ᠲᠤᠰ ᠤᠯᠤᠰ ᠠᠴᠠ ᠮᠣᠩᠭᠤᠯ ᠤᠯᠤᠰ ᠲᠤ ᠬᠠᠨᠳᠤᠭᠰᠠᠨ ᠬᠠᠮᠤᠭ ᠤᠨ ᠲᠣᠮᠣ ᠪᠣᠭᠤᠮᠲᠠ ᠬᠤᠲᠠ ᠶᠤᠮ᠃ ᠮᠥᠨ ᠲᠣᠷᠭᠠᠨ ᠤ ᠵᠠᠮ ᠤᠨ ᠡᠳ᠋ ᠤᠨ ᠵᠠᠰᠠᠭ ᠤᠨ ᠪᠥᠰᠡ ᠪᠣᠯᠤᠨ ᠬᠢᠲᠠᠳ᠂ ᠮᠣᠩᠭᠤᠯ᠂ ᠣᠷᠣᠰ ᠤᠨ ᠡᠳ᠋ ᠤᠨ ᠵᠠᠰᠠᠭ ᠤᠨ ᠺᠣᠷᠢᠳᠣᠷ ᠤᠨ ᠳᠠᠭᠠᠭᠤᠬᠢ ᠴᠢᠬᠤᠯᠠ ᠵᠠᠩᠭᠢᠯᠠᠭ᠎ᠠ ᠬᠤᠲᠠ ᠶᠤᠮ᠃ ᠪᠡᠭᠡᠵᠢᠩ ᠬᠤᠲᠠ ᠠᠴᠠ ᠮᠣᠰᠺᠸᠠ ᠳᠤ ᠬᠦᠷᠬᠦ ᠡᠷᠢᠶᠡᠨ ᠢᠶᠠᠷ ᠳᠠᠮᠵᠢᠨ ᠥᠩᠭᠡᠷᠡᠭᠰᠡᠨ ᠴᠢᠭᠯᠡᠯ ᠨᠢ ᠬᠠᠷᠪᠢᠨ ᠠᠴᠠ ᠮᠠᠨᠵᠤᠤᠷ ᠢᠶᠠᠷ ᠳᠠᠮᠵᠢᠨ ᠮᠣᠰᠺᠸᠠ ᠬᠦᠷᠬᠦ ᠱᠤᠭᠤᠮ ᠠᠴᠠ 1140 ᠺᠢᠯᠣᠮᠧᠲᠷ ᠪᠠᠷ ᠳᠥᠲᠡ ᠪᠠᠶᠢᠳᠠᠭ᠃
        ᠡᠷᠢᠶᠡᠨ ᠬᠤᠲᠠ ᠨᠢ《 ᠪᠦᠬᠦ ᠬᠢᠲᠠᠳ ᠤᠨ ᠡᠺᠣᠯᠣᠭᠢ ᠤᠨ ᠰᠣᠶᠣᠯᠲᠤ ᠬᠤᠲᠠ》᠂《 ᠴᠡᠷᠢᠭ ᠪᠣᠯᠤᠨ ᠴᠡᠷᠢᠭ ᠤᠨ ᠠᠷᠤ ᠭᠡᠷ ᠪᠦᠯᠢ ᠶᠢ ᠬᠠᠯᠠᠮᠵᠢᠯᠠᠭᠴᠢ ᠬᠤᠲᠠ 》᠂《 ᠰᠢᠨᠵᠢᠯᠡᠬᠦ ᠤᠬᠠᠭᠠᠨ ᠢ ᠲᠦᠭᠡᠭᠡᠨ ᠳᠡᠯᠭᠡᠷᠡᠭᠦᠯᠦᠭᠴᠢ ᠬᠤᠲᠠ 》᠂《 ᠬᠡᠦᠬᠡᠳ ᠵᠠᠯᠠᠭᠤᠴᠤᠳ ᠢ ᠬᠦᠮᠦᠵᠢᠭᠦᠯᠦᠭᠴᠢ ᠬᠤᠲᠠ 》᠂《 ᠬᠢᠲᠠᠳ ᠤᠨ ᠰᠢᠯᠢᠳᠡᠭ ᠠᠷᠪᠠᠨ ᠨᠣᠭᠤᠭᠠᠨ ᠬᠤᠲᠠ ᠶᠢᠨ ᠨᠢᠭᠡ 》᠂《 ᠬᠢᠲᠠᠳ ᠤᠨ ᠠᠮᠵᠢᠷᠭᠠᠨ ᠤ ᠠᠶ᠎ᠠ ᠲᠤᠬ᠎ᠠ ᠲᠠᠢ ᠣᠷᠴᠢᠨ ᠢ ᠬᠥᠭᠵᠢᠭᠦᠯᠦᠭᠰᠡᠨ ᠬᠤᠲᠠ 》᠂《 ᠥᠪᠥᠷ ᠮᠣᠩᠭᠤᠯ ᠤᠨ ᠪᠣᠯᠪᠠᠰᠤᠨ ᠬᠤᠲᠠ 》᠂ 《 ᠥᠪᠥᠷ ᠮᠣᠩᠭᠤᠯ ᠤᠨ ᠴᠡᠴᠡᠷᠯᠢᠭᠲᠦ ᠬᠤᠲᠠ 》ᠬᠡᠮᠡᠬᠦ ᠤᠯᠤᠰ ᠤᠨ ᠡᠷᠭᠦᠮᠵᠢᠯᠡᠯ ᠤᠳ ᠢ ᠲᠤᠰ ᠲᠤᠰ ᠬᠦᠷᠲᠡᠵᠦ ᠪᠠᠶᠢᠵᠠᠢ᠃        ᠣᠳᠣ ᠡᠷᠢᠶᠡᠨ ᠬᠤᠲᠠ ᠨᠢ ᠳᠤᠮᠳᠠᠳᠤ ᠤᠯᠤᠰ ᠤᠨ ᠬᠥᠭᠵᠢᠯ ᠨᠡᠭᠡᠭᠡᠯᠲᠡ ᠶᠢᠨ ᠲᠤᠷᠰᠢᠯᠲᠠ ᠶᠢᠨ ᠴᠢᠬᠤᠯᠠ ᠪᠥᠰᠡ ᠶᠢᠨ ᠪᠦᠲᠦᠭᠡᠨ ᠪᠠᠶᠢᠭᠤᠯᠤᠯᠲᠠ ᠶᠢ ᠤᠳᠤᠷᠢᠳᠤᠮᠵᠢ ᠪᠣᠯᠭᠠᠨ ᠬᠢᠲᠠᠳ᠂ ᠮᠣᠩᠭᠤᠯ᠂ ᠣᠷᠣᠰ ᠤᠨ ᠬᠢᠯᠢ ᠳᠠᠮᠨᠠᠭᠰᠠᠨ ᠡᠳ᠋ ᠤᠨ ᠵᠠᠰᠠᠭ ᠤᠨ ᠬᠠᠮᠲᠤ ᠶᠢᠨ ᠠᠵᠢᠯᠯᠠᠭᠠᠨ ᠤ ᠪᠥᠰᠡ᠂ ᠬᠢᠯᠢ ᠣᠷᠴᠢᠮ ᠤᠨ ᠡᠳ᠋ ᠤᠨ ᠵᠠᠰᠠᠭ ᠤᠨ ᠬᠠᠮᠲᠤ ᠶᠢᠨ ᠠᠵᠢᠯᠯᠠᠭᠠᠨ ᠤ ᠪᠥᠰᠡ᠂ ᠬᠢᠯᠢ ᠶᠢᠨ ᠢᠷᠭᠡᠳ ᠤᠨ ᠬᠤᠳᠠᠯᠳᠤᠭᠠᠨ ᠤ ᠪᠥᠰᠡ ᠶᠢᠨ ᠪᠠᠶᠢᠭᠤᠯᠤᠯᠲᠠ ᠶᠢᠨ ᠲᠥᠯᠥᠪᠯᠡᠭᠡ ᠶᠢ ᠪᠦᠬᠦ ᠲᠠᠯ᠎ᠠ ᠪᠠᠷ ᠲᠡᠭᠦᠯᠳᠡᠷᠵᠢᠭᠦᠯᠵᠦ᠂ ᠣᠯᠠᠨ ᠤᠯᠤᠰ ᠤᠨ ᠬᠤᠳᠠᠯᠳᠤᠭ᠎ᠠ ᠯᠣᠭᠢᠰᠲ᠋ᠢᠭ᠂ ᠢᠮᠫᠣᠷᠲ ᠡᠺᠰᠫᠣᠷᠲ ᠤᠨ ᠦᠢᠯᠡᠳᠪᠦᠷᠢᠯᠡᠯ᠂ ᠬᠢᠯᠢ ᠣᠷᠴᠢᠮ ᠨᠤᠲᠤᠭ ᠤᠨ ᠰᠤᠶᠤᠯ ᠤᠨ ᠥᠪᠡᠷᠮᠢᠴᠡ ᠣᠨᠴᠠᠯᠢᠭ ᠪᠦᠬᠦᠢ ᠠᠶᠠᠯᠠᠯ ᠵᠢᠭᠤᠯᠴᠢᠯᠠᠯ᠂ ᠳᠠᠬᠢᠨ ᠰᠡᠷᠭᠡᠭᠳᠡᠬᠦ ᠡᠷᠴᠢᠮ ᠬᠦᠴᠦᠨ ᠤ ᠦᠢᠯᠡᠳᠪᠦᠷᠢᠯᠡᠯ ᠭᠡᠰᠡᠨ ᠰᠠᠭᠤᠷᠢ ᠰᠠᠯᠪᠠᠷ ᠤᠳ ᠢ ᠬᠥᠭᠵᠢᠭᠦᠯᠵᠦ ᠪᠠᠶᠢᠨ᠎ᠠ᠃ ᠬᠤᠲᠠ ᠶᠢᠨ ᠲᠣᠬᠢᠵᠢᠯᠲᠠ᠂ ᠪᠦᠲᠦᠭᠡᠨ ᠪᠠᠶᠢᠭᠤᠯᠤᠯᠲᠠ ᠶᠢ ᠰᠠᠶᠢᠵᠢᠷᠠᠭᠤᠯᠬᠤ᠂ ᠪᠢᠽᠢᠨᠧᠰ ᠤᠨ ᠣᠷᠴᠢᠨ ᠤ ᠲᠠᠭᠠᠲᠠᠢ ᠨᠥᠬᠦᠴᠡᠯ ᠢ ᠪᠦᠷᠢᠯᠳᠦᠭᠦᠯᠵᠦ ᠡᠷᠢᠶᠡᠨ ᠬᠤᠲᠠ ᠶᠢ ᠣᠯᠠᠨ ᠤᠯᠤᠰ ᠤᠨ ᠲᠠᠪᠴᠠᠩ ᠳᠤ ᠨᠡᠷ᠎ᠡ ᠬᠦᠨᠳᠦᠲᠡᠢ᠂ ᠬᠦᠮᠦᠰ ᠤᠨ ᠰᠡᠳᠬᠢᠯ ᠢ ᠲᠠᠲᠠᠭᠰᠠᠨ᠂ ᠬᠢᠲᠠᠳ ᠤᠯᠤᠰ ᠤᠨ ᠤᠮᠠᠷᠠᠳᠤ ᠶᠢᠨ ᠬᠠᠮᠤᠭ ᠤᠨ ᠰᠠᠶᠢᠨ ᠪᠣᠭᠤᠮᠲᠠ ᠪᠣᠯᠤᠨ ᠲᠤᠰ ᠤᠯᠤᠰ ᠤᠨ ᠤᠮᠠᠷᠠᠳᠤ ᠵᠦᠭ ᠲᠤ ᠨᠡᠭᠡᠭᠡᠯᠲᠡ ᠲᠠᠢ ᠬᠥᠭᠵᠢᠬᠦ ᠬᠠᠮᠤᠭ ᠤᠨ ᠴᠢᠬᠤᠯᠠ ᠡᠭᠦᠳᠡ ᠪᠣᠯᠭᠠᠬᠤ ᠪᠠᠷ ᠬᠦᠴᠦᠨ ᠵᠢᠳᠬᠦᠵᠦ ᠪᠠᠶᠢᠭ᠎ᠠ ᠠᠵᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号