ᠰᠤᠷᠭᠠᠭᠤᠯᠢ ᠶᠢᠨ ᠨᠠᠰᠤᠨ ᠠᠴᠠ ᠡᠮᠤᠨᠡᠬᠢ ᠰᠤᠷᠭᠠᠨ ᠬᠦᠮᠦᠵᠢᠯ ᠤᠨ ᠦᠭᠡᠷᠡᠴᠢᠯᠡᠯᠳᠡ ᠶᠢ ᠬᠦᠨᠵᠡᠬᠡᠶᠢᠷᠡᠬᠦᠯᠦᠨ ᠳᠦᠷᠢᠮᠵᠢᠬᠦᠯᠦᠨ ᠬᠦᠭᠵᠢᠬᠦᠯᠬᠦ ᠳᠤᠬᠠᠢ ᠨᠠᠮ ᠤᠨ ᠳᠦᠪ ᠬᠤᠷᠢᠶᠠᠨ ᠤ ᠠᠯᠪᠡᠨ ᠳᠢᠩᠭᠢᠮ ᠪᠤᠯᠤᠨ ᠳᠦᠷᠦ ᠶᠢᠨ ᠶᠠᠪᠤᠳᠠᠯ ᠤᠨ ᠬᠤᠷᠢᠶᠠᠨ ᠤ ᠰᠠᠨᠠᠯ ᠤᠳ ᠤᠨ ᠳᠠᠶᠢᠯᠤᠮᠵᠢ
ᠨᠡᠶᠢᠲᠡᠯᠡᠭᠰᠡᠨ ᠴᠠᠭ᠄
2018-12-08
ᠵᠤᠴᠢᠨ᠄ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠬᠠᠤᠯᠢ ᠰᠤᠳᠤᠯᠤᠯ ᠤᠨ ᠳᠡᠭᠡᠳᠤ ᠰᠤᠷᠭᠠᠭᠤᠯᠢ ᠶᠢᠨ ᠫᠷᠤᠹᠧᠰᠰᠤᠷ ᠮᠠᠩᠯᠠᠶᠢᠬᠦᠦᠬᠦᠳᠦᠯᠦᠭᠴᠢ᠄ ᠳᠤᠰ ᠰᠠᠨᠠᠯ ᠤᠳ ᠢ ᠳᠤᠭᠳᠠᠭᠠᠭᠰᠠᠨ ᠠᠬᠤᠢ ᠪᠠᠶᠢᠳᠠᠯ ᠠᠴᠢ ᠬᠤᠯᠪᠤᠭᠳᠠᠯ ᠤᠳᠬ᠎ᠠ ᠠᠭᠤᠯᠭ᠎ᠠ ᠶᠢᠨ ᠳᠤᠬᠠᠢ ᠶᠠᠷᠢᠬᠤ ᠪᠤᠢ︖ᠵᠤᠴᠢᠨ᠄ ᠠᠬᠤᠢ ᠪᠠᠶᠢᠳᠠᠯ ᠤᠨ ᠳᠠᠯ᠎ᠠ ᠪᠠᠷ ᠨᠢᠭᠡ ᠳᠤ᠂ ᠳᠤᠰ ᠰᠠᠨᠠᠯ ᠪᠤᠯ ᠠᠷᠪᠠᠨ ᠨᠠᠢᠮᠠᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠪᠤᠳᠠᠳᠠᠢ ᠠᠷᠭ᠎ᠠ ᠬᠡᠮᠵᠢᠶ᠎ᠡ ᠮᠦᠨ᠃ ᠬᠤᠶᠠᠷ ᠲᠤ᠂ ᠰᠢᠨ᠎ᠡ ᠴᠠᠭ ᠦᠶ᠎ᠡ ᠳᠠᠬᠢ ᠰᠤᠷᠬᠤ ᠨᠠᠰᠤᠨ ᠠᠴᠠ ᠡᠮᠤᠨᠡᠬᠢ ᠰᠤᠷᠭᠠᠨ ᠬᠦᠮᠦᠵᠢᠯ ᠤᠨ ᠬᠦᠭᠵᠢᠯᠳᠠ ᠶᠢᠨ ᠪᠤᠳᠠᠳᠤ ᠱᠠᠭᠠᠷᠳᠠᠯᠭ᠎ᠠ ᠬᠡᠷᠡᠭᠴᠡᠭᠡ ᠮᠦᠨ᠃ ᠠᠴᠢ ᠬᠤᠯᠪᠤᠭᠳᠠᠯ ᠤᠨ ᠳᠠᠯ᠎ᠠ ᠪᠠᠷ ᠬᠡᠤᠬᠡᠳ ᠤᠨ ᠡᠷᠡᠬᠦᠯ ᠢᠶᠠᠷ ᠦᠰᠦᠨ ᠪᠤᠶᠢᠵᠢᠬᠤ᠂ ᠨᠡᠶᠢᠭᠡᠮ ᠤᠨ ᠳᠤᠭᠳᠠᠭᠤᠨ ᠬᠢᠭᠡᠳ ᠠᠮᠤᠷ ᠳᠦᠪᠰᠢᠨ᠂ ᠨᠠᠮ ᠪᠠ ᠠᠵᠢᠯ ᠤᠶᠢᠯᠡᠰ ᠤᠨ ᠢᠷᠡᠭᠡᠳᠤᠢ ᠳᠤ ᠬᠤᠯᠪᠤᠭᠳᠠᠬᠤ ᠴᠢᠬᠤᠯᠠ ᠢᠨᠵᠧᠨᠧᠷᠢᠩ ᠮᠦᠨ᠃ᠬᠦᠳᠦᠯᠦᠭᠴᠢ᠄ ᠰᠤᠷᠭᠠᠭᠤᠯᠢ ᠶᠢᠨ ᠨᠠᠰᠤᠨ ᠠᠴᠠ ᠡᠮᠤᠨᠡᠬᠢ ᠰᠤᠷᠭᠠᠨ ᠬᠦᠮᠦᠵᠢᠯ ᠤᠨ ᠦᠭᠡᠷᠡᠴᠢᠯᠡᠯᠳᠡ ᠶᠢ ᠬᠦᠨᠵᠡᠬᠡᠶᠢᠷᠡᠬᠦᠯᠦᠨ ᠳᠦᠷᠢᠮᠵᠢᠬᠦᠯᠦᠨ ᠬᠦᠭᠵᠢᠬᠦᠯᠬᠦ ᠳᠤᠬᠠᠢ ᠶᠠᠮᠠᠷ ᠶᠠᠮᠠᠷ ᠬᠠᠷᠠᠯᠳᠠ ᠳᠤᠷᠠᠳᠤᠭᠰᠠᠨ ᠪᠤᠢ︖ᠵᠤᠴᠢᠨ᠄ ᠨᠢᠭᠡ ᠳᠤ᠂ 2020 ᠤᠨ ᠪᠤᠯᠬᠤ ᠳᠤ ᠳᠦᠭᠡᠮᠡᠯ ᠬᠦᠷᠳᠡᠭᠡᠮᠵᠢ ᠲᠠᠢ ᠴᠡᠴᠡᠷᠯᠢᠭ ᠤᠨ ᠬᠠᠷᠢᠴᠡᠯ ᠢ 80% ᠬᠦᠷᠭᠡᠨ᠎ᠡ᠃ ᠬᠤᠶᠠᠷ ᠲᠤ᠂ 2020 ᠤᠨ ᠪᠤᠯᠬᠤ ᠳᠤ ᠬᠡᠤᠬᠡᠳ ᠤᠨ ᠴᠡᠴᠡᠷᠯᠢᠭ ᠲᠤ ᠤᠷᠤᠬᠤ ᠨᠤᠷᠮ᠎ᠠ ᠶᠢ 85% ᠳᠤ ᠬᠦᠷᠭᠡᠨ᠎ᠡ᠃ ᠭᠤᠷᠪᠠ ᠳᠤ᠂ 2020 ᠤᠨ ᠪᠤᠯᠬᠤ ᠳᠤ ᠠᠯᠪᠠᠨ ᠠᠴᠠ ᠡᠷᠬᠢᠯᠡᠭᠰᠡᠨ ᠬᠡᠤᠬᠡᠳ ᠤᠨ ᠴᠡᠴᠡᠷᠯᠢᠭ ᠤᠨ ᠬᠠᠷᠢᠴᠠᠯ ᠢ 50% ᠳᠤ ᠬᠦᠷᠭᠡᠨ᠎ᠡ᠃ ᠳᠦᠷᠪᠡ ᠳᠤ᠂ 2035 ᠤᠨ ᠪᠤᠯᠬᠤ ᠳᠤ ᠰᠤᠷᠭᠠᠭᠤᠯᠢ ᠶᠢᠨ ᠨᠠᠰᠤᠨ ᠠᠴᠠ ᠡᠮᠤᠨᠡᠬᠢ ᠭᠤᠷᠪᠠᠨ ᠵᠢᠯ ᠤᠨ ᠰᠤᠷᠭᠠᠨ ᠬᠦᠮᠦᠵᠢᠯ ᠢ ᠳᠦᠭᠡᠮᠡᠯᠵᠢᠬᠦᠯᠦᠨ᠎ᠡ᠃ᠬᠦᠳᠦᠯᠦᠭᠴᠢ᠄ ᠴᠡᠴᠡᠷᠯᠢᠭ ᠤᠨ ᠡᠬᠢ ᠪᠠᠶᠠᠯᠢᠭ ᠤᠨ ᠬᠠᠩᠭᠠᠯᠭ᠎ᠠ ᠶᠢ ᠦᠷᠭᠡᠳᠭᠡᠬᠦ ᠳᠤᠬᠠᠢ ᠰᠠᠨᠠᠯ ᠢ ᠬᠡᠷᠬᠢᠨ ᠳᠤᠷᠠᠳᠤᠭᠰᠠᠨ ᠪᠤᠢ︖ᠵᠤᠴᠢᠨ᠄ ᠨᠢᠭᠡ ᠳᠤ᠂ ᠰᠠᠨᠠᠯ ᠤᠳ ᠲᠤ ᠰᠤᠷᠭᠠᠭᠤᠯᠢ ᠶᠢᠨ ᠨᠠᠰᠤᠨ ᠠᠴᠠ ᠡᠮᠤᠨᠡᠬᠢ ᠰᠤᠷᠭᠠᠨ ᠬᠦᠮᠦᠵᠢᠯ ᠤᠨ ᠳᠤᠰᠬᠠᠢ ᠳᠦᠰᠦᠯ ᠢ ᠬᠡᠷᠡᠭᠵᠢᠬᠦᠯᠦᠨ᠎ᠡ ᠭᠡᠵᠡᠢ᠃ ᠬᠤᠶᠠᠷ ᠲᠤ᠂ ᠰᠠᠨᠠᠯ ᠤᠳ ᠲᠤ ᠰᠤᠷᠭᠠᠭᠤᠯᠢ ᠶᠢᠨ ᠨᠠᠰᠤᠨ ᠠᠴᠠ ᠡᠮᠤᠨᠡᠬᠢ ᠰᠤᠷᠭᠠᠨ ᠬᠦᠮᠦᠵᠢᠯ ᠤᠨ ᠡᠬᠢ ᠪᠠᠶᠠᠯᠢᠭ ᠢ ᠬᠦᠢᠴᠡᠳ ᠠᠭᠤᠳᠠᠯᠠᠨ ᠬᠠᠩᠭᠠᠯᠭ᠎ᠠ ᠶᠢ ᠨᠡᠮᠡᠭᠳᠡᠬᠦᠯᠬᠦ ᠬᠡᠷᠡᠭᠳᠡᠢ ᠭᠡᠵᠡᠢ᠃ ᠭᠤᠷᠪᠠ ᠳᠤ᠂ ᠰᠠᠨᠠᠯ ᠤᠳ ᠲᠤ ᠤᠷᠤᠨ ᠰᠠᠭᠤᠴᠠ ᠶᠢᠨ ᠳᠤᠭᠤᠷᠢᠭ ᠪᠠᠶᠢᠭᠤᠯᠬᠤ ᠳᠤ ᠵᠠᠪᠠᠯ ᠴᠡᠴᠡᠷᠯᠢᠭ ᠢ ᠢᠵᠢ ᠪᠦᠷᠢᠯᠳᠤᠬᠦᠯᠦᠨ ᠪᠠᠶᠢᠭᠤᠯᠬᠤ ᠬᠡᠷᠡᠭᠳᠡᠢ ᠭᠡᠵᠡᠢ᠃ ᠬᠦᠳᠦᠯᠦᠭᠴᠢ᠄ ᠰᠠᠨᠠᠯ ᠳᠤ ᠴᠡᠴᠡᠷᠯᠢᠭ ᠤᠨ ᠪᠠᠶᠢᠷᠢᠰᠢᠯ ᠬᠢᠭᠡᠳ ᠪᠦᠳᠦᠴᠠ ᠶᠢ ᠰᠠᠶᠢᠵᠢᠷᠠᠭᠤᠯᠬᠤ ᠪᠠᠭᠰᠢ ᠶᠢᠨ ᠡᠩᠨᠡᠭᠡ ᠶᠢ ᠪᠠᠶᠢᠭᠤᠯᠬᠤ ᠳᠤᠬᠠᠢ ᠶᠠᠮᠠᠷ ᠵᠤᠶᠢᠯ ᠤᠳ ᠢ ᠳᠤᠭᠳᠠᠭᠠᠭᠰᠠᠨ ᠪᠤᠢ︖ᠵᠤᠴᠢᠨ᠄ ᠨᠢᠭᠡ ᠳᠤ᠂ ᠰᠠᠨᠠᠯ ᠤᠳ ᠲᠤ ᠰᠤᠷᠭᠠᠭᠤᠯᠢ ᠶᠢᠨ ᠨᠠᠰᠤᠨ ᠠᠴᠠ ᠡᠮᠤᠨᠡᠬᠢ ᠰᠤᠷᠭᠠᠨ ᠬᠦᠮᠦᠵᠢᠯ ᠤᠨ ᠪᠠᠶᠢᠷᠢᠰᠢᠯ ᠪᠦᠳᠦᠴᠡ ᠶᠢ ᠰᠢᠯᠢᠳᠡᠭᠵᠢᠬᠦᠯᠬᠦ ᠬᠡᠷᠡᠭᠳᠡᠢ ᠭᠡᠵᠡᠢ᠃ ᠬᠤᠶᠠᠷ ᠲᠤ᠂ ᠰᠠᠨᠠᠯ ᠤᠳ ᠲᠤ ᠡᠯ᠎ᠡ ᠭᠠᠵᠠᠷ ᠳᠦᠭᠡᠮᠡᠯ ᠬᠦᠷᠳᠡᠭᠡᠮᠵᠢ ᠲᠠᠢ ᠴᠡᠴᠡᠷᠯᠢᠭ ᠢ ᠪᠠᠶᠢᠭᠤᠯᠬᠤ ᠶᠢ ᠭᠤᠤᠯᠳᠠᠯᠭ᠎ᠠ ᠲᠠᠢ ᠡᠬᠦᠷᠭᠡ ᠪᠤᠯᠭᠠᠨ ᠠᠳᠬᠤᠬᠤ ᠬᠡᠷᠡᠭᠳᠡᠢ ᠭᠡᠵᠡᠢ᠃ ᠭᠤᠷᠪᠠ ᠳᠤ᠂ ᠰᠠᠨᠠᠯ ᠤᠳ ᠲᠤ ᠴᠡᠴᠡᠷᠯᠢᠭ ᠤᠨ ᠪᠠᠭᠰᠢ ᠶᠢᠨ ᠡᠩᠨᠡᠭᠡ ᠶᠢᠨ ᠪᠦᠳᠦᠭᠡᠨ ᠪᠠᠶᠢᠭᠤᠯᠤᠯᠳᠠ ᠶᠢ ᠴᠢᠩᠭᠠᠳᠬᠠᠬᠤ ᠴᠡᠴᠡᠷᠯᠢᠭ ᠤᠨ ᠪᠠᠭᠰᠢ ᠶᠢᠨ ᠴᠡᠯᠢᠩ ᠤᠯᠭᠤᠮᠵᠢ ᠶᠢ ᠨᠡᠮᠡᠭᠳᠡᠬᠦᠯᠬᠦ ᠳᠠᠯ᠎ᠠ ᠪᠠᠷ ᠪᠠᠰᠠ ᠤᠯᠠᠨ ᠱᠠᠭᠠᠷᠳᠠᠯᠭ᠎ᠠ ᠳᠤᠷᠠᠳᠴᠠᠢ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号