︽ᠪᠦᠰᠡ ᠨᠤᠳᠤᠭ ᠢ ᠵᠤᠬᠢᠴᠠᠭᠤᠯᠤᠨ ᠬᠦᠭᠵᠢᠬᠦᠯᠬᠦ ᠨᠡᠩ ᠪᠦᠳᠦᠮᠵᠢᠳᠠᠢ ᠰᠢᠨ᠎ᠡ ᠳᠤᠭᠳᠠᠴᠠ ᠪᠠᠶᠢᠭᠤᠯᠬᠤ ᠳᠤᠬᠠᠢ ᠰᠠᠨᠠᠯ︾ ᠤᠨ ᠳᠠᠶᠢᠯᠤᠮᠵᠢ
ᠨᠡᠶᠢᠲᠡᠯᠡᠭᠰᠡᠨ ᠴᠠᠭ᠄
2018-12-08
ᠵᠤᠴᠢᠨ᠄ ᠦᠪᠤᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠠᠵᠦ ᠠᠬᠤᠢ ᠶᠢᠨ ᠳᠡᠭᠡᠳᠤ ᠰᠤᠷᠭᠠᠭᠤᠯᠢ ᠶᠢᠨ ᠳᠡᠳ᠋ ᠫᠷᠤᠹᠧᠰᠰᠤᠷᠬᠦᠳᠦᠯᠦᠭᠴᠢ᠄ ᠪᠦᠰᠡ ᠨᠤᠳᠤᠭ ᠢ ᠵᠤᠬᠢᠴᠠᠭᠤᠯᠤᠨ ᠬᠦᠭᠵᠢᠬᠦᠯᠬᠦ ᠨᠢᠭᠡᠳᠤᠯᠳᠠᠢ ᠳᠤᠭᠳᠠᠴᠠ ᠶᠢ ᠪᠠᠶᠢᠭᠤᠯᠬᠤ ᠳᠤᠬᠠᠢ ᠶᠠᠷᠢᠬᠤ ᠪᠤᠢ︖ᠵᠤᠴᠢᠨ᠄ ᠨᠢᠭᠡ ᠳᠤ᠂ ᠤᠯᠤᠰ ᠤᠨ ᠳᠤᠮᠦ ᠶᠡᠭᠡ ᠪᠦᠰᠡ ᠨᠤᠳᠤᠭ ᠤᠨ ᠪᠠᠶᠢᠯᠳᠤᠬᠤ ᠪᠤᠳᠤᠯᠭ᠎ᠠ ᠠᠭᠤᠰᠤᠯᠴᠠᠨ ᠬᠦᠭᠵᠢᠬᠦ ᠶᠢ ᠠᠬᠢᠭᠤᠯᠤᠨ᠎ᠠ᠃ ᠬᠤᠶᠠᠷ ᠲᠤ᠂ ᠬᠦᠭᠵᠢᠭᠰᠡᠨ ᠭᠠᠵᠠᠷ ᠤᠷᠤᠨ ᠪᠤᠯᠤᠨ ᠬᠦᠭᠵᠢᠵᠦ ᠪᠠᠶᠢᠭ᠎ᠠ ᠭᠠᠵᠠᠷ ᠤᠷᠤᠨ ᠤ ᠬᠦᠭᠵᠢᠯᠳᠡ ᠶᠢ ᠨᠢᠭᠡᠳᠤᠯᠳᠠᠢ ᠳᠦᠯᠬᠡᠨ ᠠᠬᠢᠭᠤᠯᠤᠨ᠎ᠠ᠃ ᠭᠤᠷᠪᠠ ᠳᠤ᠂ ᠡᠬᠡ ᠬᠠᠭᠤᠷᠠᠢ ᠪᠤᠯᠤᠨ ᠳᠠᠯᠠᠢ ᠳᠠᠩᠭᠢᠰ ᠢ ᠨᠢᠭᠡᠳᠤᠯᠳᠠᠢ ᠳᠦᠯᠦᠪᠯᠡᠨ ᠬᠦᠭᠵᠢᠬᠦᠯᠦᠨ᠎ᠡ᠃ᠬᠦᠳᠦᠯᠦᠭᠴᠢ᠄ ᠵᠠᠬ᠎ᠠ ᠳᠡᠯᠭᠡᠬᠦᠷ ᠤᠨ ᠨᠢᠭᠡ ᠴᠤᠭᠴᠠᠵᠢᠭᠰᠡᠨ ᠬᠦᠭᠵᠢᠯᠳᠡ ᠶᠢᠨ ᠳᠤᠭᠳᠠᠴᠠ ᠶᠢᠨ ᠳᠤᠬᠠᠢ ᠶᠠᠷᠢᠬᠤ ᠪᠤᠢ︖ᠵᠤᠴᠢᠨ᠄ ᠨᠢᠭᠡ ᠳᠤ᠂ ᠬᠤᠳᠠ ᠬᠦᠳᠡᠭᠡ ᠶᠢᠨ ᠤᠶᠢᠯᠡᠳᠪᠤᠷᠢᠯᠠᠯ ᠤᠨ ᠬᠦᠴᠦᠨ ᠴᠢᠯᠦᠭᠡᠳᠡᠢ ᠰᠢᠯᠵᠢᠬᠦ ᠶᠢᠨ ᠠᠬᠢᠭᠤᠯᠤᠨ᠎ᠠ᠃ ᠬᠤᠶᠠᠷ ᠲᠤ᠂ ᠪᠦᠰᠡ ᠨᠤᠳᠤᠭ ᠤᠨ ᠵᠠᠬ᠎ᠠ ᠳᠡᠯᠭᠡᠬᠦᠷ ᠤᠨ ᠨᠢᠭᠡ ᠴᠤᠭᠴᠠᠵᠢᠭᠰᠠᠨ ᠪᠦᠳᠦᠭᠡᠨ ᠪᠠᠶᠢᠭᠤᠯᠤᠯᠳᠠ ᠶᠢᠨ ᠳᠦᠯᠬᠢᠨ ᠠᠬᠢᠭᠤᠯᠤᠨ᠎ᠠ᠃ ᠭᠤᠷᠪᠠ ᠳᠤ᠂ ᠪᠦᠰᠡ ᠨᠤᠳᠤᠭ ᠤᠨ ᠠᠷᠠᠯᠵᠢᠶᠠᠨ ᠤ ᠳᠠᠪᠴᠡᠩ ᠪᠤᠯᠤᠨ ᠳᠦᠷᠢᠮ ᠢ ᠳᠡᠬᠦᠯᠳᠡᠷᠵᠢᠬᠦᠯᠦᠨ᠎ᠡ᠃ᠬᠦᠳᠦᠯᠦᠭᠴᠢ᠄ ᠪᠦᠰᠡ ᠨᠤᠳᠤᠭ ᠤᠨ ᠬᠤᠷᠰᠢᠯᠴᠠᠬᠤ ᠳᠤᠭᠳᠠᠴᠠ ᠶᠢ ᠬᠦᠨᠵᠡᠭᠡᠶᠢᠷᠡᠬᠦᠯᠬᠦ ᠳᠤᠬᠠᠢ ᠶᠠᠷᠢᠬᠤ ᠪᠤᠢ︖ᠵᠤᠴᠢᠨ᠄ ᠨᠢᠭᠡ ᠳᠤ᠂ ᠪᠦᠰᠡ ᠨᠤᠳᠤᠭ ᠤᠨ ᠬᠤᠷᠰᠢᠯᠴᠡᠨ ᠤᠶᠢᠯᠡᠳᠤᠯᠴᠠᠬᠦ ᠶᠢ ᠠᠬᠢᠭᠤᠯᠤᠨ᠎ᠠ᠃ ᠬᠤᠶᠠᠷ ᠳᠤ᠂ ᠭᠤᠤᠯ ᠮᠦᠷᠡᠨ ᠤ ᠰᠠᠪᠠ ᠭᠠᠵᠠᠷ ᠤᠨ ᠤᠷᠤᠰᠬᠠᠯ ᠳᠠᠭᠤ ᠭᠠᠵᠠᠷ ᠤᠷᠤᠨ ᠬᠤᠷᠰᠢᠯᠴᠡᠨ ᠬᠦᠭᠵᠢᠬᠦ ᠶᠢ ᠠᠬᠢᠭᠤᠯᠤᠨ᠎ᠠ ᠃ ᠭᠤᠷᠪᠠ ᠳᠤ᠂ ᠮᠤᠵᠢ ᠦᠪᠡᠷᠳᠡᠬᠡᠨ ᠵᠠᠰᠠᠬᠤ ᠤᠷᠤᠨ ᠤ ᠠᠭᠤᠯᠵᠠᠷ ᠭᠠᠵᠠᠷ ᠤᠨ ᠬᠤᠷᠰᠢᠯᠴᠠᠭ᠎ᠠ ᠶᠢ ᠴᠢᠩᠭᠠᠳᠬᠠᠨ᠎ᠠ᠃ ᠳᠦᠷᠪᠡ ᠳᠤ᠂ ᠤᠯᠠᠨ ᠤᠯᠤᠰ ᠤᠨ ᠪᠦᠰᠡ ᠨᠤᠳᠤᠭ ᠤᠨ ᠬᠤᠷᠰᠢᠯᠴᠠᠭ᠎ᠠ ᠶᠢ ᠢᠳᠡᠪᠬᠢᠳᠠᠢ ᠠᠬᠢᠭᠤᠯᠤᠨ᠎ᠠ᠃  
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号