ᠵᠤᠴᠢᠨ᠄ ᠦᠪᠤᠷ ᠮᠤᠩᠭᠤᠯ ᠤᠨ ᠦᠨᠳᠤᠰᠤᠳᠡᠨ ᠤ ᠳᠡᠭᠡᠳᠤ ᠰᠤᠷᠭᠠᠭᠤᠯᠢ ᠶᠢᠨ ᠬᠠᠤᠯᠢ ᠴᠠᠭᠠᠵᠠ ᠶᠢᠨ ᠰᠠᠯᠪᠤᠷᠢ ᠶᠢᠨ | ᠳᠡᠳ᠋ ᠫᠷᠤᠹᠧᠰᠰᠤᠷ ᠠᠷᠢᠭᠤᠨ᠎ᠠ | ᠬᠦᠳᠦᠯᠦᠭᠴᠢ᠄ ᠬᠤᠪᠢ ᠬᠦᠮᠦᠨ ᠤ ᠮᠡᠳᠡᠭᠡ ᠵᠠᠩᠭᠢ ᠶᠢ ᠬᠠᠮᠠᠭᠠᠯᠠᠬᠤ ᠳᠠᠯ᠎ᠠ ᠪᠠᠷ ᠨᠢᠭᠡᠳᠤᠯᠳᠠᠢ ᠪᠠᠷ ᠬᠠᠤᠯᠢ | ᠳᠤᠭᠳᠠᠭᠠᠬᠤ ᠪᠤᠯᠤᠭᠰᠠᠨ ᠤ ᠴᠢᠬᠤᠯᠠ ᠴᠢᠨᠠᠷ ᠨᠢ ᠶᠠᠭᠤ ᠪᠤᠢ︖ | ᠵᠤᠴᠢᠨ᠄ ᠬᠤᠪᠢ ᠬᠦᠮᠦᠨ ᠤ ᠮᠡᠳᠡᠭᠡ ᠵᠠᠩᠭᠢ ᠶᠢ ᠬᠤᠯᠠᠭᠠᠶᠢᠯᠠᠨ ᠠᠰᠢᠭ ᠬᠤᠨᠵᠢᠬᠤ ᠶᠠᠯᠠᠳᠤ ᠠᠵᠢᠯᠯᠠᠭ᠎ᠠ | ᠤᠯᠠᠰᠢᠷᠠᠭᠰᠠᠨ ᠨᠢ ᠡᠬᠦᠨ ᠤ ᠳᠤᠬᠠᠢ ᠨᠢᠭᠡᠳᠤᠯᠳᠠᠢ ᠪᠠᠷ ᠬᠠᠤᠯᠢ ᠳᠤᠭᠳᠠᠭᠠᠬᠤ ᠶᠢᠨ ᠪᠤᠰᠤᠳᠴᠢ ᠱᠠᠭᠠᠷᠳᠠᠯᠭ᠎ᠠ | ᠪᠤᠯᠵᠠᠢ᠃ | ᠬᠦᠳᠦᠯᠦᠭᠴᠢ᠄ ᠦᠩᠭᠡᠷᠡᠭᠰᠡᠨ ᠳᠤ ᠮᠠᠨ ᠤ ᠤᠯᠤᠰ ᠤᠨ ᠬᠤᠪᠢ ᠬᠦᠮᠦᠨ ᠤ ᠮᠡᠳᠡᠭᠡ ᠵᠠᠩᠭᠢ ᠶᠢ ᠬᠠᠮᠠᠭᠠᠯᠠᠬᠤ | ᠳᠠᠯ᠎ᠠ ᠪᠠᠷ ᠶᠠᠮᠠᠷ ᠬᠠᠤᠯᠢ ᠪᠠᠶᠢᠭᠰᠠᠨ ᠶᠠᠮᠠᠷ ᠠᠰᠠᠭᠤᠳᠠᠯ ᠤᠳ ᠤᠷᠤᠰᠢᠵᠦ ᠪᠤᠢ︖ | ᠵᠤᠴᠢᠨ᠄ ᠮᠠᠨ ᠤ ᠤᠯᠤᠰ ᠲᠤ ᠬᠤᠪᠢ ᠬᠦᠮᠦᠨ ᠤ ᠮᠡᠳᠡᠭᠡ ᠵᠠᠩᠭᠢ ᠶᠢ ᠬᠠᠮᠠᠭᠠᠯᠠᠬᠤ ᠳᠤᠬᠠᠢ 2003 ᠤᠨ ᠠᠴᠠ | ᠠᠩᠬᠠᠷᠤᠯ ᠳᠠᠯᠪᠢᠪᠠ᠃ ᠮᠠᠨ ᠤ ᠤᠯᠤᠰ ᠤᠨ ᠳᠦᠷᠦ ᠶᠢᠨ ᠶᠠᠪᠤᠳᠠᠯ ᠤᠨ ᠬᠤᠷᠢᠶᠠᠨ ᠤ ᠮᠡᠳᠡᠭᠡ ᠵᠠᠩᠭᠢᠴᠢᠯᠠᠭᠰᠠᠨ | ᠠᠯᠪᠡᠨ ᠭᠡᠷ ᠤᠨ ᠠᠴᠠ ᠬᠠᠮᠠᠭᠠᠯᠠᠯᠳᠠ ᠶᠢᠨ ᠠᠷᠭ᠎ᠠ ᠬᠡᠮᠵᠢᠶ᠎ᠡ ᠶᠢ ᠴᠢᠩᠭᠠᠳᠬᠠᠪᠠ᠃ 2009 ᠤᠨ ᠳᠤ ᠮᠠᠨ ᠤ | ᠤᠯᠤᠰ ᠤᠨ ᠡᠷᠡᠬᠦᠦ ᠶᠢᠨ ᠬᠠᠤᠯᠢ ᠶᠢᠨ ᠵᠠᠰᠠᠪᠤᠷᠢ ᠤᠷᠤᠭᠤᠯᠤᠯᠳᠠ ᠶᠢᠨ ᠳᠤᠯᠤᠳᠤᠭᠠᠷ ᠤᠳᠠᠭᠠᠨ ᠤ ᠵᠠᠰᠠᠪᠤᠷᠢ | ᠤᠷᠤᠭᠤᠯᠤᠯᠳᠠ ᠶᠢᠨ ᠮᠦᠨ ᠴᠦ ᠬᠤᠪᠢ ᠬᠦᠮᠦᠨ ᠤ ᠮᠡᠳᠡᠭᠡ ᠵᠠᠩᠭᠢ ᠶᠢ ᠬᠠᠮᠠᠭᠠᠯᠠᠬᠤ ᠤᠶᠢᠯᠠ ᠠᠵᠢᠯᠯᠠᠭ᠎ᠠ ᠶᠢ | ᠳᠤᠷᠠᠳᠤᠭᠰᠠᠨ ᠪᠦᠭᠡᠳ ᠬᠤᠪᠢ ᠬᠦᠮᠦᠨ ᠤ ᠮᠡᠳᠡᠭᠡ ᠵᠠᠩᠭᠢ ᠶᠢ ᠵᠠᠳᠠᠷᠠᠭᠤᠯᠤᠭᠰᠠᠨ ᠶᠠᠯ᠎ᠠ ᠶᠢᠨ ᠳᠤᠬᠠᠢ | ᠳᠤᠭᠳᠠᠭᠠᠭᠰᠠᠨ ᠪᠠᠶᠢᠨ᠎ᠠ᠃ ᠡᠬᠦᠨ ᠠᠴᠠ ᠭᠠᠳᠠᠨ᠎ᠠ ᠮᠠᠨ ᠤ ᠤᠯᠤᠰ ᠤᠨ ᠢᠷᠭᠡᠨ ᠤ ᠬᠠᠤᠯᠢ ᠶᠢᠨ ᠶᠡᠷᠦᠩᠭᠡᠢ | ᠳᠦᠷᠢᠮ᠂ ᠳᠤᠤᠷ ᠰᠦᠯᠵᠢᠶᠡᠨ ᠤ ᠮᠡᠳᠡᠭᠡ ᠵᠠᠩᠭᠢ ᠶᠢᠨ ᠳᠤᠭᠳᠠᠭᠠᠯ᠂ ᠡᠮ ᠡᠮᠨᠡᠯᠭᠡ ᠶᠢᠨ ᠮᠡᠳᠡᠭᠡ ᠵᠠᠩᠭᠢ | ᠳᠤᠭᠳᠠᠭᠠᠯ᠂ ᠬᠡᠷᠡᠭᠯᠡᠭᠰᠡᠳ ᠤᠨ ᠡᠷᠬᠡ ᠠᠰᠢᠭ ᠢ ᠬᠠᠮᠠᠭᠠᠯᠠᠬᠤ ᠬᠠᠤᠯᠢ ᠳᠤ ᠬᠤᠪᠢ ᠬᠦᠮᠦᠨ ᠤ ᠮᠡᠳᠡᠭᠡ ᠵᠠᠩᠭᠢ ᠶᠢ | ᠬᠠᠮᠠᠭᠠᠯᠠᠬᠤ ᠬᠠᠤᠯᠢ ᠳᠦᠷᠢᠮ ᠤᠳ ᠢ ᠳᠤᠨᠨᠳᠠᠭᠠᠵᠦ ᠦᠩᠭᠡᠷᠡᠪᠡ᠃ ᠶᠡᠷᠦᠩᠭᠡᠢ ᠳᠤ ᠨᠢ ᠬᠤᠪᠢ ᠬᠦᠮᠦᠨ ᠤ ᠮᠡᠳᠡᠭᠡ | ᠵᠠᠩᠭᠢ ᠲᠠᠢ ᠬᠤᠯᠪᠤᠭᠳᠠᠬᠤ ᠬᠠᠤᠯᠢ ᠳᠦᠷᠢᠮ᠂ ᠳᠤᠭᠳᠠᠭᠠᠯ ᠨᠡᠶᠢᠳᠡ 200 ᠭᠠᠷᠤᠢ ᠪᠠᠶᠢᠨ᠎ᠠ᠃ ᠤᠷᠤᠰᠢᠵᠦ | ᠪᠠᠶᠢᠭ᠎ᠠ ᠠᠰᠠᠭᠤᠳᠠᠯ ᠤᠨ ᠳᠠᠯ᠎ᠠ ᠪᠠᠷ ᠰᠠᠯᠦᠩᠭᠡᠢ᠂ ᠨᠢᠭᠡᠳᠤᠮᠡᠯ ᠪᠤᠰᠤ᠂ ᠠᠭᠤᠯᠭ᠎ᠠ ᠨᠢ ᠳᠦᠪᠯᠡᠷᠡᠭᠬᠦᠢ ᠪᠤᠰᠤ᠂ | ᠳᠤᠬᠢᠷᠠᠭᠤᠯᠭ᠎ᠠ ᠨᠢ ᠤᠨᠤᠪᠴᠢᠳᠠᠢ ᠪᠢᠰᠢ᠂ ᠳᠤᠷᠭᠠᠭᠤᠯᠢ ᠶᠢᠨ ᠠᠷᠭ᠎ᠠ ᠬᠡᠯᠪᠡᠷᠢ ᠨᠢ ᠳᠤᠳᠤᠷᠬᠠᠢ ᠪᠤᠰᠤ᠂ ᠪᠤᠳᠠᠳᠠᠢ | ᠬᠡᠷᠡᠭᠵᠢᠬᠦᠯᠭᠡ ᠶᠢᠨ ᠳᠠᠯ᠎ᠠ ᠪᠠᠷ ᠳᠤᠳᠠᠮᠠᠭ ᠪᠠᠶᠢᠨ᠎ᠠ᠃ |