ᠰᠢᠭᠤᠶᠢᠳᠤ ᠳᠤᠭᠤᠷᠢᠭ ᠲᠤ ︽12᠂ 4 ︾ ᠤ ᠡᠳᠤᠷ ᠤᠯᠤᠰ ᠤᠨ ᠦᠨᠳᠤᠰᠤᠨ ᠬᠠᠤᠯᠢ ᠶᠢᠨ ᠤᠬᠠᠭᠤᠯᠭ᠎ᠠ ᠶᠢᠨ ᠶᠤᠰᠤᠯᠠᠯ ᠶᠠᠪᠤᠭᠳᠠᠪᠠ
ᠨᠡᠶᠢᠲᠡᠯᠡᠭᠰᠡᠨ ᠴᠠᠭ᠄
2018-12-08
       12 ᠰᠠᠷ᠎ᠠ ᠶᠢᠨ 4 ᠤ ᠡᠳᠤᠷ᠂ ᠰᠢᠭᠤᠶᠢᠳᠤ ᠳᠤᠭᠤᠷᠢᠭ ᠲᠤ ᠠᠩᠬᠠᠳᠤᠭᠠᠷ ᠬᠤᠭᠤᠴᠠᠭᠠᠨ ᠤ ᠦᠨᠳᠤᠰᠤᠨ ᠬᠠᠤᠯᠢ ᠶᠢ ᠤᠬᠠᠭᠤᠯᠬᠤ ᠭᠠᠷᠠᠭ ᠤᠨ ᠰᠡᠳᠤᠪᠳᠤ ᠤᠬᠠᠭᠤᠯᠭ᠎ᠠ ᠶᠢᠨ ᠶᠤᠰᠤᠯᠠᠯ ᠶᠠᠪᠤᠭᠳᠠᠵᠦ᠂ ᠳᠤᠭᠤᠷᠢᠭ ᠤᠨ ᠳᠡᠳ᠋ ᠳᠠᠷᠤᠭ᠎ᠠ ᠸᠠᠩ ᠺᠧ ᠸᠧᠢ ᠤᠬᠠᠭᠤᠯᠭ᠎ᠠ ᠶᠢᠨ ᠠᠵᠢᠯᠯᠠᠭ᠎ᠠ ᠳᠤ ᠤᠷᠤᠯᠴᠠᠭᠰᠠᠨ ᠪᠦᠭᠡᠳ ᠶᠡᠷᠢᠶ᠎ᠠ ᠳᠠᠯᠪᠢᠪᠠ᠃ ᠳᠤᠭᠤᠷᠢᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠳᠡᠰ᠂ ᠳᠤᠭᠤᠷᠢᠭ ᠤᠨ ᠰᠢᠬᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠂ ᠪᠤᠭᠤᠳᠤ ᠬᠤᠳᠠ ᠶᠢᠨ ᠳᠢᠶᠠᠨ ᠽᠧ ᠠᠯᠪᠡᠨ ᠬᠡᠷᠡᠴᠢᠯᠡᠭᠡᠨ ᠤ ᠭᠠᠵᠠᠷ ᠪᠠ ᠦᠪᠤᠷ ᠮᠤᠩᠭᠤᠯ ᠤᠨ ᠮᠢᠨ ᠶᠢᠩ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠵᠡᠷᠭᠡ 20 ᠭᠠᠷᠤᠢ ᠨᠢᠭᠡᠴᠢ ᠶᠢᠨ ᠬᠤᠯᠪᠤᠭᠳᠠᠯ ᠪᠦᠬᠦᠢ ᠬᠠᠷᠢᠭᠤᠴᠠᠯᠭᠠᠳᠠᠨ ᠳᠤᠰ ᠤᠬᠠᠭᠤᠯᠬᠤ ᠠᠵᠢᠯᠯᠠᠭ᠎ᠠ ᠳᠤ ᠤᠷᠤᠯᠴᠠᠪᠠ᠃
   
       ᠸᠠᠩ ᠺᠧ ᠸᠧᠢ ᠠᠴᠠ ᠦᠨᠳᠤᠰᠤᠨ ᠬᠠᠤᠯᠢ ᠶᠢ ᠬᠡᠷᠡᠭᠵᠢᠬᠦᠯᠦᠨ ᠤᠬᠠᠭᠤᠯᠬᠤ ᠶᠠᠪᠤᠳᠠᠯ ᠢ ᠤᠳᠤᠬᠠᠨ ᠪᠠ ᠬᠤᠶᠢᠰᠢᠳᠠ ᠶᠢᠨ ᠴᠢᠬᠤᠯᠠ ᠶᠡᠭᠡ ᠤᠯᠤᠰ ᠳᠦᠷᠦ ᠶᠢᠨ ᠡᠬᠦᠷᠭᠡ ᠪᠤᠯᠭᠠᠵᠦ᠂ ᠤᠶᠤᠨ ᠴᠢᠳᠠᠯ ᠢᠶᠠᠨ ᠳᠦᠪᠯᠡᠷᠡᠬᠦᠯᠦᠨ ᠦᠨᠳᠤᠰᠤᠨ ᠬᠠᠤᠯᠢ ᠶᠢᠨ ᠤᠬᠠᠭᠤᠯᠭ᠎ᠠ ᠶᠢᠨ ᠰᠢᠷᠢᠰ ᠠᠵᠢᠯᠯᠠᠭ᠎ᠠ ᠶᠢ ᠰᠠᠶᠢᠳᠤᠷ ᠬᠢᠵᠦ᠂ ᠰᠢᠭᠤᠶᠢᠳᠤ ᠳᠤᠭᠤᠷᠢᠭ ᠲᠤ ᠦᠨᠳᠤᠰᠤᠨ ᠬᠠᠤᠯᠢ ᠶᠢᠨ ᠵᠤᠷᠢᠭ ᠰᠠᠨᠠᠭ᠎ᠠ ᠶᠢ ᠪᠠᠳᠠᠷᠠᠭᠤᠯᠬᠤ ᠳᠤᠭ ᠢ ᠨᠠᠮᠢᠷᠠᠭᠤᠯᠤᠨ᠎ᠠ ᠬᠡᠵᠦ ᠴᠢᠬᠤᠯᠠᠴᠢᠯᠠᠪᠠ᠃
 
 
ᠢᠷᠡᠯᠲᠡ᠄ ᠰᠢᠭᠤᠢ᠌ᠢᠳᠤ ᠳᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号