ᠨᠤᠶᠠᠨᠴᠢ ᠦᠵᠡᠯ᠂ ᠬᠡᠯᠪᠡᠷᠢ ᠶᠢ ᠪᠠᠷᠢᠮᠳᠠᠯᠠᠬᠤ ᠦᠵᠡᠯ ᠢ ᠡᠰᠡᠷᠭᠦᠴᠡᠬᠦ ᠶᠢ ᠦᠪᠡᠷ ᠤᠨ ᠪᠡᠶ᠎ᠡ ᠠᠴᠠ ᠪᠠᠨ ᠡᠬᠢᠯᠡᠵᠦ‌‍ᠬᠢᠬᠦ
ᠨᠡᠶᠢᠲᠡᠯᠡᠭᠰᠡᠨ ᠴᠠᠭ᠄
2018-04-23
     ᠤᠶᠢᠷ᠎ᠠ ᠶᠢᠨ ᠡᠳᠦᠷ᠂ ᠰᠢ ᠶᠢᠨ ᠫᠢᠩ ᠶᠡᠷᠥᠩᠬᠡᠢ ᠱᠦᠵᠢ ᠶᠢᠨ ︽ᠳᠦᠷᠪᠡᠨ ᠰᠤᠷᠳᠠᠯ︾᠎ ᠢ ᠤᠯᠠᠮ ᠨᠢᠭᠡ ᠠᠯᠬᠤᠮ ᠵᠠᠯᠠᠷᠠᠭᠤᠯᠬᠤ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠤᠷᠳᠠᠯ ᠤᠨ ᠪᠦᠳᠦᠭᠡᠨ ᠪᠠᠶᠢᠭᠤᠯᠤᠯᠲᠠ ᠶᠢᠨ ᠴᠢᠬᠤᠯᠠ ᠴᠣᠬᠤᠯᠪᠦᠷᠢ ᠶᠢᠨ ᠵᠣᠷᠢᠭ ᠰᠠᠨᠠᠭ᠎ᠠ ᠪᠠ ᠲᠥᠪ ᠤᠨ ᠨᠠᠢᠮᠠᠨ ᠳᠦᠷᠢᠮ ᠲᠣᠭᠲᠠᠭᠠᠯ ᠢ ᠬᠡᠷᠡᠭᠵᠢᠬᠦᠯᠬᠦ ᠨᠠᠷᠢᠪᠴᠢᠯᠠᠭᠰᠠᠨ ᠳᠦᠷᠢᠮ ᠢ ᠴᠢᠩᠭᠠᠳᠬᠠᠬᠤ ᠶᠢᠨ ᠲᠦᠯᠦᠭᠡ᠂ ᠲᠣᠭᠤᠷᠢᠭ ᠤᠨ ᠰᠠᠬᠢᠯᠭ᠎ᠠ ᠪᠠᠲᠤ  ᠪᠠᠶᠢᠴᠠᠭᠠᠬᠤ ᠬᠤᠷᠢᠶ᠎ᠠ ᠶᠢᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠤ ᠪᠠᠷ᠂ ᠳ᠋ᠠ ᠹᠠ ᠵᠡᠭᠡᠯᠢ ᠭᠤᠳᠤᠮᠵᠢ ᠨᠢ ᠠᠵᠢᠯ ᠤᠨ ᠬᠤᠷᠠᠯᠳᠤᠭᠠᠨ ᠢ ᠠᠰᠢᠭᠯᠠᠨ ᠪᠦᠬᠦ ᠺᠠᠲᠠᠷ ᠠᠵᠢᠯᠲᠠᠳ ᠢ ᠵᠣᠬᠢᠶᠠᠨ  ᠪᠠᠶᠢᠭᠤᠯᠤᠨ ︽ᠰᠢᠭᠤᠶᠢᠲᠤ ᠲᠣᠭᠤᠷᠢᠭ ᠤᠨ 2018 ᠣᠨ ᠤ ᠬᠡᠯᠪᠡᠷᠢ ᠶᠢ ᠪᠠᠷᠢᠮᠲᠠᠯᠠᠬᠤ ᠦᠵᠡᠯ᠂ ᠨᠣᠶᠠᠨᠴᠢ ᠦᠵᠡᠯ ᠤᠨ ︿ᠠᠷᠪᠠᠨ ᠵᠦᠢᠯ ᠤᠨ ᠢᠯᠡᠷᠡᠯ﹀᠎ ᠢ ᠲᠥᠪᠯᠡᠷᠡᠭᠦᠯᠵᠦ ᠵᠠᠯᠬᠠᠭᠠᠨ ᠵᠠᠰᠠᠬᠤ ᠶᠢᠨ ᠬᠡᠷᠡᠭᠵᠢᠬᠦᠯᠬᠦ ᠲᠥᠰᠦᠯ︾᠎ ᠢ ᠰᠤᠷᠤᠯᠴᠠᠭᠰᠠᠨ‌‍ᠪᠠᠶᠢᠨ᠎ᠠ᠃      ᠬᠤᠷᠠᠯ ᠳᠡᠭᠡᠷ᠎ᠡ᠂ ᠵᠡᠬᠡᠯᠢ ᠭᠤᠳᠤᠮᠵᠢ ᠶᠢᠨ ᠨᠠᠮ ᠤᠨ ᠠᠵᠢᠯ ᠡᠪᠯᠡᠯ ᠤᠨ ᠱᠦᠵᠢ ᠶᠠᠩ ᠭᠤᠸᠠᠩ ᠯᠢᠨ ᠪᠦᠬᠦ ᠺᠠᠳᠠᠷ ᠠᠵᠢᠯᠲᠠᠨ ᠢ ᠳᠠᠭᠠᠭᠤᠯᠤᠨ ︽ᠰᠢᠭᠤᠶᠢᠲᠤ ᠲᠣᠭᠤᠷᠢᠭ ᠤᠨ 2018 ᠣᠨ ᠤ ᠬᠡᠯᠪᠡᠷᠢ ᠶᠢ ᠪᠠᠷᠢᠮᠲᠠᠯᠠᠬᠤ ᠦᠵᠡᠯ᠂ ᠨᠣᠶᠠᠨᠴᠢ ᠦᠵᠡᠯ ᠤᠨ ︿ᠠᠷᠪᠠᠨ ᠵᠦᠢᠯ ᠤᠨ ᠢᠯᠡᠷᠡᠯ﹀᠎ ᠢ ᠲᠥᠪᠯᠡᠷᠡᠭᠦᠯᠵᠦ ᠵᠠᠯᠬᠠᠭᠠᠨ ᠵᠠᠰᠠᠬᠤ ᠶᠢᠨ ᠬᠡᠷᠡᠭᠵᠢᠬᠦᠯᠬᠦ ᠲᠥᠰᠦᠯ︾᠎ ᠢ ᠨᠠᠷᠢᠨ ᠬᠢᠨᠠᠮᠠᠭᠠᠢ ᠰᠤᠷᠤᠯᠴᠠᠭᠰᠠᠨ ᠪᠠᠶᠢᠨ᠎ᠠ᠃ ᠡᠭᠦᠨ ᠤ ᠬᠠᠮᠲᠤ ᠲᠤᠰ ᠪᠠᠶᠢᠭᠤᠯᠭ᠎ᠠ ᠶᠢᠨ ᠬᠡᠯᠪᠡᠷᠢ ᠶᠢ ᠪᠠᠷᠢᠮᠲᠠᠯᠠᠬᠤ ᠦᠵᠡᠯ᠂ ᠨᠣᠶᠠᠨᠴᠢ ᠦᠵᠡᠯ ᠢ ᠲᠥ᠋ᠪᠯᠡᠷᠡᠭᠦᠯᠵᠦ ᠵᠠᠯᠬᠠᠭᠠᠨ ᠵᠠᠰᠠᠬᠤ ᠶᠢᠨ ︿ᠠᠷᠪᠠᠨ ᠵᠦᠢᠯ ᠤᠨ ᠢᠯᠡᠷᠡᠯ﹀᠎ ᠤᠨ ᠠᠵᠢᠯ ᠳᠤ ᠲᠣᠬᠢᠷᠠᠭᠤᠯᠤᠯᠲᠠ ᠪᠠᠶᠢᠷᠢᠰᠢᠭᠤᠯᠤᠯᠲᠠ ᠬᠢᠭᠰᠡᠨ ᠪᠠᠶᠢᠨ᠎ᠠ᠃ ᠪᠦᠬᠦ ᠺᠠᠲᠠᠷ ᠠᠵᠢᠯᠲᠠᠨ ᠢ ᠲᠥᠰᠦᠯ ᠤᠨ ᠲᠤᠷᠠᠳᠤᠨ ᠭᠠᠷᠭᠠᠭᠰᠠᠨ ︽ᠲᠠᠪᠤᠨ ᠬᠦᠷᠢᠶ᠎ᠡ ᠬᠡᠪᠴᠢᠶ᠎ᠡ︾᠂ ︽ᠳᠦᠷᠪᠡᠨ ᠠᠵᠢᠯᠯᠠᠭ᠎ᠠ︾᠎ ᠶᠢ ᠨᠠᠷᠢᠨ ᠬᠢᠨᠠᠮᠠᠭᠠᠢ ᠳᠡᠭᠡᠷ᠎ᠡ ᠠᠴᠠ ᠳᠣᠷᠤᠭᠰᠢ᠂ ᠳᠣᠲᠤᠨ᠎ᠠ ᠭᠠᠳᠠᠨ᠎ᠠ ᠪᠦᠬᠦ ᠲᠠᠯ᠎ᠠ ᠪᠠᠷ ᠦᠪᠡᠷ ᠢ ᠪᠠᠨ ᠪᠠᠶᠢᠴᠠᠭᠠᠬᠤ ᠶᠢ ᠶᠠᠪᠤᠭᠳᠠᠭᠤᠯᠵᠤ᠂ ᠢᠯᠡᠷᠡᠭᠦᠯᠦᠭᠰᠡᠨ ᠠᠰᠠᠭᠤᠳᠠᠯ ᠳᠤ ᠨᠢᠭᠤᠵᠦ ᠬᠠᠯᠬᠠᠯᠠᠬᠤ ᠦᠭᠡᠢ᠂ ᠵᠶᠢᠯᠠᠰᠬᠢᠬᠦ ᠦᠭᠡᠢ᠂ ᠨᠠᠷᠢᠨ ᠬᠢᠨᠠᠮᠠᠭᠠᠢ ᠴᠡᠭᠴᠡᠯᠡᠨ ᠰᠠᠢᠵᠢᠷᠠᠭᠤᠯᠵᠤ᠂ ᠬᠡᠯᠪᠡᠷᠢ ᠶᠢ ᠪᠠᠷᠢᠮᠲᠠᠯᠠᠬᠤ ᠦᠵᠡᠯ᠂ ᠨᠣᠶᠠᠨᠴᠢ ᠦᠵᠡᠯ ᠤᠨ ︿ᠠᠷᠪᠠᠨ ᠵᠦᠢᠯ ᠤᠨ ᠢᠯᠡᠷᠡᠯ﹀᠎ ᠢ ᠪᠦᠳᠦᠮᠵᠢᠲᠠᠢ ᠰᠢᠢᠳᠪᠦᠷᠢᠯᠡᠬᠦ ᠶᠢ ᠪᠠᠲᠤᠯᠠᠨ᠎ᠠ᠃
 
ᠢᠷᠡᠯᠲᠡ᠄ ᠰᠢᠭᠤᠶᠢᠲᠤ ᠲᠤᠭᠤᠷᠢᠭ ᠤᠨ ᠳ᠋ᠠ ᠹᠠ ᠵᠡᠭᠡᠯᠢ ᠭᠤᠳᠤᠮᠵᠢ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号