ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠬᠤᠷᠢᠶᠠᠨ ᠤ ᠭᠡᠰᠢᠭᠦᠨ᠂ ᠵᠤᠬᠢᠶᠠᠨ ᠪᠠᠶᠢᠭᠤᠯᠬᠤ ᠬᠡᠯᠲᠡᠰ ᠤᠨ ᠬᠡᠯᠲᠡᠰ ᠤᠨ ᠳᠠᠷᠤᠭ᠎ᠠ ᠽᠧᠩ ᠢ ᠴᠦᠨ ᠨᠢᠭᠡ ᠪᠦᠯᠦᠭ ᠳ᠋ᠠ ᠹᠠ ᠵᠡᠭᠡᠯᠢ ᠭᠤᠳᠤᠮᠵᠢ ᠶᠢᠨ ᠰᠢᠭᠤᠶᠢᠲᠤ ᠨᠡᠶᠢᠭᠡᠮ ᠲᠤᠭᠤᠷᠢᠭ ᠲᠤ ᠬᠦᠷᠴᠦ ᠪᠠᠶᠢᠴᠠᠭᠠᠨ ᠰᠤᠳᠤᠯᠵᠤ ᠠᠵᠢᠯ ᠢ ᠵᠢᠯᠤᠭᠤᠳᠤᠭᠰᠠᠨ
ᠨᠡᠶᠢᠲᠡᠯᠡᠭᠰᠡᠨ ᠴᠠᠭ᠄
2018-04-23
       3 ᠰᠠᠷ᠎ᠠ ᠶᠢᠨ 22᠎ ᠤ ᠡᠳᠦᠷ᠂ ᠦᠪᠡᠷᠲᠡᠭᠡᠨ ᠵᠠᠰᠠᠬᠤ ᠣᠷᠤᠨ ᠤ ᠨᠠᠮ ᠤᠨ ᠬᠤᠷᠢᠶ᠎ᠠ ᠶᠢᠨ  ᠪᠠᠶᠢᠩᠭᠤ ᠶᠢᠨ ᠬᠤᠷᠢᠶᠠᠨ ᠤ ᠭᠡᠰᠢᠬᠦᠨ᠂ ᠵᠤᠬᠢᠶᠠᠨ ᠬᠡᠯᠲᠡᠰ ᠤᠨ ᠬᠡᠯᠲᠡᠰ ᠤᠨ ᠳᠠᠷᠤᠭ᠎ᠠ ᠽᠧᠩ ᠢ ᠴᠦᠨ ᠨᠢᠭᠡ ᠪᠥᠯᠦᠭ ᠳ᠋ᠠ ᠹᠠ ᠵᠡᠭᠡᠯᠢ ᠭᠤᠳᠤᠮᠵᠢ ᠶᠢᠨ ᠰᠢᠭᠤᠶᠢᠲᠤ ᠨᠡᠶᠢᠭᠡᠮ ᠲᠣᠭᠤᠷᠢᠭ ᠲᠤ ᠬᠦᠷᠴᠦ ᠪᠠᠶᠢᠴᠠᠭᠠᠨ‌‍ᠰᠤᠳᠤᠯᠵᠤ ᠠᠵᠢᠯ ᠢ ᠵᠢᠯᠤᠭᠤᠳᠴᠠᠢ᠂ ᠲᠣᠭᠤᠷᠢᠭ ᠤᠨ ᠡᠪᠯᠡᠯ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠯᠢ ᠰᠢᠨ ᠴᠦᠨ᠂ ᠲᠣᠭᠤᠷᠢᠭ ᠤᠨ ᠪᠠᠶᠢᠩᠭᠤ ᠶᠢᠨ ᠬᠤᠷᠢᠶᠠᠨ ᠤ ᠭᠡᠰᠢᠬᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠠᠩ ᠬᠠᠢ ᠪᠠᠷ᠎ᠠ ᠪᠣᠯᠤᠨ ᠰᠤᠳᠤᠯᠭᠠᠨ ᠬᠢᠭᠰᠡᠨ ᠪᠠᠶᠢᠨ᠎ᠠ᠃       ᠽᠧᠩ ᠬᠡᠯᠲᠡᠰ ᠤᠨ ᠳᠠᠷᠤᠭ᠎ᠠ ᠨᠡᠶᠢᠭᠡᠮ ᠲᠣᠭᠤᠷᠢᠭ ᠤᠨ ᠠᠷᠠᠳ ᠤᠨ ᠦᠢᠯᠡᠴᠢᠯᠡᠭᠡ ᠨᠢ ᠮᠡᠷᠭᠡᠵᠢᠴᠢᠯᠡᠭᠰᠡᠨ ᠵᠡᠷᠭᠡ ᠡᠯ᠎ᠡ ᠲᠥᠷᠦᠯ ᠤᠨ ᠠᠵᠢᠯ ᠤᠨ ᠲᠤᠤᠱᠯᠠᠭᠳᠠᠨ ᠶᠠᠪᠤᠭᠳᠠᠭᠰᠠᠨ ᠪᠠᠶᠢᠳᠠᠯ ᠢ ᠰᠣᠨᠣᠰᠤᠭᠰᠠᠨ ᠪᠠᠶᠢᠨ᠎ᠠ᠂  ᠤᠨᠴᠠᠭᠠᠶᠢᠯᠠᠨ ︽ᠰᠢᠭᠤᠶᠢᠲᠤ ᠲᠣᠭᠤᠷᠢᠭ ᠤᠨ ᠬᠤᠲᠠ ᠶᠢᠨ ᠠᠩᠬᠠᠨ ᠤ ᠱᠠᠲᠤᠨ ᠤ ᠨᠠᠮ ᠤᠨ ᠪᠠᠶᠢᠭᠤᠯᠤᠯᠲᠠ ᠶᠢᠨ ᠲᠤᠰᠬᠠᠢ ᠰᠡᠳᠦᠪᠲᠦ ᠹᠢᠯᠢᠮ – – ᠳᠠᠷᠪᠠᠭᠤᠯ ᠬᠡᠶᠢᠰᠭᠡᠨ‌ᠣᠩᠭᠤᠴᠠ ᠬᠦᠳᠡᠯᠬᠦ ᠨᠠᠮ ᠤᠨ ᠲᠤᠭ ᠤᠯᠠᠭᠠᠨ︾ ᠭᠡᠳᠡᠭ ᠢ ᠦᠵᠡᠭᠰᠡᠨ ᠤ ᠰᠡᠭᠦᠯᠡᠷ᠂ ︽ᠲᠠ ᠨᠠᠷ ᠤᠨ ᠠᠵᠤ ᠠᠮᠢᠳᠤᠷᠠᠯ ᠶᠠᠪᠤᠬᠤ ᠲᠣᠲᠤᠮ ᠰᠠᠢᠨ ᠰᠠᠢᠬᠠᠨ ᠵᠣᠯ ᠵᠢᠷᠭᠠᠯᠲᠠᠢ ᠪᠣᠯᠳᠤᠭᠠᠢ︾ ᠭᠡᠰᠡᠨ ᠭᠤᠴᠤ ᠰᠠᠢᠬᠠᠨ ᠢᠷᠦᠭᠡᠯ ᠳᠡᠪᠰᠢᠭᠦᠯᠦᠭᠰᠡᠨ ᠪᠠᠶᠢᠨ᠎ᠠ᠂᠃ ᠪᠦᠬᠦ ᠲᠠᠯᠠᠪᠤᠷ ᠤᠨ ᠬᠦᠮᠦᠰ ᠨᠢᠵᠢᠭᠡᠨᠡᠲᠡᠯ᠎ᠡ ᠠᠯᠠᠭ᠎ᠠ ᠲᠠᠰᠢᠪᠠ᠃ ᠽᠧᠩ ᠬᠡᠯᠲᠡᠰ ᠤᠨ ᠳᠠᠷᠤᠭ᠎ᠠ ᠰᠢᠭᠤᠶᠢᠲᠤ ᠨᠡᠶᠢᠭᠡᠮ ᠲᠣᠭᠤᠷᠢᠭ ᠲᠤ ᠥᠷᠭᠡᠨ ᠣᠯᠠᠨ ᠺᠠᠲᠠᠷ ᠠᠷᠠᠳ ᠣᠯᠠᠨ ᠳᠤ ᠰᠢ ᠶᠢᠨ ᠫᠢᠩ ᠶᠡᠷᠥᠩᠬᠡᠢ ᠱᠦᠵᠢ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠦᠭᠡᠯᠡᠭᠴᠢᠳ ᠶᠡᠭᠡ ᠬᠤᠷᠠᠯ ᠤᠨ ᠨᠢᠭᠡᠳᠦᠭᠡᠷ ᠬᠤᠷᠠᠯᠳᠤᠭᠠᠨ ᠥᠪᠦᠷ ᠮᠣᠩᠭᠤᠯ ᠤᠨ ᠲᠥᠯᠦᠭᠡᠯᠡᠭᠴᠢᠳ ᠤᠨ ᠪᠦᠯᠬᠦᠮ ᠬᠢᠨᠠᠨ ᠵᠥᠪᠯᠡᠬᠦ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠳᠠᠮᠵᠢᠭᠤᠯᠤᠭᠰᠠᠨ  ᠪᠠᠶᠢᠨ᠎ᠠ᠃ ᠭᠠᠵᠠᠷ ᠣᠷᠤᠨ ᠤ ᠦᠨᠡᠨ ᠪᠣᠲᠠᠲᠤ  ᠪᠠᠶᠢᠳᠠᠯ ᠲᠠᠢ ᠤᠶᠠᠯᠳᠤᠭᠤᠯᠤᠨ ᠨᠠᠷᠠᠯᠢᠭ ᠪᠣᠲᠠᠲᠠᠢ ᠨᠠᠶᠢᠳᠠᠪᠤᠷᠢᠵᠢᠭᠤᠯᠵᠤ᠂ ᠨᠡᠶᠢᠯᠡᠭᠦᠯᠵᠦ ᠨᠡᠪᠲᠡᠷᠡᠭᠦᠯᠦᠨ ᠤᠶᠢᠯᠭᠠᠵᠤ᠂ ᠰᠡᠳᠬᠢᠯ ᠲᠠᠯᠪᠢᠨ ᠠᠩᠬᠠᠷᠤᠯ ᠢᠶᠠᠨ ᠲᠥᠪᠯᠡᠷᠡᠭᠦᠯᠵᠦ ᠬᠡᠷᠡᠭᠵᠢᠬᠦᠯᠦᠨ ᠨᠠᠶᠢᠳᠠᠪᠤᠷᠢᠵᠢᠭᠤᠯᠤᠨ᠎ᠠ᠃ ᠶᠠᠷᠢᠶᠠᠨ ᠤ ᠵᠣᠷᠢᠭ ᠰᠠᠨᠠᠭ᠎ᠠ ᠶᠢ ᠬᠥᠷᠦᠰᠥᠨ ᠳᠤ ᠤᠨᠠᠪᠠᠯ ᠦᠨᠳᠦᠰᠦᠯᠡᠵᠦ᠂ ᠴᠡᠴᠡᠭᠯᠡᠵᠦ ᠵᠢᠮᠢᠰᠯᠡᠬᠦ ᠶᠢ ᠲᠦᠯᠬᠢᠨ ᠠᠬᠢᠭᠤᠯᠤᠨ᠎ᠠ᠃ ᠰᠢᠭᠤᠶᠢᠲᠤ ᠲᠣᠭᠤᠷᠢᠭ ᠠᠵᠤ ᠠᠬᠤᠢ ᠶᠢᠨ ᠨᠡᠶᠢᠭᠡᠮ ᠤᠨ ᠬᠥᠭᠵᠢᠯᠲᠡ ᠶᠢᠨ ᠰᠢᠨ᠎ᠡ ᠳᠦᠷᠢ ᠳᠦᠷᠬᠦ ᠶᠢ ᠳᠠᠰᠤᠷᠠᠯᠲᠠ ᠦᠭᠡᠢ ᠡᠭᠦᠳᠦᠨ ᠨᠡᠬᠡᠭᠡᠨ᠎ᠡ᠃ ᠡᠭᠦᠨ ᠤ ᠬᠠᠮᠲᠤ ᠽᠧᠩ ᠬᠡᠯᠲᠡᠰ ᠤᠨ ᠳᠠᠷᠤᠭ᠎ᠠ ᠰᠢᠭᠤᠶᠢᠲᠤ ᠨᠡᠶᠢᠭᠡᠮ ᠲᠤᠭᠤᠷᠢᠭ ᠤᠨ ᠡᠯ᠎ᠡ ᠲᠥᠷᠦᠯ ᠤᠨ ᠠᠵᠢᠯ ᠳᠤ ᠥᠨᠳᠦᠷ ᠦᠨᠡᠯᠡᠯᠲᠡ ᠥᠭᠭᠦᠭᠰᠡᠨ ᠪᠠᠶᠢᠨ᠎ᠠ  ᠃ ᠡᠭᠦᠨ ᠳᠤ ᠰᠢᠭᠤᠶᠢᠲᠤ ᠨᠡᠶᠢᠭᠡᠮ ᠲᠤᠭᠤᠷᠢᠭ ᠤᠨ ᠬᠡᠪᠴᠢᠶ᠎ᠡ ᠬᠡᠳᠦ᠋ᠪᠡᠷ ᠶᠡᠭᠡ ᠪᠢᠰᠢ ᠴᠤ ᠨᠠᠮ ᠤᠨ ᠪᠠᠶᠢᠭᠤᠯᠤᠯᠲᠠ ᠶᠢᠨ ᠠᠵᠢᠯ ᠨᠢ  ᠲᠦᠢᠯ ᠤᠨ ᠣᠨᠴᠠᠯᠢᠭ ᠲᠠᠢ᠃ ᠲᠣᠬᠠᠢ ᠶᠢᠨ ᠭᠠᠵᠠᠷ ᠲᠤ ᠪᠠᠨ ᠲᠣᠬᠢᠷᠠᠭᠤᠯᠵᠤ᠂ ᠪᠣᠲᠠᠲᠠᠢ ᠲᠠᠢ ᠤᠶᠠᠯᠳᠤᠭᠤᠯᠵᠤ᠂ ᠡᠯᠪᠡᠭ ᠪᠠᠶᠠᠯᠢᠭ ᠦᠩᠭᠡ ᠪᠤᠳᠤᠭ ᠲᠠᠢ᠂ ᠠᠮᠢᠳᠤᠯᠢᠭ ᠣᠯᠠᠨ ᠶᠠᠩᠵᠤ ᠶᠢᠨ᠂ ᠪᠠᠶᠠᠯᠢᠭ ᠦᠷ᠎ᠡ ᠪᠦᠳᠦᠮᠵᠢ ᠲᠠᠢ ᠪᠠᠷ ᠨᠠᠮ ᠤᠨ ᠪᠠᠶᠢᠭᠤᠯᠤᠯᠲᠠ ᠶᠢᠨ ᠠᠵᠢᠯ ᠢᠶᠠᠨ ᠬᠢᠭᠰᠡᠭᠭᠡᠷ ᠭᠡᠵᠦ ᠤᠨᠴᠠᠭᠠᠶᠢᠯᠠᠨ ᠳᠤᠷᠠᠳᠪᠠ᠃ ᠽᠧᠩ ᠬᠡᠯᠲᠡᠰ ᠤᠨ ᠳᠠᠷᠤᠭ᠎ᠠ ᠬᠠᠮᠤᠭ ᠰᠡᠭᠦᠯ ᠳᠤ ᠴᠢᠩᠭᠠᠳᠬᠠᠭᠰᠠᠨ ᠨᠢ᠂ ︽ᠭᠤᠷᠪᠠᠨ ᠬᠤᠷᠠᠯ ᠨᠢᠭᠡ ᠬᠢᠴᠢᠶᠡᠯ︾ ᠵᠡᠷᠭᠡ ᠵᠤᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠳᠦᠷᠢᠮ ᠲᠣᠭᠲᠠᠭᠠᠯ ᠢ ᠬᠡᠷᠡᠭᠵᠢᠬᠦᠯᠦᠨ᠎ᠡ᠃ ᠨᠠᠷᠠᠯᠢᠭ ᠰᠠᠶᠢᠬᠠᠨ ᠬᠡᠷᠡᠭᠵᠢᠭᠦᠯᠵᠦ ᠂ ᠦᠨᠡᠨ ᠢ ᠪᠠᠷᠢᠨ ᠪᠣᠲᠠᠲᠠᠢ ᠶᠢ ᠬᠢᠵᠦ᠂ ᠶᠣᠰᠤ ᠶᠢᠨ ᠳᠡᠳᠦᠢ ᠦᠩᠭᠡᠷᠡᠭᠦᠯᠬᠦ᠂ ᠬᠡᠯᠪᠡᠷᠢ ᠶᠢᠨ ᠲᠡᠳᠦᠢ ᠭᠦᠢᠴᠡᠳᠬᠡᠬᠦ ᠠᠴᠠ ᠵᠠᠶᠢᠯᠠᠰᠬᠢᠬᠦ ᠬᠡᠷᠡᠭᠲᠡᠢ᠃ ᠨᠠᠮ ᠤᠨ ᠪᠠᠶᠢᠭᠤᠯᠤᠯᠲᠠ ᠶᠢᠨ ᠠᠵᠢᠯ ᠪᠣᠯ ᠰᠡᠳᠬᠢᠯ ᠲᠠᠯᠪᠢᠨ ᠰᠠᠭᠤᠭᠠᠯᠢ ᠠᠷᠠᠳ ᠲᠤ ᠦᠢᠯᠡᠴᠢᠯᠡᠵᠤ᠂ ᠯᠠᠪ ᠯᠠᠪᠳᠠᠭᠤᠨ‌ᠠᠯᠬᠤᠮ ᠠᠯᠬᠤᠮ ᠢᠶᠠᠷ᠂ ᠳᠤᠰᠠᠲᠠᠢ ᠬᠦᠴᠦᠨ ᠲᠠᠢ ᠮᠥᠷᠲᠡᠭᠡᠨ ᠤᠷᠲᠤ ᠬᠤᠭᠤᠴᠠᠭ᠎ᠠ ᠬᠦᠴᠦᠨ ᠲᠠᠢ ᠪᠠᠶᠢᠬᠤ ᠶᠢ ᠬᠢᠵᠦ ᠳᠡᠶᠢᠯᠬᠦ ᠬᠡᠷᠡᠭᠲᠡᠢ᠂ ᠠᠷᠠᠳ ᠤᠯᠠᠨ ᠤ ᠦᠢᠯᠡᠳᠪᠦᠷᠢᠯᠡᠯ ᠠᠮᠢᠳᠤᠷᠠᠯ ᠲᠠᠢ ᠤᠷᠭᠠᠨᠢᠭ ᠢᠶᠠᠷ ᠤᠶᠠᠯᠳᠤᠭᠤᠯᠵᠤ᠂ ᠨᠠᠮ ᠤᠨ ᠠᠵᠢᠯ ᠪᠠ ᠡᠯ᠎ᠡ ᠲᠥᠷᠦᠯ ᠤᠨ ᠠᠵᠢᠯ ᠢ ᠬᠠᠷᠢᠯᠴᠠᠨ ᠠᠭᠤᠰᠠᠯᠴᠠᠭᠤᠯᠵᠤ᠂ ᠦᠷ᠎ᠡ ᠪᠦᠳᠦᠮᠵᠢ ᠶᠠᠮᠠᠷ ᠰᠢᠥᠬᠠᠨ ᠭᠡᠰᠡᠨ ᠢ ᠣᠯᠠᠨ ᠳᠦᠮᠡᠨ ᠢᠶᠠᠷ ᠦᠨᠡᠯᠡᠭᠦᠯᠦᠨ᠎ᠡ᠃        ᠳᠠᠷᠠᠭ᠎ᠠ ᠠᠯᠬᠤᠮ ᠳᠤ᠂ ᠮᠠᠨ ᠤ ᠵᠡᠭᠡᠯᠢ ᠭᠤᠳᠤᠮᠵᠢ ᠽᠧᠩ ᠬᠡᠯᠲᠡᠰ ᠤᠨ ᠳᠠᠷᠤᠭ᠎ᠠ ᠶᠢᠨ ᠪᠠᠢᠴᠠᠭᠠᠨ ᠰᠤᠳᠤᠯᠬᠤ ᠶᠠᠷᠢᠶᠠᠨ ᠤ ᠵᠣᠷᠢᠭ ᠰᠠᠨᠠᠭ᠎ᠠ ᠪᠠᠷ᠂ ︽ᠬᠤᠶᠠᠷ ᠢ ᠰᠤᠷᠴᠤ ᠨᠢᠭᠡ ᠶᠢ ᠬᠢᠬᠦ︾᠎ ᠶᠢ ᠤᠶᠠᠯᠳᠤᠭᠤᠯᠤᠨ ᠭᠦᠨᠵᠡᠭᠡᠢ ᠲᠦᠯᠬᠢᠨ ᠠᠬᠢᠭᠤᠯᠵᠤ ᠰᠤᠷᠤᠯᠴᠠᠯᠭ᠎ᠠ ᠰᠤᠷᠭᠠᠨ ᠬᠦᠮᠦᠵᠢᠯ ᠢ ᠬᠡᠪᠰᠢᠭᠦᠯᠦᠨ ᠳᠦᠷᠢᠮᠵᠢᠭᠦᠯᠦᠨ᠎ᠡ᠂ ᠰᠢ ᠶᠢᠨ ᠫᠢᠩ ᠶᠡᠷᠥᠩᠬᠡᠢ ᠱᠦᠵᠢ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠦᠭᠡᠯᠡᠭᠴᠢᠳ ᠤᠨ ᠶᠡᠭᠡ ᠬᠤᠷᠠᠯ ᠤᠨ ᠨᠢᠭᠡᠳᠦᠭᠡᠷ ᠬᠤᠷᠠᠯᠳᠤᠭᠠᠨ ᠳᠤ ᠣᠷᠤᠯᠴᠠᠵᠤ ᠥᠪᠦᠷ ᠮᠣᠩᠭᠤᠯ ᠤᠨ ᠲᠥᠯᠦᠭᠡᠯᠡᠭᠴᠢᠳ ᠤᠨ ᠪᠥᠯᠬᠦᠮ ᠬᠢᠨᠠᠨ ᠵᠥᠪᠯᠡᠬᠦ ᠦᠶ᠎ᠡ ᠶᠢᠨ ᠴᠢᠬᠤᠯᠠ ᠶᠠᠷᠢᠶᠠᠨ ᠵᠣᠷᠢᠭ ᠰᠠᠨᠠᠭ᠎ᠠ ᠶᠢᠨ ᠦᠷᠭᠡᠨ ᠳᠡᠯᠭᠡᠷᠡᠬᠦ ᠶᠢ ᠬᠤᠷᠳᠤᠨ ᠦᠷᠨᠢᠭᠦᠯᠵᠤ᠂ ︽ᠤᠭ ᠰᠠᠨᠠᠭ᠎ᠠ ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠬᠡᠭᠦ ᠰᠡᠳᠦᠪᠳᠦ ᠰᠤᠷᠭᠠᠨ ᠬᠦᠮᠦᠵᠢᠯ ᠢ ᠲᠦᠯᠬᠢᠨ ᠠᠬᠢᠭᠤᠯᠬᠤ ᠪᠠᠷ᠂ ᠨᠡᠢᠭᠡᠮ ᠲᠤᠭᠤᠷᠢᠭ ᠤᠨ ︽ᠬᠤᠶᠠᠷ ᠬᠤᠷᠢᠶᠠᠨ︾᠎ ᠤ ᠰᠣᠩᠭᠤᠭᠤᠯᠢ ᠶᠢᠨ ᠬᠤᠭᠤᠴᠠᠭ᠎ᠠ ᠰᠣᠯᠢᠵᠤ᠂ ︽ᠲᠠᠪᠤᠨ ᠲᠥᠷᠦᠯ ᠤᠨ ᠢᠨᠵᠧᠨᠧᠷᠢᠭ︾᠎ ᠢ ᠶᠠᠪᠤᠭᠳᠠᠭᠤᠯᠵᠤ᠂ ᠨᠠᠮ ᠤᠨ ᠪᠠᠢᠭᠤᠯᠤᠯᠲᠠ ᠶᠢᠨ ᠤᠷᠲᠤ ᠬᠤᠩᠬᠢᠯ ᠢ ᠪᠠᠢᠭᠤᠯᠵᠤ᠂ ᠨᠠᠮ ᠤᠨ ᠡᠭᠦᠷ ᠤᠨ ︽ᠭᠤᠷᠪᠠᠨ ᠬᠤᠷᠠᠯ ᠨᠢᠭᠡ ᠬᠢᠴᠢᠶᠡᠯ︾᠎ ᠤᠨ ᠬᠡᠰᠡᠭᠯᠡᠯ ᠤᠨ ᠬᠠᠮᠢᠶᠠᠷᠤᠯᠲᠠ ᠪᠠᠷ ᠭᠤᠣᠯᠳᠠᠯᠭ᠎ᠠ ᠪᠣᠯᠭᠠᠬᠤ ᠶᠢ ᠲᠦᠯᠬᠢᠨ ᠠᠬᠢᠭᠤᠯᠤᠨ᠎ᠠ᠂ ᠨᠠᠮ ᠤᠨ ᠵᠤᠬᠢᠶᠠᠨ ᠪᠠᠶᠢᠭᠤᠯᠤᠯᠲᠠ ᠶᠢᠨ ᠵᠤᠬᠢᠶᠠᠨ  ᠶᠢᠨ ᠬᠦᠴᠦᠯᠡᠴᠡ ᠶᠢ ᠳᠡᠭᠡᠭᠰᠢᠯᠡᠭᠦᠯᠵᠦ᠂ ᠬᠤᠲᠠ ᠶᠢᠨ ᠠᠩᠬᠠᠨ ᠤ ᠱᠠᠳᠤᠨ ᠤ ᠨᠠᠮ ᠤᠨ ᠪᠠᠶᠢᠭᠤᠯᠤᠯᠲᠠ ᠶᠢᠨ ᠪᠦᠳᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃
 
ᠢᠷᠡᠯᠲᠡ᠄ ᠰᠢᠭᠤᠶᠢᠲᠤ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号