3 ᠰᠠᠷ᠎ᠠ ᠣᠷᠤᠭᠰᠠᠨ ᠠᠴᠠ ᠨᠠᠰᠢ᠂ ᠮᠠᠨ ᠤ ᠲᠣᠭᠤᠷᠢᠭ ᠤᠨ ᠭᠤᠸᠠᠩ ᠹᠦ᠋ ᠠᠵᠤ ᠠᠬᠤᠢᠯᠠᠯ ᠵᠠᠯᠭᠠᠭ᠎ᠠ | ᠵᠠᠯᠭᠠᠭ᠎ᠠ ᠪᠠᠷ ᠠᠵᠢᠯ ᠢᠶᠠᠨ ᠳᠠᠬᠢᠨ ᠡᠬᠢᠯᠡᠭᠦᠯᠦᠭᠰᠡᠨ ᠪᠠᠢᠨ᠎ᠠ᠂ ᠠᠶᠥᠯᠭᠦᠢ ᠦᠢᠯᠡᠳᠪᠦᠷᠢᠯᠡᠯ ᠤᠨ ᠠᠵᠢᠯ ᠢ ᠰᠠᠶᠢᠬᠠᠨ | ᠨᠠᠢᠳᠠᠪᠦᠷᠢᠵᠢᠭᠤᠯᠬᠤ ᠶᠢ ᠪᠠᠲᠤᠯᠠᠬᠤ ᠶᠢᠨ ᠲᠥᠯᠦᠭᠡ᠂ ᠮᠠᠨ ᠤ ᠲᠣᠪᠴᠢᠶᠠᠨ ᠤ ᠠᠶᠥᠯᠭᠦᠢ ᠦᠢᠯᠡᠳᠪᠤᠷᠢᠯᠡᠯ ᠤᠨ | ᠠᠵᠢᠯᠲᠠᠨ 3 ᠰᠠᠷ᠎ᠠ 10 ᠤ ᠡᠳᠦᠷ ᠰᠢᠭᠤᠶᠢᠲᠤ ᠲᠣᠭᠤᠷᠢᠭ ᠤᠨ ᠲᠣᠷᠭᠠᠨ ᠵᠠᠮ ᠭᠤᠸᠠᠩ ᠹᠦ᠋ ᠴᠠᠬᠢᠯᠭᠠᠨ ᠭᠠᠷᠭᠠᠬᠤ | ᠬᠢᠵᠠᠭᠠᠷᠲᠤ ᠺᠣᠮᠫᠠᠨᠢ᠂ ᠪᠣᠭᠤᠲᠤ ᠬᠤᠲᠠ ᠶᠢᠨ ᠨᠧᠢ ᠰᠢᠨ ᠭᠤᠸᠠᠩ ᠹᠦ᠋ ᠴᠠᠬᠢᠯᠭᠠᠨ ᠭᠠᠷᠭᠠᠬᠤ ᠬᠢᠵᠠᠭᠠᠷᠲᠤ ᠺᠣᠮᠫᠠᠨᠢ᠂ | ᠰᠢᠭᠤᠶᠢᠲᠤ ᠲᠣᠭᠤᠷᠢᠭ ᠤᠨ ᠭᠦᠸᠧ ᠶᠤᠸᠠᠨ ᠴᠢᠩ ᠨᠧᠩ ᠴᠠᠬᠢᠯᠭᠠᠨ ᠬᠦᠴᠦᠨ ᠤ ᠬᠢᠵᠠᠭᠠᠷᠲᠤ ᠺᠣᠮᠫᠠᠨᠢ ᠵᠡᠷᠭᠡ | ᠭᠤᠷᠪᠠᠨ ᠠᠵᠤ ᠠᠬᠤᠶᠢᠯᠠᠯ ᠳᠤ ᠠᠶᠥᠯᠭᠦᠢ ᠦᠢᠯᠡᠳᠪᠦᠷᠢᠯᠡᠯ ᠤᠨ ᠪᠠᠢᠴᠠᠭᠠᠯᠲᠠ ᠬᠢᠭᠰᠡᠨ ᠪᠠᠢᠨ᠎ᠠ᠃ ᠪᠠᠢᠴᠠᠭᠠᠯᠲᠠ ᠪᠠᠷ | ᠳᠠᠮᠵᠢᠨ᠂ ᠪᠣᠭᠤᠲᠤ ᠬᠤᠲᠠ ᠶᠢᠨ ᠨᠧᠢ ᠰᠢᠨ ᠭᠤᠸᠠᠩ ᠹᠦ᠋ ᠴᠠᠬᠢᠯᠭᠠᠨ ᠭᠠᠷᠭᠠᠬᠤ ᠬᠢᠵᠠᠭᠠᠷᠲᠤ ᠺᠣᠮᠫᠠᠨᠢ ᠶᠢᠨ | ᠴᠠᠬᠢᠯᠭᠠᠨ ᠳᠠᠷᠤᠯᠲᠠ ᠶᠢ ᠳᠡᠭᠡᠭᠰᠢᠯᠡᠭᠦᠯᠬᠦ ᠦᠷᠲᠡᠭᠡ ᠶᠢᠨ ᠲᠦᠷᠤᠯ ᠵᠦᠢᠯ ᠤᠨ ᠪᠦᠲᠦᠭᠡᠨ ᠪᠠᠶᠢᠭᠤᠯᠤᠯᠲᠠ ᠶᠢᠨ | ᠪᠠᠷᠢᠯᠭ᠎ᠠ ᠶᠢᠨ ᠭᠠᠵᠠᠷ ᠨᠢᠭᠡᠨᠲᠡ ᠳᠠᠬᠢᠨ ᠠᠵᠢᠯᠯᠠᠵᠠᠢ᠂ ᠲᠥᠷᠦᠯ ᠵᠦᠢᠯ ᠤᠨ ᠪᠠᠷᠢᠯᠭ᠎ᠠ ᠶᠢᠨ ᠪᠠᠶᠢᠭᠤᠯᠤᠶᠢᠭᠠ ᠨᠢ | ᠴᠢᠳᠠᠬᠤ ᠶᠢᠨ ᠳᠣᠲᠤᠷ᠎ᠠ ᠠᠶᠥᠯᠭᠦᠢ ᠦᠢᠯᠡᠳᠪᠦᠷᠢᠯᠡᠯ ᠤᠨ ᠠᠵᠢᠯ ᠤᠨ ᠶᠠᠪᠤᠴᠠ ᠪᠠᠷ ᠪᠠᠷᠢᠯᠭ᠎ᠠ ᠪᠠᠨ ᠶᠠᠪᠤᠭᠳᠠᠭᠤᠯᠵᠤ᠂ | ᠪᠠᠷᠢᠯᠭ᠎ᠠ ᠶᠢᠨ ᠭᠠᠵᠠᠷ ᠤᠨ ᠠᠬᠤᠢ ᠲᠠᠯᠠᠪᠤᠷ ᠲᠤ ᠠᠶᠥᠯᠭᠦᠢ ᠶᠢᠨ ᠲᠡᠮᠳᠡᠭ ᠪᠦᠷᠢᠨ ᠭᠦᠢᠴᠡᠳ᠂ ᠠᠶᠥᠯᠭᠦᠢ | ᠦᠢᠯᠡᠳᠪᠦᠷᠢᠯᠡᠯ ᠤᠨ ᠳᠠᠯᠳᠠ ᠭᠡᠮ ᠢᠯᠡᠷᠡᠭᠰᠡᠨ ᠦᠭᠡᠢ᠃ | ᠰᠢᠭᠤᠶᠢᠲᠤ ᠲᠣᠭᠤᠷᠢᠭ ᠤᠨ ᠲᠤᠷᠠᠭᠠᠨ ᠵᠠᠮ ᠭᠤᠸᠠᠩ ᠹᠦ᠋ ᠴᠠᠬᠢᠯᠭᠠᠨ ᠭᠠᠷᠭᠠᠬᠤ ᠬᠢᠵᠠᠭᠠᠷᠲᠤ ᠺᠣᠮᠫᠠᠨᠢ᠂ | ᠰᠢᠭᠤᠶᠢᠲᠤ ᠲᠣᠭᠤᠷᠢᠭ ᠤᠨ ᠭᠦᠸᠧ ᠶᠤᠸᠠᠨ ᠴᠢᠩ ᠨᠧᠩ ᠴᠠᠬᠢᠯᠭᠠᠨ ᠬᠦᠴᠦᠨ ᠤ ᠬᠢᠵᠠᠭᠠᠷᠲᠤ ᠺᠣᠮᠫᠠᠨᠢ ᠨᠢ | ᠪᠣᠰᠤᠳᠴᠢ ᠰᠢᠯᠲᠠᠭᠠᠨ ᠠᠴᠠ ᠪᠣᠯᠵᠤ ᠪᠠᠷᠢᠯᠭ᠎ᠠ ᠶᠢᠨ ᠠᠵᠢᠯᠴᠢᠨ ᠠᠵᠢᠯ ᠤᠨ ᠲᠠᠯᠠᠪᠤᠷ ᠲᠤ ᠣᠷᠤᠵᠣ ᠢᠷᠡᠭᠡᠳᠦᠢ | ᠪᠠᠢᠭᠰᠠᠭᠠᠷ᠃ ᠪᠠᠢᠴᠠᠭᠠᠵᠤ ᠪᠠᠢᠭ᠎ᠠ ᠬᠦᠮᠦᠰ ᠳᠡᠭᠡᠷᠡᠬᠢ ᠠᠵᠤ ᠠᠬᠤᠢᠯᠠᠯ ᠳᠤ ᠡᠷᠬᠡᠪᠰᠢ ᠠᠵᠢᠯ ᠡᠬᠢᠯᠡᠭᠦᠯᠬᠦ | ᠮᠡᠳᠡᠭᠦᠯᠦᠯᠲᠡ ᠶᠢᠨ ᠳᠦᠷᠢᠮ ᠲᠤᠭᠲᠠᠭᠠᠯ ᠢ ᠭᠦᠢᠴᠡᠳᠬᠡᠬᠦ ᠬᠡᠷᠡᠭᠲᠡᠢ ᠬᠡᠵᠦ ᠱᠠᠭᠠᠷᠳᠠᠵᠠᠢ᠃ | |