ᠤᠯᠤᠰ ᠤᠨ ᠭᠠᠵᠠᠷ ᠰᠢᠷᠣᠢ ᠶᠢᠨ ᠠᠵᠢᠯ ᠤᠨ ᠰᠢᠨ᠎ᠡ ᠭᠢᠯᠠᠰ ᠴᠡᠭ
ᠨᠡᠶᠢᠲᠡᠯᠡᠭᠰᠡᠨ ᠴᠠᠭ᠄
2018-04-23
     ᠦᠨᠡᠨ ᠪᠤᠲᠠᠲᠠᠢ ᠪᠠᠷ ᠠᠵᠢᠯ ᠤᠨ ᠬᠡᠪ ᠰᠤᠷᠳᠠᠯ ᠢ ᠬᠤᠪᠢᠷᠠᠭᠤᠯᠵᠤ ᠠᠷᠠᠳ ᠲᠦᠮᠡᠨ ᠳᠤ ᠦᠢᠯᠡᠴᠢᠯᠡᠬᠦ ᠪᠤᠯᠤᠨ ᠳᠦᠭᠦᠮ ᠦᠵᠡᠭᠦᠯᠬᠦ ᠶᠢᠨ ᠲᠦᠯᠦᠭᠡ᠂ ᠮᠠᠨ ᠤ ᠰᠠᠯᠪᠤᠷᠢ ᠨᠢ ᠤᠯᠠᠨ ᠲᠠᠯ᠎ᠠ ᠪᠠᠷ ᠠᠵᠢᠯ ᠤᠨ ᠳᠤᠮᠳᠠ ᠰᠢᠨ᠎ᠡ ᠭᠢᠯᠠᠰ ᠴᠡᠭ ᠢ ᠡᠭᠦᠳᠦᠭᠰᠡᠨ ᠪᠠᠢᠨ᠎ᠠ᠃      ᠭᠢᠯᠠᠰ ᠴᠡᠭ ᠨᠢᠭᠡ᠄ ᠭᠠᠳᠠᠭᠰᠢ ᠭᠠᠷᠬᠤ ᠳᠤ ᠪᠠᠨ ᠦᠭᠡ ᠦᠯᠡᠳᠡᠭᠡᠬᠦ ᠳᠦᠷᠢᠮ ᠢ ᠬᠡᠷᠡᠭᠵᠢᠭᠦᠯᠬᠦ᠃ ᠤᠯᠤᠰ ᠤᠨ ᠭᠠᠵᠠᠷ ᠰᠢᠷᠤᠢ ᠶᠢᠨ ᠰᠠᠯᠪᠦᠷᠢ ᠶᠢᠨ ᠬᠦᠮᠦᠨ ᠴᠦᠬᠡᠨ ᠤᠴᠢᠷ ᠶᠠᠪᠤᠳᠠᠯ ᠤᠯᠠᠨ᠂ ᠦᠷᠭᠦᠯᠵᠢ ᠭᠠᠳᠠᠭᠰᠢ ᠭᠠᠷᠴᠤ ᠠᠯᠪᠠᠯᠠᠬᠤ ᠵᠢᠴᠢ ᠠᠷᠠᠳ ᠤᠯᠠᠨ ᠰᠠᠯᠪᠦᠷᠢ ᠳᠤ ᠢᠷᠡᠵᠤ ᠤᠴᠢᠷ ᠪᠦᠲᠦᠭᠡᠬᠦ ᠴᠠᠭ ᠨᠢ ᠲᠤᠭᠲᠠᠪᠦᠷᠢ ᠦᠭᠡᠢ ᠵᠡᠷᠭᠡ ᠪᠤᠲᠠᠲᠤ ᠪᠠᠢᠳᠠᠯ ᠲᠠᠢ ᠤᠶᠠᠯᠳᠠᠭᠤᠯᠵᠤ ᠭᠠᠳᠠᠭᠰᠢ ᠭᠠᠷᠬᠤ ᠳᠤ ᠪᠠᠨ ᠦᠭᠡ ᠦᠯᠡᠳᠡᠭᠡᠬᠦ ᠳᠦᠷᠢᠮ ᠢ ᠬᠡᠷᠡᠭᠵᠢᠭᠦᠯᠦᠨ᠎ᠡ᠃ ᠠᠵᠢᠯ ᠤᠨ ᠴᠠᠭ ᠲᠤᠰ ᠰᠠᠯᠪᠦᠷᠢ ᠶᠢᠨ ᠠᠵᠢᠯᠲᠠᠨ ᠭᠠᠳᠠᠭᠰᠢ ᠭᠠᠷᠴᠤ ᠬᠤᠷᠠᠯ ᠳᠤ ᠤᠷᠤᠯᠴᠠᠬᠤ ᠂ ᠤᠴᠢᠷ ᠪᠦᠳᠦᠭᠡᠬᠦ ᠳᠤ ᠪᠠᠨ ᠡᠷᠬᠡᠪᠰᠢ ᠪᠤᠰᠤᠳ ᠬᠦᠮᠦᠰ ᠲᠤ ᠪᠠᠨ ᠤᠴᠢᠬᠤ ᠭᠠᠵᠠᠷ ᠪᠠᠷᠤᠭ ᠬᠡᠳᠦᠢ ᠳᠤ ᠪᠤᠴᠠᠵᠤ ᠢᠷᠡᠬᠦ ᠴᠠᠭ ᠪᠤᠯᠤᠨ ᠬᠠᠷᠢᠯᠴᠠᠬᠤ ᠠᠷᠭ᠎ᠠ ᠪᠠᠨ ᠦᠯᠡᠳᠡᠭᠡᠨ ᠲᠤᠰᠢᠶᠠᠵᠤ ᠥᠭᠬᠦ ᠬᠡᠷᠡᠭᠲᠠᠢ᠂ ᠢᠩᠬᠢᠪᠡᠯ ᠰᠠᠶ᠋ᠢ ᠠᠩᠬᠠᠨ ᠤ ᠱᠠᠲᠤᠨ ᠠᠷᠠᠳ ᠤᠯᠠᠨ ᠤᠴᠢᠷ ᠪᠦᠲᠦᠭᠡᠬᠦ ᠪᠠᠷ ᠢᠷᠡᠬᠦ ᠦᠶ᠎ᠡ ᠳᠤ ᠬᠠᠷᠢᠯᠴᠠᠬᠤ᠂ ᠯᠠᠪᠯᠠᠬᠤ᠂ ᠤᠴᠢᠷ ᠪᠦᠳᠦᠭᠡᠬᠦ ᠴᠠᠭ ᠢᠶᠠᠨ ᠪᠤᠯᠵᠤᠬᠤ ᠳᠤ ᠳᠦᠭᠦᠮ ᠪᠤᠯᠤᠨ᠎ᠠ᠃ ᠤᠨᠴᠠᠭᠠᠢ ᠪᠢᠰᠢ ᠪᠠᠢᠳᠠᠯ ᠳᠤᠤᠷ᠎ᠠ ᠲᠤᠰ ᠰᠠᠯᠪᠦᠷᠢ ᠵᠠᠷᠴᠢᠮ ᠳᠡᠭᠡᠷ᠎ᠡ ᠪᠠᠨ ᠠᠳᠠᠭ ᠲᠤ ᠪᠠᠨ ᠨᠢᠭᠡ ᠬᠦᠮᠦᠨ ᠦᠯᠡᠳᠡᠭᠡᠵᠤ ᠵᠢᠵᠢᠭᠦᠷᠯᠡᠪᠡᠯ ᠵᠤᠬᠢᠨ᠎ᠠ᠃ ᠠᠵᠢᠯ ᠤᠨ ᠬᠡᠷᠡᠭᠴᠡᠭᠡᠨ ᠠᠴᠠ ᠪᠤᠯᠵᠤ ᠰᠠᠯᠪᠦᠷᠢ ᠶᠢᠨ ᠪᠦᠬᠦ ᠠᠵᠢᠯᠲᠠᠨ ᠪᠦᠭᠦᠳᠡᠭᠡᠷ ᠢᠶᠠᠨ ᠭᠠᠳᠠᠭᠰᠢ ᠭᠠᠷᠬᠤ ᠴᠢᠬᠤᠯᠠ ᠲᠠᠢ ᠪᠣᠯ ᠭᠠᠳᠠᠭᠰᠢ ᠭᠠᠷᠬᠤ ᠤᠴᠢᠷ ᠰᠢᠯᠲᠠᠭᠠᠨ ᠢᠶᠠᠨ ᠴᠠᠭᠠᠰᠤᠨ ᠳᠡᠭᠡᠷ᠎ᠡ ᠪᠢᠴᠢᠵᠤ ᠳᠤᠭᠲᠠᠭᠰᠠᠨ ᠢᠯᠡᠬᠡᠨ ᠭᠠᠵᠠᠷ ᠨᠠᠭᠠᠵᠤ ᠲᠠᠯᠪᠢᠬᠤ ᠬᠡᠷᠡᠭᠲᠠᠢ᠂ ᠢᠩᠬᠢᠪᠡᠯ ᠠᠷᠠᠳ ᠤᠯᠠᠨ ᠤᠴᠢᠷ ᠪᠦᠳᠦᠭᠡᠬᠦ ᠪᠠᠷ ᠢᠷᠡᠬᠦ ᠳᠤ ᠬᠦᠷᠪᠡᠯ ᠴᠠᠭ ᠲᠤᠬᠠᠢ ᠳᠤ ᠨᠢ ᠬᠠᠷᠢᠯᠴᠠᠵᠤ ᠲᠡᠢᠯᠬᠦ ᠪᠤᠯᠤᠨ᠎ᠠ᠃      ᠭᠢᠯᠠᠰ ᠴᠡᠭ ᠬᠤᠶᠠᠷ᠄ ︽ᠳᠦᠷᠪᠡᠨ ᠠᠵᠢᠯᠰᠠᠭ︾᠎ ᠢ ᠴᠢᠩᠭ᠎ᠠ ᠠᠳᠬᠤᠬᠤ᠂ ᠬᠠᠥᠯᠢ ᠬᠡᠷᠡᠭᠵᠢᠭᠦᠯᠦᠨ ᠴᠠᠭᠳᠠᠨ ᠪᠠᠢᠴᠠᠭᠠᠬᠤ ᠶᠢᠨ ᠭᠤᠤᠯᠳᠠᠯᠭ᠎ᠠ ᠨᠢ ᠡᠩ ᠤᠨ ᠴᠠᠭ ᠤᠨ ᠤᠢᠯᠭᠠᠯᠲᠠ ᠭᠡᠳᠡᠭ ᠢ ᠪᠤᠢ ᠪᠤᠯᠭᠠᠵᠠᠢ᠃ ᠨᠢᠭᠡ ᠳᠤ ︽ᠬᠥᠯ ᠠᠵᠢᠯᠰᠠᠭ ︵ᠱᠠᠯᠠᠮᠠᠭᠠᠢ︶︾᠎ ᠢ ᠠᠳᠬᠤᠬᠤ ᠡᠳᠦᠷ ᠪᠤᠯᠠᠭᠠᠨ ᠲᠣᠭᠲᠠᠭᠰᠠᠨ ᠴᠠᠭᠳᠠᠨ ᠪᠠᠢᠴᠠᠭᠠᠬᠤ ᠲᠥᠰᠥᠪ᠂ ᠴᠠᠭᠳᠠᠨ ᠪᠠᠢᠴᠠᠭᠠᠬᠤ ᠵᠠᠮ ᠱᠣᠭᠤᠮ ᠪᠤᠯᠤᠨ ᠴᠠᠭ ᠤᠨ ᠬᠢᠵᠠᠭᠠᠷ ᠢᠶᠠᠷ ᠡᠯ᠎ᠡ ᠴᠡᠭ ᠲᠤ ᠴᠠᠭᠳᠠᠨ ᠪᠠᠢᠴᠠᠭᠠᠬᠤ ᠶᠢ ᠶᠠᠪᠤᠭᠳᠠᠭᠤᠯᠵᠤ᠂ ᠴᠠᠭᠳᠠᠨ ᠪᠠᠢᠴᠠᠭᠠᠵᠤ ᠬᠠᠥᠯᠢ ᠬᠡᠷᠡᠭᠵᠢᠭᠦᠯᠬᠦ ᠶᠢ ᠪᠦᠬᠦ ᠲᠠᠯ᠎ᠠ ᠪᠠᠷ ᠪᠦᠷᠬᠦᠭᠦᠯᠬᠦ ᠶᠢ ᠪᠡᠶᠡᠭᠦᠯᠦᠨ᠎ᠡ᠃ ᠬᠤᠶᠠᠷ ᠲᠤ ︽ᠨᠢᠳᠦ ᠠᠵᠢᠯᠰᠠᠭ ︵ᠭᠠᠷᠬᠠᠢ︶︾᠎ ᠢ ᠠᠳᠬᠤᠬᠤ᠂ ᠴᠠᠭᠳᠠᠠᠨ ᠪᠠᠢᠴᠠᠭᠠᠬᠤ ᠳᠤ ᠪᠠᠨ ᠭᠠᠵᠠᠷ ᠰᠢᠷᠣᠢ᠂ ᠠᠭᠤᠷᠬᠠᠢ ᠶᠢᠨ ᠬᠠᠨᠳᠤᠰᠢ ᠪᠠᠢᠳᠠᠯ ᠢ ᠨᠢᠭᠲᠠ ᠴᠢᠩᠭ᠎ᠠ ᠠᠩᠬᠠᠷᠴᠤ᠂ ᠬᠠᠥᠯᠢ ᠵᠦᠷᠴᠢᠭᠰᠡᠨ ᠠᠵᠢᠯᠯᠠᠭ᠎ᠠ ᠶᠢᠨ ᠡᠭᠦᠰᠦᠯ ᠢ ᠰᠡᠷᠡᠮᠵᠢᠯᠡᠨ ᠰᠡᠷᠭᠡᠢᠯᠡᠬᠦ ᠶᠢ ᠴᠢᠩᠭᠠᠳᠬᠠᠵᠤ᠂ ᠰᠢᠨ᠎ᠡ ᠪᠠᠷ ᠨᠡᠮᠡᠭᠳᠡᠭᠰᠡᠨ ᠬᠠᠥᠯᠢ ᠵᠦᠷᠢᠴᠡᠬᠦ ᠠᠵᠢᠯᠯᠠᠭ᠎ᠠ ᠡᠭᠦᠰᠬᠦ ᠶᠢ ᠬᠤᠷᠢᠭᠯᠠᠨ᠎ᠠ᠃ ᠭᠤᠷᠪᠠ ᠳᠤ ︽ᠠᠮᠠ ᠠᠵᠢᠯᠰᠠᠭ︾᠎ ᠢ ᠠᠳᠬᠤᠬᠤ᠂ ᠢᠯᠡᠭᠦᠬᠡᠨ ᠡᠯ᠎ᠡ ᠲᠠᠯ᠎ᠠ ᠠᠴᠠ ᠠᠰᠠᠭᠤᠨ ᠯᠠᠪᠯᠠᠵᠤ ᠪᠠᠢᠳᠠᠯ ᠢ ᠤᠶᠢᠯᠭᠠᠨ ᠬᠠᠥᠯᠢ ᠵᠦᠷᠢᠴᠡᠭᠰᠡᠨ ᠰᠦᠪᠡᠭᠴᠢ ᠶᠢ ᠡᠵᠡᠮᠰᠢᠵᠤ᠂ ᠬᠠᠥᠯᠢ ᠵᠦᠷᠢᠴᠡᠭᠰᠡᠨ ᠠᠵᠢᠯᠯᠠᠭ᠎ᠠ ᠳᠤ ᠤᠴᠢᠷ ᠠᠴᠠ ᠡᠮᠦᠨᠡᠬᠢ ᠴᠢᠩᠭ᠎ᠠ ᠨᠢᠭᠲᠠ ᠬᠠᠮᠠᠭᠠᠯᠠᠯᠲᠠ ᠪᠠᠢᠭᠤᠯᠬᠤ ᠪᠠ ᠲᠤᠰᠴᠤ ᠬᠤᠷᠢᠭᠯᠠᠨ᠎ᠠ᠂ ᠠᠰᠠᠭᠤᠳᠠᠯ ᠢ ᠢᠯᠡᠷᠡᠭᠦᠯᠦᠭᠰᠡᠭᠡᠷ ᠴᠠᠭ ᠲᠣᠬᠠᠢ ᠳᠤ ᠨᠢ ᠤᠳᠤᠷᠢᠳᠤᠯᠭ᠎ᠠ ᠳᠤ ᠪᠠᠨ ᠬᠠᠷᠢᠭᠤ ᠮᠡᠳᠡᠭᠦᠯᠵᠤ᠂ ᠤᠳᠤᠷᠢᠳᠤᠯᠭ᠎ᠠ ᠶᠢᠨ ᠢᠶᠠᠨ ᠳᠡᠮᠵᠢᠯᠭᠡ ᠶᠢ ᠣᠯᠬᠤ ᠪᠠᠷ ᠴᠢᠷᠮᠠᠢᠨ᠎ᠠ᠃ ᠳᠦᠷᠪᠡ ᠳᠤ ︽ᠪᠢᠷ ᠠᠵᠢᠯᠰᠠᠭ︾᠎ ᠢ ᠠᠳᠬᠤᠬᠤ᠂ ᠴᠠᠭᠳᠠᠨ ᠪᠠᠢᠴᠠᠭᠠᠭᠰᠠᠨ ᠲᠡᠮᠳᠡᠭᠯᠡᠯ ᠢᠶᠠᠨ ᠰᠠᠢᠬᠠᠨ ᠬᠢᠬᠦ ᠪᠠᠷ ᠥᠯᠦ ᠪᠠᠷᠠᠨ ᠲᠠᠭᠯᠠᠨ ᠮᠡᠳᠡᠭᠦᠯᠦᠭᠰᠡᠨ ᠲᠤᠭ᠎ᠠ ᠪᠠᠷᠢᠮᠲᠠ ᠪᠠᠨ ᠦᠨᠡᠨ ᠪᠣᠲᠠᠲᠠᠢ᠂ ᠵᠥᠪ ᠣᠨᠤᠪᠴᠢᠲᠠᠢ ᠶᠢ ᠪᠠᠲᠤᠯᠠᠬᠤ ᠬᠡᠷᠡᠭᠲᠡᠢ᠃
 
ᠢᠷᠡᠯᠲᠡ᠄ ᠰᠢᠭᠤᠶᠢᠲᠤ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号