ᠪᠦᠬᠦ ᠣᠷᠤᠨ ᠤ ᠠᠭᠤᠷᠬᠠᠢ ᠶᠢᠨ ᠡᠬᠢ ᠪᠠᠶᠠᠯᠢᠭ ᠤᠨ ᠪᠦᠷᠢᠳᠬᠡᠯ ᠤᠨ ᠲᠤᠭ᠎ᠠ ᠪᠠᠷᠢᠮᠲᠠ ︵ᠬᠦᠮᠦᠷᠭᠡ︶ ᠬᠢᠨᠠᠨ ᠰᠢᠯᠭᠠᠯᠲᠠ ᠶᠢᠨ ᠬᠤᠷᠢᠶᠠᠩᠭᠤᠶᠢᠯᠠᠯ ᠬᠢᠬᠡᠳ ᠪᠣᠯᠪᠠᠰᠤᠷᠠᠯ ᠰᠤᠷᠭᠠᠯᠲᠠ ᠶᠢᠨ ᠠᠵᠢᠯ ᠤᠨ ᠬᠤᠷᠠᠯ ᠬᠦᠬᠡᠬᠤᠲᠠ ᠶᠢᠨ ᠸᠠᠨ ᠬᠤᠤ ᠶᠡᠭᠡ ᠪᠠᠭᠤᠳᠠᠯ ᠳᠤ ᠬᠤᠷᠠᠯᠳᠤᠭᠰᠠᠨ
ᠨᠡᠶᠢᠲᠡᠯᠡᠭᠰᠡᠨ ᠴᠠᠭ᠄
2018-04-23
     ᠬᠤᠷᠠᠯ ᠳᠡᠭᠡᠷ᠎ᠡ ᠠᠭᠤᠷᠬᠠᠢ ᠶᠢᠨ ᠦᠢᠯᠡᠰ ᠤᠨ ᠬᠠᠮᠢᠶᠠᠷᠤᠯᠲᠠ ᠶᠢᠨ ᠰᠢᠨ᠎ᠡ ᠲᠥᠷᠦ ᠶᠢᠨ ᠪᠣᠳᠤᠯᠭ᠎ᠠ᠂ ᠰᠢᠨ᠎ᠡ ᠠᠷᠭ᠎ᠠ ᠠᠪᠴᠢᠯ ᠢ ᠳᠠᠮᠵᠢᠭᠤᠯᠤᠭᠰᠠᠨ ᠪᠠᠢᠨ᠎ᠠ᠃ ᠲᠤᠰ ᠵᠢᠯ ᠤᠨ ᠪᠦᠬᠦ ᠣᠷᠤᠨ ᠤ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠪᠦᠷᠢᠳᠬᠡᠯ ᠤᠨ ᠲᠤᠭ᠎ᠠ ᠪᠠᠷᠢᠮᠲᠠ ︵ᠬᠦᠮᠦᠷᠭᠡ︶ ᠬᠢᠨᠠᠨ ᠬᠠᠷᠭᠤᠭᠤᠯᠤᠯᠲᠠ ᠶᠢᠨ ᠬᠤᠷᠢᠶᠠᠩᠭᠤᠢᠯᠠᠯ ᠤᠨ ᠠᠵᠢᠯ ᠳᠤ ᠲᠣᠬᠢᠷᠠᠭᠤᠯᠤᠯᠲᠠ ᠬᠢᠭᠰᠡᠨ ᠪᠠᠢᠨ᠎ᠠ᠃ ᠠᠭᠤᠷᠬᠠᠢ ᠶᠢᠨ ᠬᠠᠳᠠᠭᠠᠯᠠᠭᠳᠠᠴᠠ ᠶᠢᠨ ᠬᠡᠮᠵᠢᠶ᠎ᠡ ᠶᠢᠨ ᠪᠠᠶᠢᠳᠠᠯ ᠢ ᠰᠢᠯᠠᠭᠠᠨ ᠪᠠᠢᠴᠠᠭᠠᠬᠤ ᠠᠵᠢᠯ ᠢ ᠮᠠᠰᠢ ᠴᠢᠬᠤᠯᠠᠴᠢᠯᠠᠬᠤ ᠬᠡᠷᠡᠭᠲᠡᠢ ᠭᠡᠵᠤ ᠱᠠᠭᠠᠷᠳᠠᠭᠰᠠᠨ ᠪᠠᠶᠢᠨ᠎ᠠ᠃      ᠰᠢᠯᠭᠠᠨ  ᠪᠠᠶᠢᠴᠠᠭᠠᠭᠰᠠᠨ ᠦᠷ᠎ᠡ ᠪᠦᠲᠦᠮᠵᠢ ᠶᠢᠨ ᠴᠢᠨᠠᠷ ᠴᠢᠨᠰᠠᠭ᠎ᠠ ᠪᠠ ᠬᠠᠮᠢᠶᠠᠷᠣᠯᠲᠠ ᠶᠢᠨ ᠠᠵᠢᠯ ᠤᠨ ᠬᠢᠷᠢ ᠲᠥᠪᠰᠢᠨ ᠢ ᠳᠡᠭᠡᠭᠰᠢᠯᠡᠭᠦᠯᠵᠦ᠂ ᠬᠤᠰᠢᠭᠤ ᠲᠣᠭᠤᠷᠢᠭ ᠤᠨ ᠤᠯᠤᠰ ᠤᠨ ᠭᠠᠵᠠᠷ ᠰᠢᠷᠣᠢ ᠶᠢᠨ ᠲᠤᠪᠴᠢᠶ᠎ᠠ ᠶᠢᠨ ᠪᠣᠲᠠᠲᠠᠢ ᠭᠠᠵᠠᠷ ᠤᠨ ᠰᠣᠩᠭᠤᠨ ᠪᠠᠶᠢᠴᠠᠭᠠᠬᠤ ᠨᠣᠷᠮ᠎ᠠ 30%᠎ ᠠᠴᠠ ᠳᠣᠣᠷ᠎ᠠ ᠦᠭᠡᠢ᠂ ᠪᠥᠲᠦᠭᠡᠨ ᠪᠠᠶᠢᠭᠤᠯᠤᠯᠲᠠ ᠶᠢᠨ ᠲᠥᠷᠦᠯ ᠵᠦᠢᠯ ᠤᠨ ᠭᠠᠵᠠᠷ ᠬᠡᠷᠡᠭᠯᠡᠬᠦ ᠪᠡᠯᠡᠳᠬᠡᠯ ᠬᠢᠨᠠᠨ ᠰᠢᠯᠭᠠᠯᠲᠠ ᠪᠠ ᠬᠢᠨᠠᠨ ᠪᠠᠢᠴᠠᠭᠠᠬᠤ ᠱᠠᠲᠤᠨ ᠳᠤ ᠴᠢᠬᠤᠯᠠ ᠠᠭᠤᠷᠬᠠᠢ ᠶᠢᠨ ᠡᠬᠢ ᠪᠠᠶᠠᠯᠢᠭ ᠤᠨ ᠬᠢᠨᠠᠨ ᠵᠥᠪᠰᠢᠶᠡᠷᠡᠬᠦ ᠶᠢ ᠳᠠᠷᠤᠨ ᠪᠥᠷᠬᠦᠵᠤ ᠪᠠᠶᠢᠭ᠎ᠠ ᠠᠵᠢᠯ ᠳᠤᠮᠳᠠ᠂ ᠭᠠᠵᠠᠷ ᠬᠡᠷᠡᠭᠯᠡᠬᠦ ᠪᠡᠯᠡᠳᠬᠡᠯ ᠬᠢᠨᠠᠨ ᠰᠢᠯᠭᠠᠯᠲᠠ ᠶᠢᠨ ᠱᠠᠲᠤᠨ ᠳᠤ ᠳᠤᠷᠠᠳᠤᠭᠰᠠᠨ ᠨᠢ᠂ ᠪᠦᠳᠦᠭᠡᠨ ᠪᠠᠶᠢᠭᠤᠯᠤᠯᠲᠠ ᠶᠢᠨ ᠲᠥᠷᠥᠯ ᠵᠦᠢᠯ ᠨᠢ ᠴᠢᠬᠤᠯᠠ ᠠᠭᠤᠷᠬᠠᠢ ᠶᠢᠨ ᠡᠬᠢ ᠪᠠᠶᠠᠯᠢᠭ ᠢ ᠳᠠᠷᠤᠨ ᠪᠥᠷᠬᠦᠬᠦ ᠡᠰᠡᠭᠦ ᠳᠤ ᠬᠢᠨᠠᠨ ᠪᠠᠶᠢᠴᠠᠭᠠᠬᠤ ᠪᠠᠨ ᠪᠠᠶᠢᠭᠰᠠᠨ ᠪᠠᠶᠢᠨ᠎ᠠ᠃ ᠭᠡᠪᠡᠴᠦ ᠪᠥᠲᠦᠭᠡᠨ ᠪᠠᠢᠭᠤᠯᠤᠯᠲᠠ ᠶᠢᠨ ᠪᠠᠶᠢᠭᠤᠯᠭ᠎ᠠ ᠨᠢᠭᠡᠴᠡ ᠲᠤᠰᠠᠭᠠᠷ ᠢᠶᠠᠨ ᠭᠠᠵᠠᠷ ᠰᠣᠩᠭᠤᠨ ᠪᠥᠲᠦᠭᠡᠨ ᠪᠠᠢᠭᠤᠯᠤᠭᠰᠠᠨ ᠲᠥᠷᠥᠯ ᠵᠦᠢᠯ ᠨᠢ ᠴᠢᠬᠤᠯᠠ ᠠᠭᠤᠷᠬᠠᠢ ᠶᠢᠨ ᠭᠠᠷᠤᠯᠲᠠ ᠶᠢ ᠳᠠᠷᠤᠨ ᠪᠥᠷᠬᠦᠭᠰᠡᠨ ᠡᠰᠡᠭᠦ ᠳᠤ ᠪᠠᠶᠢᠴᠠᠭᠠᠯᠲᠠ ᠬᠢᠪᠡᠯ ᠵᠣᠬᠢᠰᠲᠠᠢ᠂ ᠬᠡᠷᠪᠡ ᠴᠢᠬᠤᠯᠠ ᠠᠭᠤᠷᠬᠠᠢ ᠶᠢᠨ ᠡᠬᠢ ᠪᠠᠶᠠᠯᠢᠭ ᠪᠠ ᠠᠭᠤᠷᠬᠠᠢ ᠶᠢᠨ ᠦᠢᠯᠡᠰ ᠤᠨ ᠡᠷᠬᠡ ᠲᠠᠢ ᠬᠤᠯᠪᠤᠭᠳᠠᠪᠠᠯ᠂ ᠭᠠᠵᠠᠷ ᠬᠡᠷᠡᠭᠯᠡᠬᠦ ᠪᠡᠯᠡᠳᠬᠡᠯ ᠬᠢᠨᠠᠨ ᠰᠢᠯᠭᠠᠯᠲᠠ ᠶᠢᠨ ᠭᠠᠷᠳᠠᠮ ᠭᠦᠢᠴᠡᠳᠬᠡᠯ ᠢ ᠭᠦᠢᠴᠡᠳᠬᠡᠭᠰᠡᠨ ᠤ ᠰᠡᠭᠦᠯᠡᠷᠬᠢ ᠬᠡᠷᠡᠭᠯᠡᠬᠦ ᠭᠠᠵᠠᠷ ᠤᠨ ᠮᠡᠳᠡᠭᠦᠯᠦᠨ ᠵᠥᠪᠰᠢᠶᠡᠷᠡᠭᠦᠯᠬᠦ ᠱᠠᠳᠤᠨ ᠳᠤ᠂ ᠪᠥᠳᠦᠭᠡᠨ ᠪᠠᠢᠭᠤᠯᠤᠯᠲᠠ ᠶᠢᠨ ᠪᠠᠢᠭᠤᠯᠭ᠎ᠠ ᠨᠢᠭᠡᠴᠡ ᠨᠢ ᠠᠭᠤᠷᠬᠠᠢ ᠶᠢᠨ ᠦᠢᠯᠡᠰ ᠤᠨ ᠡᠷᠬᠡᠲᠡᠨ ᠲᠠᠢ ᠠᠭᠤᠷᠬᠠᠢ ᠪᠦᠷᠭᠦᠨ ᠳᠠᠷᠤᠭᠰᠠᠨ ᠨᠥᠬᠦᠪᠦᠷᠢ ᠶᠢᠨ ᠠᠰᠠᠭᠤᠳᠠᠯ ᠢ ᠵᠥᠪᠳᠡᠯᠴᠡᠭᠰᠡᠨ ᠵᠥᠪᠯᠡᠯ ᠢᠶᠠᠨ ᠬᠠᠩᠭᠠᠵᠤ ᠥᠭᠪᠡᠯ ᠵᠣᠬᠢᠨ᠎ᠠ᠂ ᠡᠰᠡᠭᠦᠯ᠎ᠡ ᠠᠶᠢᠮᠠᠭ ᠬᠤᠲᠠ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠠᠭᠤᠷᠬᠠᠢ ᠶᠢ ᠳᠠᠷᠤᠨ ᠪᠥᠷᠬᠦᠭᠰᠡᠨ ᠨᠥᠬᠦᠪᠦᠷᠢ ᠶᠢᠨ ᠲᠤᠬᠠᠢ ᠲᠤᠬᠢᠷᠠᠭᠤᠯᠤᠯᠲᠠ ᠶᠢᠨ ᠠᠵᠢᠯ ᠬᠢᠨ᠎ᠡ ᠭᠡᠵᠤ ᠠᠮᠠᠯᠠᠯᠳᠤᠭᠰᠠᠨ ᠤᠷᠢᠳᠠᠯ ᠳᠣᠣᠷ᠎ᠠ᠂ ᠭᠠᠵᠠᠷ ᠬᠡᠷᠡᠭᠯᠡᠬᠦ ᠭᠠᠷᠳᠠᠮ ᠭᠦᠢᠴᠡᠳᠬᠡᠵᠤ ᠪᠤᠯᠤᠨ᠎ᠠ᠂ ᠲᠡᠷᠡ ᠮᠥᠷᠲᠡᠭᠡᠨ ᠴᠢᠬᠤᠯᠠ ᠠᠭᠤᠷᠬᠠᠢ ᠶᠢᠨ ᠡᠬᠢ ᠪᠠᠶᠠᠯᠢᠭ ᠢ ᠳᠠᠷᠤᠨ ᠪᠥᠷᠬᠦᠭᠰᠡᠨ ᠳᠠᠩᠰᠠ ᠲᠡᠮᠳᠡᠭᠯᠡᠯ ᠢ ᠳᠠᠭᠤᠰᠬᠠᠨ᠎ᠠ᠃      ᠨᠥᠬᠦᠪᠦᠷᠢ ᠶᠢᠨ ᠬᠡᠯᠡᠯᠴᠡᠭᠡᠷ ᠳᠣᠭᠲᠠᠭᠰᠠᠨ ᠦᠭᠡᠢ᠂ ᠠᠭᠤᠷᠬᠠᠢ ᠶᠢᠨ ᠡᠬᠢ ᠪᠠᠶᠠᠯᠢᠭ ᠢ ᠳᠠᠷᠤᠨ ᠪᠥᠷᠬᠦᠬᠦ ᠶᠢ ᠬᠢᠨᠠᠨ ᠵᠥᠪᠰᠢᠶᠡᠷᠡᠭᠰᠡᠨ ᠳᠠᠩᠰᠠ ᠲᠡᠮᠳᠡᠭᠯᠡᠯ ᠤᠨ ᠭᠠᠷ ᠭᠦᠢᠴᠡᠳᠬᠡᠯ ᠭᠦᠢᠴᠡᠳᠬᠡᠭᠰᠡᠨ ᠦᠭᠡᠢ ᠪᠣᠯ ᠥᠪᠡᠷᠲᠡᠭᠡᠨ ᠵᠠᠰᠠᠬᠤ ᠣᠷᠤᠨ ᠠᠴᠠ ᠵᠥᠪᠰᠢᠶᠡᠷᠡᠯ ᠤᠨ ᠬᠠᠷᠢᠭᠤ ᠳᠠᠮᠵᠢᠭᠤᠯᠵᠤ ᠥᠭᠬᠦ ᠦᠭᠡᠢ᠂ ᠠᠢᠮᠠᠭ ᠬᠤᠲᠠ ︵ᠬᠤᠰᠢᠭᠤ ᠰᠢᠶᠠᠨ︶᠎ ᠶᠢᠨ ᠠᠷᠠᠳ ᠤᠨ ᠵᠠᠰᠠᠭ ᠤᠨ ᠣᠷᠳᠣᠨ ᠭᠠᠵᠠᠷ ᠬᠠᠩᠭᠠᠵᠤ ᠪᠣᠯᠬᠤ ᠦᠭᠡᠢ᠃ ᠮᠠᠨ ᠤ ᠣᠷᠤᠨ ᠤ ᠪᠣᠤ ᠶᠤᠸᠠᠨ ᠨᠡᠭᠦᠷᠡᠰᠦᠨ ᠠᠭᠤᠷᠬᠠᠢ ᠨᠢ ᠡᠨᠡ ᠤᠳᠠᠭᠠᠨ ᠤ ᠲᠤᠭ᠎ᠠ ᠪᠠᠷᠢᠮᠲᠠ ᠶᠢᠨ ᠬᠢᠨᠠᠨ ᠬᠠᠷᠭᠤᠭᠤᠯᠬᠤ ᠨᠡᠷᠡᠰ ᠤᠨ ᠵᠢᠭᠰᠠᠭᠠᠯᠲᠠ ᠳᠤ ᠣᠷᠤᠭᠰᠠᠨ ᠪᠠᠶᠢᠨ᠎ᠠ᠃
 
ᠢᠷᠡᠯᠲᠡ᠄ ᠰᠢᠭᠤᠶᠢᠲᠤ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号