ᠰᠢᠭᠤᠶᠢᠲᠤ ᠲᠤᠭᠤᠷᠢᠭ ᠤᠨ ᠳᠠᠩᠰᠠ ᠡᠪᠬᠡᠮᠡᠯ ᠤᠨ ᠸᠧᠴᠠᠲ ᠤᠨ ᠨᠡᠶᠢᠲᠡ ᠤᠨ ᠨᠤᠮᠧᠷ ᠵᠢᠩᠬᠢᠨᠢ ᠪᠠᠷ ᠨᠡᠬᠡᠬᠡᠪᠡ
ᠨᠡᠶᠢᠲᠡᠯᠡᠭᠰᠡᠨ ᠴᠠᠭ᠄
2018-04-23
     ᠰᠢᠯᠵᠢᠮᠡᠨᠯ ᠬᠤᠯᠪᠤᠭ᠎ᠠ ᠶᠢᠨ ᠢᠨᠲ᠋ᠧᠷᠨᠧᠲ ᠤᠨ ᠴᠠᠭ ᠦᠶ᠎ᠡ ᠶᠢᠨ ᠰᠢᠨ᠎ᠡ ᠬᠦᠭᠵᠢᠯᠲᠡ ᠲᠠᠢ ᠵᠣᠬᠢᠴᠠᠨ ᠳᠠᠭᠠᠵᠤ᠂ ᠨᠡᠩ ᠳᠥᠭᠦᠮ ᠠᠪᠰᠠᠷᠬᠠᠨ ᠬᠤᠷᠳᠤᠨ ᠢᠶᠠᠷ ᠳᠠᠩᠰᠠ ᠡᠪᠬᠡᠮᠡᠯ ᠤᠨ ᠦᠢᠯᠡᠴᠢᠯᠡᠭᠡᠨ ᠤ ᠠᠷᠠᠳ ᠤᠨ ᠠᠮᠢᠳᠤᠷᠠᠯ ᠳᠠᠬᠢ ᠦᠢᠯᠡᠳᠦᠯ ᠢ ᠪᠠᠳᠠᠷᠠᠭᠤᠯᠬᠤ ᠶᠢᠨ ᠲᠥᠯᠦᠭᠡ᠂ ᠣᠷᠴᠢᠮ ᠤᠨ ᠡᠳᠦᠷ᠂  ᠰᠢᠭᠤᠶᠢᠲᠤ ᠲᠣᠭᠤᠷᠢᠭ ᠤᠨ ᠳᠠᠩᠰᠠ ᠡᠪᠬᠡᠮᠡᠯ ᠤᠨ ᠲᠣᠪᠴᠢᠶᠠᠨ ᠤ ᠸᠧᠴᠠᠲ ᠤᠨ ᠨᠡᠶᠢᠲᠡ ᠶᠢᠨ ᠨᠣᠮᠧᠷ ᠵᠢᠩᠬᠢᠨᠢ ᠪᠠᠷ ᠨᠡᠬᠡᠭᠡᠨ ᠠᠵᠢᠯᠯᠠᠭᠠᠨ ᠳᠤ ᠣᠷᠤᠵᠠᠢ᠂ ᠡᠨᠡ ᠪᠣᠯ ᠳᠠᠩᠰᠠ ᠡᠪᠬᠡᠮᠡᠯ ᠤᠨ ᠰᠠᠯᠠᠭ᠎ᠠ ᠮᠦᠴᠢᠷ ᠴᠠᠭ ᠦᠶ᠎ᠡ ᠶᠢᠨ ᠬᠦᠭᠵᠢᠯᠲᠡ ᠶᠢ ᠲᠠᠭᠠᠨ᠂ ᠰᠢᠨ᠎ᠡ ᠵᠠᠭᠤᠴᠢᠯᠠᠭᠤᠷ ᠢ ᠠᠰᠢᠭᠯᠠᠵᠤ ᠳᠠᠩᠰᠠ ᠡᠪᠬᠡᠮᠡᠯ ᠤᠨ ᠰᠣᠶᠣᠯ ᠢᠶᠠᠨ ᠲᠠᠷᠬᠠᠭᠠᠵᠤ᠂ ᠳᠠᠩᠰᠠ ᠡᠪᠬᠡᠮᠡᠯ ᠤᠨ ᠠᠵᠢᠯ ᠢᠶᠠᠨ ᠤᠬᠠᠭᠤᠯᠵᠤ᠂ ᠦᠷᠭᠡᠨ ᠣᠯᠠᠨ ᠠᠷᠠᠳ ᠲᠦᠮᠡᠨ ᠲᠠᠢ ᠬᠠᠷᠢᠴᠠᠬᠤ ᠴᠢᠬᠤᠯᠠ ᠳᠠᠪᠴᠠᠩ ᠪᠣᠯᠤᠨ᠎ᠠ᠃      ᠰᠢᠭᠤᠶᠢᠲᠤ  ᠲᠤᠭᠤᠷᠢᠭ ᠤᠨ ᠳᠠᠩᠰᠠ ᠡᠪᠬᠡᠮᠡᠯ ᠤᠨ ᠸᠧᠴᠠᠲ ᠤᠨ ᠨᠡᠶᠢᠲᠡ ᠶᠢᠨ ᠨᠣᠮᠧᠷ ᠪᠣᠯ ᠬᠦᠮᠦᠰ ᠤᠨ ᠬᠠᠷᠢᠯᠴᠠᠨ ᠦᠢᠯᠡᠳᠦᠯᠴᠡᠬᠦ ᠨᠢᠭᠡᠨ ᠰᠢᠯᠵᠢᠮᠡᠯ ᠬᠤᠯᠪᠤᠭᠠᠨ ᠤ ᠳᠠᠪᠴᠠᠩ ᠪᠣᠯᠤᠨ᠎ᠠ᠂ ᠲᠡᠷᠡ ᠨᠢ ᠦᠰᠦᠭ ᠪᠢᠴᠢᠭ᠂ ᠵᠢᠷᠤᠭ ᠳᠦᠷᠰᠦ᠂ ᠳᠠᠭᠤ ᠰᠢᠩᠭᠡᠯᠲᠡ᠂ ᠳᠦᠷᠰᠦ ᠰᠢᠩᠭᠡᠯᠲᠡ ᠵᠡᠷᠭᠡ ᠣᠯᠠᠨ ᠶᠠᠩᠵᠤ ᠶᠢᠨ ᠬᠡᠯᠪᠡᠷᠢ ᠪᠠᠷ ᠳᠠᠩᠰᠠ ᠡᠪᠬᠡᠮᠡᠯ ᠤᠨ ᠬᠠᠮᠤᠭ ᠰᠢᠨ᠎ᠡ  ᠪᠠᠶᠢᠳᠠᠯ ᠢ  ᠨᠡᠶᠢᠲᠡᠯᠡᠵᠦ᠂ ᠳᠠᠩᠰᠠ ᠡᠪᠬᠡᠮᠡᠯ ᠤᠨ ᠲᠥᠷᠦ ᠶᠢᠨ ᠪᠣᠳᠤᠯᠭ᠎ᠠ ᠬᠠᠥᠯᠢ ᠳᠦᠷᠢᠮ ᠢ ᠤᠬᠠᠭᠤᠯᠤᠨ ᠰᠤᠷᠳᠠᠯᠴᠠᠯᠠᠵᠤ᠂ ᠳᠠᠩᠰᠠ ᠡᠪᠬᠡᠮᠡᠯ ᠤᠨ ᠣᠷᠳᠤᠨ ᠤ ᠰᠣᠳᠤᠨ ᠰᠢᠯᠢᠳᠡᠭ ᠵᠦᠢᠯᠡᠰ ᠢ ᠳᠡᠯᠭᠡᠨ ᠦᠵᠡᠭᠦᠯᠵᠦ᠂ ᠳᠠᠩᠰᠠ ᠡᠪᠬᠡᠮᠡᠯ ᠯᠠᠪᠯᠠᠨ ᠪᠣᠯᠭᠠᠨ ᠦᠵᠡᠵᠦ ᠠᠰᠢᠭᠯᠠᠬᠤ ᠳᠤ ᠬᠠᠩᠭᠠᠨ᠎ᠠ᠃      ᠣᠳᠣᠬᠠᠨ ᠳᠤ᠂ ᠰᠢᠭᠤᠶᠢᠲᠤ ᠲᠣᠭᠤᠷᠢᠭ ᠤᠨ ᠳᠠᠩᠰᠠ ᠡᠪᠬᠡᠮᠡᠯ ᠤᠨ ᠨᠡᠶᠢᠲᠡ ᠶᠢᠨ ᠨᠣᠮᠧᠷ ᠨᠢ ᠰᠠᠶ᠋ᠢ ᠡᠬᠢᠯᠡᠵᠤ ᠪᠠᠶᠢᠭ᠎ᠠ ᠪᠣᠯᠬᠤᠷ ᠪᠢᠳᠡ ᠳᠠᠰᠤᠷᠠᠯᠲᠠ ᠦᠭᠡᠢ ᠰᠢᠯᠢᠳᠡᠭᠵᠢᠭᠦᠯᠦᠨ ᠲᠡᠭᠦᠯᠳᠡᠷᠵᠢᠭᠦᠯᠦᠨ᠎ᠡ᠃ ᠡᠯ᠎ᠡ ᠱᠠᠲᠤᠨ ᠤ ᠳᠠᠩᠰᠠ ᠡᠪᠬᠡᠮᠡᠯ ᠤᠨ ᠰᠠᠯᠠᠭ᠎ᠠ ᠮᠦᠴᠢᠷ ᠪᠠ ᠨᠡᠶᠢᠭᠡᠮ ᠤᠨ ᠡᠯ᠎ᠡ ᠡᠳᠡᠭᠡᠳ ᠤᠨ ᠬᠢᠨ ︽ᠪᠣᠭᠤᠳᠤ ᠬᠤᠲᠠ ᠰᠢᠭᠤᠶᠢᠲᠤ ᠲᠣᠭᠤᠷᠢᠭ ᠤᠨ ᠳᠠᠩᠰᠠ ᠡᠪᠬᠡᠮᠡᠯ ᠤᠨ ᠲᠣᠪᠴᠢᠶ᠎ᠠ︾᠎ ᠶᠢᠨ ᠸᠧᠴᠠᠲ ᠤᠨ ᠨᠡᠢᠲᠡ ᠶᠢᠨ ᠨᠣᠮᠧᠷ ᠢ ᠠᠩᠬᠠᠷᠤᠯ ᠳᠤ ᠪᠠᠨ ᠬᠠᠨᠳᠤᠭᠤᠯᠬᠤ ᠶᠢ ᠪᠠᠶᠠᠷᠯᠠᠨ ᠤᠭᠲᠤᠨ᠎ᠠ᠃ ᠪᠣᠳᠠᠲᠠᠢ ᠠᠩᠬᠠᠷᠤᠯ ᠢᠶᠠᠨ ᠬᠠᠨᠳᠤᠭᠤᠯᠬᠤ ᠠᠷᠭ᠎ᠠ ᠬᠡᠯᠪᠡᠷᠢ ᠪᠣᠯ᠄ ᠸᠧᠴᠠᠲ ᠢᠶᠠᠨ ᠨᠡᠬᠡᠭᠡᠳ ᠪᠠᠷᠠᠭᠤᠨ ᠳᠡᠭᠡᠷ᠎ᠡ ᠥᠨᠴᠦᠭ ᠳᠡᠭᠡᠷᠡᠬᠢ  ᠨᠡᠶᠢᠲᠡ ᠶᠢᠨ ᠨᠣᠮᠧᠷ ᠶᠢ ᠨᠡᠮᠡᠵᠦ ᠠᠪᠬᠤ ᠳᠡᠭᠡᠷ᠎ᠡ ︽ᠪᠣᠭᠤᠳᠤ ᠬᠤᠲᠠ‌‍ᠶᠢᠨ ᠰᠢᠭᠤᠶᠢᠲᠤ ᠲᠣᠭᠤᠷᠢᠭ ᠤᠨ ᠳᠠᠩᠰᠠ ᠡᠪᠬᠡᠮᠡᠯ ᠤᠨ ᠲᠣᠪᠴᠢᠶ᠎ᠠ︾ ᠬᠡᠰᠡᠨ ᠢ ᠪᠢᠴᠢᠵᠦ ᠲᠣᠶ᠋ᠢᠨ ᠠᠩᠬᠠᠷᠴᠤ ᠠᠪᠴᠤ ᠪᠣᠯᠤᠨ᠎ᠠ᠂ ᠪᠠᠰᠠ ᠳᠣᠣᠷᠠᠬᠢ ᠬᠤᠶᠠᠷ ᠬᠡᠮᠵᠢᠯᠲᠦ ᠺᠣᠳ᠋ ᠢ ᠰᠢᠷᠪᠢᠨ ᠨᠡᠮᠡᠵᠦ ᠠᠪᠴᠤ ᠪᠣᠯᠤᠨ᠎ᠠ᠂ ᠨᠡᠶᠢᠭᠡᠮ ᠤᠨ ᠡᠯ᠎ᠡ ᠡᠲᠡᠭᠡᠳ ᠤᠨ ᠬᠠᠯᠠᠮᠵᠢᠯᠠᠯ ᠪᠠ ᠳᠡᠮᠵᠢᠯᠭᠡ  ᠪᠠᠶᠢᠪᠠᠯ᠂ ᠰᠢᠭᠤᠶᠢᠲᠤ ᠲᠣᠭᠤᠷᠢᠭ ᠤᠨ ᠳᠠᠩᠰᠠ ᠡᠪᠬᠡᠮᠡᠯ ᠤᠨ ᠠᠵᠢᠯ ᠯᠠᠪᠲᠠᠢ ᠪᠠᠰᠠ ᠨᠢᠭᠡᠨ ᠰᠢᠨ᠎ᠡ ᠱᠠᠲᠤ ᠶᠢ ᠠᠯᠬᠤᠨ ᠭᠠᠷᠬᠤ ᠳᠤ ᠢᠲᠡᠭᠡᠯ ᠲᠠᠢ᠃
 
ᠢᠷᠡᠯᠲᠡ᠄ ᠰᠢᠭᠤᠶᠢᠲᠤ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号