ᠰᠢᠭᠤᠶᠢᠲᠤ ᠲᠤᠭᠤᠷᠢᠭ 2018  ᠤᠨ ᠤ ᠡᠪᠡᠳᠴᠢᠨ ᠡᠮᠬᠡᠭ ᠢ ᠰᠡᠷᠭᠡᠶᠢᠯᠡᠨ ᠡᠵᠡᠮᠳᠡᠬᠦ ᠭᠤᠤᠯᠳᠠᠯᠭ᠎ᠠ ᠎ ᠲᠠᠢ ᠠᠵᠢᠯ ᠤᠨ ᠬᠤᠷᠠᠯ ᠬᠤᠷᠠᠯᠳᠤᠭᠰᠠᠨ
ᠨᠡᠶᠢᠲᠡᠯᠡᠭᠰᠡᠨ ᠴᠠᠭ᠄
2018-04-23
     ᠪᠣᠭᠤᠳᠤ ᠬᠤᠲᠠ ᠶᠢᠨ ᠡᠷᠡᠭᠦᠯ ᠬᠠᠮᠠᠭᠠᠯᠠᠯ ᠲᠥᠯᠦᠪᠯᠡᠭᠡᠳᠦ ᠦᠷᠡᠵᠢᠯ ᠤᠨ ᠵᠥᠪᠯᠡᠯ ᠡᠴᠡ‌ᠬᠤᠷᠠᠯᠳᠤᠭᠤᠯᠤᠭᠰᠠᠨ ︽ᠪᠦᠬᠦ ᠬᠤᠲᠠ ᠶᠢᠨ ᠡᠪᠡᠳᠴᠢᠨ ᠡᠮᠬᠡᠭ ᠢ  ᠰᠡᠷᠭᠡᠶᠢᠯᠡᠨ ᠡᠵᠡᠮᠳᠡᠬᠦ ᠠᠵᠢᠯ ᠤᠨ ᠳ᠋ᠦᠩᠨᠡᠯᠳᠡ ᠪᠠᠢᠷᠢᠯᠠᠭᠤᠯᠤᠯᠲᠠ ᠬᠢᠬᠡᠳ ᠰᠠᠭᠤᠳᠠᠯ ᠤᠨ ᠬᠤᠷᠠᠯ︾ ᠪᠠ ᠪᠣᠭᠤᠲᠤ ᠬᠤᠲᠠ ᠶᠢᠨ ᠡᠪᠡᠳᠴᠢᠨ  ᠡᠮᠬᠡᠭ ᠢ  ᠰᠡᠷᠭᠡᠶᠢᠯᠡᠨ ᠡᠵᠡᠮᠳᠡᠬᠦ ᠲᠥᠪ ᠤᠨ ᠬᠤᠷᠠᠯᠳᠤᠭᠤᠯᠤᠭᠰᠠᠨ ︽ᠪᠦᠬᠦ ᠬᠤᠲᠠ ᠶᠢᠨ ᠡᠪᠡᠳᠴᠢᠨ‌ᠡᠮᠭᠡᠭ ᠶᠢ  ᠰᠡᠷᠭᠡᠶᠢᠯᠡᠨ ᠡᠵᠡᠮᠳᠡᠬᠦ ᠲᠥᠪ ᠤᠨ ᠡᠷᠬᠢᠯᠡᠭᠴᠢ ᠶᠢᠨ ᠬᠤᠷᠠᠯ︾᠎ ᠤᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ  ᠨᠠᠶᠢᠳᠠᠪᠤᠷᠢᠵᠢᠭᠤᠯᠬᠤ ᠶᠢᠨ ᠲᠥᠯᠦᠭᠡ᠂ ᠮᠠᠨ ᠤ ᠲᠣᠭᠤᠷᠢᠭ ᠤᠨ 2018 ᠣᠨ ᠤ ᠡᠪᠡᠳᠴᠢᠨ ᠡᠮᠭᠡᠭ ᠢ  ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠬᠡᠷᠡᠭᠲᠡᠢ ᠭᠡᠵᠡᠢ᠃ 2018 ᠣᠨ ᠤ 3 ᠰᠠᠷ᠎ᠠ ᠶᠢᠨ 29᠎ ᠤ ᠡᠳᠦᠷ ᠤᠨ ᠦᠳᠡ ᠶᠢᠨ ᠬᠤᠶᠢᠨ᠎ᠠ᠂ ᠰᠢᠭᠤᠶᠢᠲᠤ ᠲᠣᠭᠤᠷᠢᠭ 2018 ᠣᠨ ᠤ ᠡᠪᠡᠳᠴᠢᠨ ᠡᠮᠬᠡᠭ ᠢ  ᠰᠡᠷᠭᠡᠶᠢᠯᠡᠨ ᠡᠵᠡᠮᠳᠡᠬᠦ ᠭᠤᠣᠯᠳᠠᠯᠭ᠎ᠠ ᠲᠠᠢ ᠠᠵᠢᠯ ᠤᠨ ᠬᠤᠷᠠᠯ ᠬᠤᠷᠠᠯᠳᠤᠭᠤᠯᠤᠭᠰᠠᠨ ᠪᠠᠶᠢᠨ᠎ᠠ᠃ ᠰᠢᠭᠤᠶᠢᠲᠤ ᠲᠣᠭᠤᠷᠢᠭ ᠤᠨ ᠡᠷᠡᠭᠦᠯ ᠬᠠᠮᠠᠭᠠᠯᠠᠯ ᠲᠥᠯᠦᠪᠯᠡᠭᠡᠲᠦ ᠦᠷᠡᠵᠢᠯ ᠤᠨ ᠲᠣᠪᠴᠢᠶᠠᠨ ᠤ ᠲᠣᠪᠴᠢᠶᠠᠨ ᠳᠠᠷᠤᠭ᠎ᠠ᠂ ᠰᠠᠯᠪᠦᠷᠢ ᠬᠠᠮᠢᠶᠠᠷᠤᠯᠲᠠ ᠶᠢᠨ ᠳᠡᠳ᠋ ᠲᠣᠪᠴᠢᠶᠠᠨ ᠳᠠᠷᠤᠭ᠎ᠠ᠂ ᠡᠪᠡᠳᠴᠢᠨ ᠡᠮᠬᠡᠭ ᠢ  ᠰᠡᠷᠭᠡᠶᠢᠯᠡᠨ ᠡᠵᠡᠮᠳᠡᠬᠦ ᠲᠥᠪ᠂  ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠲᠥᠪ᠂ ᠪᠠᠳᠺᠠᠷ ᠵᠣᠤ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ᠂ ᠵᠢᠪᠬᠤᠯᠠᠩᠲᠤ ᠰᠣᠮᠣ ᠶᠢᠨ ᠡᠷᠡᠭᠦᠯ ᠬᠠᠮᠠᠭᠠᠯᠠᠯ ᠤᠨ ᠬᠤᠷᠢᠶᠠᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠤᠯᠴᠠᠭᠰᠠᠨ  ᠪᠠᠶᠢᠨ᠎ᠠ᠃      ᠬᠤᠷᠠᠯ ᠳᠡᠭᠡᠷ᠎ᠡ᠂ ᠡᠪᠡᠳᠴᠢᠨ ᠡᠮᠬᠡᠭ ᠢ  ᠰᠡᠷᠭᠡᠶᠢᠯᠡᠨ ᠡᠵᠡᠮᠳᠡᠬᠦ ᠲᠥᠪ ᠤᠨ ᠡᠷᠬᠢᠯᠡᠭᠴᠢ 2017 ᠣᠨ ᠤ ᠪᠦᠬᠦ ᠬᠤᠲᠠ ᠶᠢᠨ ᠬᠠᠥᠯᠢ ᠳᠤ ᠲᠣᠭᠲᠠᠭᠰᠠᠨ ᠬᠠᠯᠳᠠᠪᠦᠷᠢᠲᠤ ᠡᠪᠡᠳᠴᠢᠨ ᠤ ᠮᠡᠳᠡᠭᠦᠯᠦᠯᠳᠡ ᠶᠢᠨ ᠴᠢᠨᠠᠷ ᠴᠢᠨᠰᠠᠭ᠎ᠠ ᠪᠠ ᠬᠠᠮᠢᠶᠠᠷᠤᠯᠲᠠ ᠶᠢᠨ ᠠᠵᠢᠯ ᠤᠨ ᠬᠢᠨᠠᠨ ᠵᠢᠯᠤᠭᠤᠳᠴᠤ ᠦᠨᠡᠯᠡᠭᠰᠡᠨ ᠦᠷ᠎ᠡ ᠳ᠋ᠦᠩ ᠤᠨ ᠮᠡᠳᠡᠭᠳᠡᠯ᠂ 2018 ᠣᠨ ᠤ 1~3 ᠰᠠᠷ᠎ᠠ ᠶᠢᠨ ᠰᠦᠷᠢᠶ᠎ᠡ ᠡᠪᠡᠳᠴᠢᠨ ᠤ  ᠰᠡᠷᠭᠡᠶᠢᠯᠡᠨ ᠵᠠᠰᠠᠬᠤ ᠠᠵᠢᠯ ᠤᠨ ᠠᠬᠢᠴᠠ ᠶᠢᠨ  ᠪᠠᠶᠢᠳᠠᠯ ᠤᠨ ᠮᠡᠳᠡᠭᠳᠡᠯ᠂ ︽ᠪᠣᠭᠤᠲᠤ ᠬᠤᠲᠠ ᠶᠢᠨ ᠶᠢᠷᠳᠢᠨᠴᠦ ᠶᠢᠨ ᠪᠦ᠋ ᠯᠦ ᠱᠢ ᠪᠠᠺᠲ᠋ᠧᠷᠢ ᠡᠪᠡᠳᠴᠢᠨ ᠢ  ᠰᠡᠷᠭᠡᠶᠢᠯᠡᠨ ᠵᠠᠰᠠᠬᠤ ᠶᠢ ᠬᠡᠷᠡᠭᠵᠢᠬᠦᠯᠬᠦ ᠲᠥᠰᠥᠯ︾᠂ 2017ᠣᠨ ᠤ ᠦᠷ᠎ᠡ ᠵᠠᠯᠭᠠᠬᠤ ᠶᠢ  ᠰᠡᠷᠭᠡᠶᠢᠯᠡᠬᠦ  ᠪᠠᠶᠢᠳᠠᠯ ᠤᠨ ᠵᠠᠳᠠᠯᠤᠯᠲᠠ ᠪᠠ ᠪᠦᠬᠦ ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠴᠢᠬᠤᠯᠠ ᠠᠵᠢᠯ ᠤᠨ ᠬᠠᠷᠢᠭᠤ ᠮᠡᠳᠡᠭᠦᠯᠦᠯᠲᠡ ᠶᠢᠨ ᠰᠠᠭᠤᠳᠠᠯ ᠤᠨ ᠬᠤᠷᠠᠯ ᠤᠨ ᠵᠣᠷᠢᠭ ᠰᠠᠨᠠᠭ᠎ᠠ ᠶᠢ ᠳᠠᠮᠵᠢᠭᠤᠯᠵᠤ᠂ ᠪᠠᠰᠠ 2018 ᠣᠨ ᠤ ᠪᠦᠬᠦ ᠲᠤᠭᠤᠷᠢᠭ ᠤᠨ ᠡᠪᠡᠳᠴᠢᠨ ᠡᠮᠬᠡᠭ ᠢ  ᠰᠡᠷᠭᠡᠶᠢᠯᠡᠨ ᠡᠵᠡᠮᠳᠡᠬᠦ ᠠᠵᠢᠯ ᠳᠤ ᠠᠵᠢᠯ ᠤᠨ ᠪᠠᠶᠢᠷᠰᠢᠭᠤᠯᠤᠯᠲᠠ ᠬᠢᠭᠰᠡᠨ ᠪᠠᠶᠢᠨ᠎ᠠ᠃      ᠳᠠᠷᠠᠭ᠎ᠠ ᠨᠢ᠂ ᠬᠤᠷᠠᠯ ᠳᠤ ᠣᠷᠤᠯᠴᠠᠭᠰᠠᠳ ᠰᠦᠷᠢᠶ᠎ᠡ ᠡᠪᠡᠳᠴᠢᠨ᠂ ᠦᠷ᠎ᠡ ᠵᠠᠯᠭᠠᠬᠤ ᠶᠢ  ᠰᠡᠷᠭᠡᠶᠢᠯᠡᠬᠦ ᠡᠭᠦᠷᠭᠡ ᠭᠤᠣᠯᠳᠠᠯᠭ᠎ᠠ ᠲᠠᠢ ᠠᠵᠢᠯ ᠤᠨ ᠬᠠᠮᠢᠶᠠᠷᠤᠯᠲᠠ᠂ ᠲᠤᠰᠢᠶᠠᠯ ᠬᠠᠷᠢᠭᠤᠴᠠᠯᠭ᠎ᠠ ᠵᠢᠨ‌ᠬᠤᠪᠢᠶᠠᠷᠢᠯᠠᠯ᠂ ᠠᠵᠢᠯ ᠤᠨ ᠳᠤᠮᠳᠠ ᠣᠷᠤᠰᠢᠵᠤ ᠪᠠᠶᠢᠭ᠎ᠠ ᠬᠦᠴᠢᠷᠳᠡᠯ ᠵᠡᠷᠭᠡ ᠶᠢ ᠬᠥᠭᠵᠢᠶᠡᠨᠲᠠᠢ ᠶᠠᠷᠢᠯᠴᠠᠭᠰᠠᠨ ᠪᠠᠶᠢᠨ᠎ᠠ᠃ ᠲᠤᠰ ᠤᠳᠠᠭᠠᠨ ᠤ ᠬᠤᠷᠠᠯ ᠢ ᠬᠤᠷᠠᠯᠳᠤᠭᠤᠯᠤᠭᠰᠠᠨ ᠨᠢ᠂ ᠡᠯ᠎ᠡ ᠡᠮ ᠡᠮᠨᠡᠯᠭᠡ ᠶᠢᠨ ᠪᠠᠢᠭᠤᠯᠤᠮᠵᠢ ᠶᠢᠨ ᠠᠵᠢᠯ ᠤᠨ ᠲᠤᠰᠢᠶᠠᠯ ᠬᠠᠷᠢᠭᠤᠴᠠᠯᠭ᠎ᠠ ᠶᠢ ᠨᠡᠩ ᠲᠣᠳᠣᠷᠬᠠᠢ  ᠪᠣᠯᠭᠠᠵᠤ᠂ ᠡᠭᠦᠨ ᠠᠴᠠ ᠬᠤᠢᠰᠢᠬᠢ ᠡᠪᠡᠳᠴᠢᠨ ᠡᠮᠬᠡᠭ ᠢ  ᠰᠡᠷᠭᠡᠶᠢᠯᠡᠬᠦ ᠠᠵᠢᠯ ᠶᠠᠪᠤᠭᠳᠠᠬᠤ ᠳᠤ  ᠬᠦᠴᠦᠲᠠᠢ ᠪᠠᠲᠤᠯᠠᠭ᠎ᠠ ᠬᠠᠩᠭᠠᠵᠠᠢ᠃
 
ᠢᠷᠡᠯᠲᠡ᠄ ᠰᠢᠭᠤᠶᠢᠲᠤ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号