ᠳ᠋ᠠ ᠹᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠰᠢᠭᠤᠶᠢᠲᠤ ᠨᠡᠶᠢᠭᠡᠮ ᠲᠤᠭᠤᠷᠢᠭ ︽ᠠᠮᠢ ᠨᠠᠰᠤ ᠶᠢ ᠨᠠᠨᠳᠢᠩᠨᠠᠵᠤ᠂ ᠡᠷᠡᠭᠦᠯ ᠴᠢᠬᠢᠷᠠᠭ ᠢ ᠬᠠᠶᠢᠷᠠᠯᠠᠨ ᠬᠠᠯᠠᠮᠵᠢᠯᠠᠶ᠎ᠠ︾ ᠭᠡᠬᠦ  ᠨᠡᠶᠢᠲᠡ ᠶᠢᠨ ᠬᠠᠯᠠᠮᠵᠢ ᠠᠰᠠᠷᠠᠮᠵᠢ ᠶᠢᠨ ᠶᠠᠷᠢᠶ᠎ᠠ ᠢᠯᠡᠳᠬᠡᠯ ᠢ ᠡᠷᠬᠢᠯᠡᠭᠰᠡᠨ ᠪᠠᠶᠢᠨ᠎ᠠ
ᠨᠡᠶᠢᠲᠡᠯᠡᠭᠰᠡᠨ ᠴᠠᠭ᠄
2018-04-23
     ᠳ᠋ᠠ ᠹᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠰᠢᠭᠤᠶᠢᠲᠤ ᠨᠡᠶᠢᠭᠡᠮ ᠲᠤᠭᠤᠷᠢᠭ ︽ᠠᠮᠢ ᠨᠠᠰᠡᠷᠡᠭᠦᠯ ᠴᠢᠬᠢᠷᠠᠭ ᠤᠨ ᠰᠤᠷᠭᠠᠨ ᠬᠦᠮᠦᠵᠢᠯ ᠢ ᠴᠢᠩᠭᠠᠳᠬᠠᠵᠤ᠂ ᠡᠷᠡᠭᠦᠯ ᠴᠢᠬᠢᠷᠠᠭ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ᠰᠠᠭᠤᠭᠠᠯᠢ ᠠᠷᠠᠳ ᠤᠨ ᠭᠡᠨᠡᠳᠲᠡ ᠶᠢᠨ ᠠᠳᠡᠯ ᠢ ᠰᠡᠷᠭᠡᠢᠯᠡᠬᠦ ᠦᠵᠡᠯ ᠤᠬᠠᠮᠰᠠᠷ ᠢ ᠳᠡᠭᠡᠭᠰᠢᠯᠡᠭᠦᠯᠬᠦ ᠶᠢᠨ ᠲᠥᠯᠦᠭᠡ᠂ 3 ᠰᠠᠷ᠎ᠠ ᠶᠢᠨ 30 ᠤ ᠦᠳᠡ ᠶᠢᠨ ᠡᠮᠦᠨ᠎ᠡ᠂ ᠳ᠋ᠠ ᠹᠠ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠰᠢᠭᠤᠶᠢᠲᠤ ᠨᠡᠶᠢᠭᠡᠮ ᠲᠣᠭᠤᠷᠢᠭ ︽ᠠᠮᠢ ᠨᠠᠰᠤ ᠶᠢ ᠨᠠᠨᠳᠢᠩᠨᠠᠵᠤ᠂ ᠡᠷᠡᠭᠦᠯ ᠴᠢᠬᠢᠷᠠᠭ ᠢ ᠬᠠᠶᠢᠷᠠᠯᠠᠨ‌ᠬᠠᠯᠠᠮᠵᠢᠯᠠᠶ᠎ᠠ︾ ᠭᠡᠬᠦ  ᠨᠡᠶᠢᠲᠡ ᠶᠢᠨ ᠬᠠᠯᠠᠮᠵᠢ ᠠᠰᠠᠷᠠᠮᠵᠢ ᠶᠢᠨ ᠲᠤᠰᠬᠠᠢ ᠰᠡᠳᠦᠪᠲᠤ ᠶᠠᠷᠢᠶ᠎ᠠ ᠢᠯᠡᠳᠬᠡᠯ ᠢ ᠡᠷᠬᠢᠯᠡᠭᠰᠡᠨ ᠪᠠᠶᠢᠨ᠎ᠠ᠃ ᠳᠤᠮᠳᠠᠳᠤ ᠤᠯᠤᠰ ᠤᠨ ᠠᠶᠤᠯᠭᠦᠢ ᠡᠷᠡᠭᠦᠯ ᠴᠢᠬᠢᠷᠠᠭ ᠤᠨ ᠰᠤᠷᠭᠠᠨ ᠬᠦᠮᠦᠵᠢᠯ ᠤᠨ ᠲᠥᠪ ᠂ ᠥᠪᠦᠷ ᠮᠣᠩᠭᠤᠯ ᠤᠨ ᠡᠷᠡᠭᠦᠯ ᠴᠢᠬᠢᠷᠠᠭ ᠤᠨ ᠰᠤᠷᠭᠠᠨ ᠬᠦᠮᠦᠵᠢᠯ ᠤᠨ ᠲᠤᠰᠬᠠᠢ ᠮᠡᠷᠭᠡᠵᠢᠯ ᠤᠨ ᠵᠥᠪᠯᠡᠯ ᠤᠨ ᠲᠤᠰᠬᠠᠢ ᠮᠡᠷᠭᠡᠵᠢᠯᠲᠡᠨ ᠪᠦ᠋ ᠳ᠋ᠠᠨ ᠳ᠋ᠠᠨ ᠯᠧᠺᠲ᠋ᠣᠷ ᠢ ᠣᠨᠴᠠ ᠤᠷᠢᠨ ᠡᠷᠡᠭᠦᠯ ᠴᠢᠬᠢᠷᠠᠭ ᠤᠨ ᠮᠡᠳᠡᠯᠭᠡ ᠶᠢ ᠲᠦᠭᠡᠮᠡᠯᠵᠢᠭᠦᠯᠦᠭᠰᠡᠨ ᠪᠠᠢᠨ᠎ᠠ᠂ ᠡᠭᠦᠨ ᠳᠤ 50 ᠢᠯᠡᠭᠦᠦ ᠰᠠᠭᠤᠭᠠᠯᠢ ᠠᠷᠠᠳ ᠢᠷᠡᠵᠤ ᠰᠣᠨᠣᠰᠤᠭᠰᠠᠨ ᠪᠠᠶᠢᠨ᠎ᠠ᠃      ᠲᠤᠰ ᠤᠳᠠᠭᠠᠨ ᠤ ᠶᠠᠷᠢᠶ᠎ᠠ ᠢᠯᠡᠳᠬᠡᠯ ᠤᠨ ᠠᠭᠤᠯᠭ᠎ᠠ ᠨᠢ ᠪᠠᠶᠠᠯᠢᠭ᠂ ᠬᠡᠷᠡᠭᠴᠡᠭᠡᠲᠦ ᠴᠢᠨᠠᠷ ᠢᠶᠠᠷ ᠴᠢᠩᠭ᠎ᠠ᠂ ᠪᠦ᠋ ᠳ᠋ᠠᠨ ᠳ᠋ᠠᠨ ᠯᠧᠺᠲ᠋ᠣᠷ ᠭᠤᠣᠯᠳᠠᠭᠤ ᠲᠤᠬᠠᠢ ᠶᠢᠨ ᠭᠠᠵᠠᠷ ᠤᠨ ᠪᠠᠴᠢᠮ ᠠᠪᠤᠷᠠᠯᠲᠠ ᠶᠢᠨ ᠴᠢᠳᠠᠪᠦᠷᠢ᠂ ᠠᠭᠠᠷ ᠤᠨ ᠪᠣᠵᠠᠷᠲᠤᠯ ᠤᠨ ᠬᠤᠣᠷ ᠬᠥᠨᠦᠭᠡᠯ ᠵᠢᠴᠢ ᠡᠷᠡᠭᠦᠯ ᠴᠢᠬᠢᠷᠠᠭ ᠤᠨ ᠰᠡᠷᠭᠡᠶᠢᠯᠡᠨ ᠬᠠᠮᠠᠭᠠᠯᠠᠯᠲᠠ ᠶᠢᠨ ᠡᠷᠭᠢᠨ ᠲᠣᠭᠤᠷᠢᠨ ᠳᠤ᠂ ᠪᠠᠰᠠ ᠲᠡᠭᠡᠪᠡᠯ ᠬᠡᠷᠬᠢᠨ ᠲᠣᠭᠲᠠᠭᠰᠠᠨ ᠬᠡᠮᠵᠢᠶᠡᠨ ᠤ ᠬᠦᠳᠡᠯᠭᠡᠭᠡᠨ ᠢᠶᠠᠷ᠂ ᠡᠷᠡᠭᠦᠯ ᠴᠢᠬᠢᠷᠠᠭ ᠰᠡᠳᠬᠢᠴᠡ ᠵᠢᠴᠢ ᠰᠤᠳᠠᠯ ᠰᠠᠯᠳᠠᠷ ᠳᠠᠷᠤᠬᠤ ᠠᠷᠭ᠎ᠠ ᠶᠢ ᠬᠡᠷᠡᠭᠯᠡᠨ ᠥᠷᠭᠦᠯᠵᠢ ᠲᠣᠬᠢᠶᠠᠯᠳᠤᠳᠠᠭ ᠠᠵᠢᠯ ᠮᠡᠷᠭᠡᠵᠢᠯ ᠤᠨ ᠡᠪᠡᠳᠴᠢᠨ ᠢ ᠰᠡᠷᠭᠡᠶᠢᠯᠡᠬᠦ ᠪᠠ ᠵᠠᠰᠠᠬᠤ ᠵᠡᠷᠭᠡ ᠠᠭᠤᠯᠭ᠎ᠠ ᠶᠢᠨ ᠣᠷᠴᠢᠨ ᠲᠣᠭᠤᠷᠢᠨ ᠳᠤ ᠠᠮᠢᠳᠤᠯᠢᠭ ᠮᠦᠷᠲᠡᠭᠡᠨ ᠨᠠᠷᠠᠯᠢᠭ ᠰᠠᠶᠢᠬᠠᠨ ᠶᠠᠷᠢᠨ ᠲᠠᠶᠢᠯᠪᠤᠷᠢᠯᠠᠭᠰᠠᠨ ᠪᠠᠶᠢᠨ᠎ᠠ᠃
 
ᠢᠷᠡᠯᠲᠡ᠄ ᠰᠢᠭᠤᠶᠢᠲᠤ ᠲᠤᠭᠤᠷᠢᠭ ᠤᠨ ᠳ᠋ᠠ ᠹᠠ ᠵᠡᠭᠡᠯᠢ ᠭᠤᠳᠤᠮᠵᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号