ᠰᠢᠭᠤᠶᠢᠲᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠶᠥᠯᠭᠦᠢ ᠦᠢᠯᠡᠳᠪᠦᠷᠢᠯᠡᠡᠯ ᠤᠨ ᠳᠠᠯᠳᠠ ᠠᠶᠥᠯ ᠭᠡᠮ ᠢ ᠪᠠᠶᠢᠴᠠᠭᠠᠨ ᠭᠠᠷᠭᠠᠵᠤ ᠥᠭᠡᠷᠡᠴᠢᠯᠡᠨ ᠵᠠᠰᠠᠬᠤ ᠶᠢ ᠪᠦᠬᠦ ᠲᠠᠯ᠎ᠠ ᠪᠠᠷ ᠶᠠᠪᠤᠭᠳᠠᠭᠤᠯᠤᠭᠰᠠᠨ
ᠨᠡᠶᠢᠲᠡᠯᠡᠭᠰᠡᠨ ᠴᠠᠭ᠄
2018-04-23
     ᠭᠠᠯ ᠢ ᠰᠡᠷᠭᠡᠶᠢᠯᠡᠬᠦ ᠠᠶᠥᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠶᠢᠨ ᠲᠥᠯᠦᠭᠡ᠂ 3 ᠰᠠᠷ᠎ᠠ ᠶᠢᠨ 22 ᠤ ᠡᠳᠦᠷ᠂ ᠮᠠᠨ ᠤ ᠬᠡᠷᠡᠭ ᠡᠷᠬᠢᠯᠡᠬᠦ ᠭᠠᠵᠠᠷ ᠭᠠᠯ ᠢ ᠰᠡᠷᠭᠡᠶᠢᠯᠡᠬᠦ᠂ ᠠᠶᠥᠯᠭᠦᠢ ᠳᠠᠯᠳᠠ ᠬᠤᠣᠷᠳᠠᠯ ᠭᠡᠮ ᠢ ᠪᠠᠶᠢᠴᠠᠭᠠᠬᠤ ᠠᠵᠢᠯ ᠢ ᠶᠠᠪᠤᠭᠤᠯᠤᠭᠰᠠᠨ ᠪᠠᠶᠢᠨ᠎ᠠ᠂᠃      ᠲᠤᠰ ᠤᠳᠠᠭᠠᠨ ᠤ ᠪᠠᠶᠢᠴᠠᠭᠠᠯᠲᠠ ᠶᠢᠨ ᠲᠥᠯᠦᠭᠡ᠂  ᠨᠡᠶᠢᠭᠡᠮ ᠲᠣᠭᠤᠷᠢᠭ ᠤᠨ ᠪᠦᠬᠦ ᠠᠵᠢᠯᠲᠠᠨ 4 ᠳᠤᠭᠤᠢᠯᠠᠩ ᠪᠠᠶᠢᠭᠤᠯᠵᠤ᠂ ᠨᠡᠶᠢᠭᠡᠮ ᠲᠣᠭᠤᠷᠢᠭ ᠤᠨ ᠪᠣᠳᠠᠲᠠᠢ ᠪᠠᠶᠢᠳᠠᠯ ᠢ ᠦᠨᠳᠦᠰᠦᠯᠡᠨ᠂ ᠬᠠᠷᠢᠶᠠᠲᠤ ᠭᠠᠵᠠᠷ ᠤᠨ ᠰᠠᠭᠤᠭᠠᠯᠢ ᠠᠷᠠᠳ ᠤᠨ ᠠᠮᠢ ᠨᠠᠰᠤ ᠡᠳ᠋ ᠬᠦᠷᠦᠩᠭᠡ ᠶᠢᠨ ᠠᠮᠤᠷ ᠲᠥᠪᠰᠢᠨ ᠢ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠤᠷ ᠢ ᠵᠣᠷᠢᠵᠤ᠂  ᠪᠠᠶᠢᠴᠠᠭᠠᠬᠤ ᠠᠵᠢᠯᠲᠠᠨ ᠬᠠᠷᠢᠶᠠᠲᠤ ᠭᠠᠵᠠᠷ ᠤᠨ ᠳᠣᠲᠤᠷᠠᠬᠢ ᠬᠤᠭᠤᠯᠠ ᠤᠮᠳᠠ᠂ ᠬᠤᠨᠤᠵᠤ ᠬᠡᠪᠲᠡᠬᠦ᠂ ᠵᠠᠬ᠎ᠠ ᠳᠡᠯᠭᠡᠭᠦᠷ ᠵᠡᠷᠭᠡ ᠲᠠᠯᠠᠪᠤᠷ ᠲᠤ ᠭᠠᠯ ᠢ ᠰᠡᠷᠭᠡᠶᠢᠯᠡᠬᠦ᠂ ᠬᠤᠯᠠᠭᠠᠢ ᠶᠢ ᠰᠡᠷᠭᠡᠶᠢᠯᠡᠬᠦ᠂ ᠠᠶᠥᠯᠭᠦᠢ ᠴᠠᠬᠢᠯᠭᠠᠨ ᠬᠡᠷᠡᠭᠯᠡᠬᠦ ᠰᠢᠲᠠᠮᠠᠬᠠᠢ ᠬᠡᠢ ᠬᠡᠷᠡᠭᠯᠡᠬᠦ ᠵᠡᠷᠭᠡ ᠠᠶᠥᠯᠭᠦᠢ ᠮᠡᠳᠡᠯᠭᠡ ᠶᠢᠨ ᠤᠬᠠᠭᠤᠯᠤᠯ ᠬᠢᠭᠰᠡᠨ ᠪᠠᠶᠢᠨ᠎ᠠ᠃ ᠡᠭᠦᠨ ᠤ ᠬᠠᠮᠲᠤ ᠬᠤᠯᠪᠤᠭᠳᠠᠯ ᠪᠦᠬᠦᠢ ᠦᠨᠡᠮᠯᠡᠯ ᠡᠵᠡᠩᠨᠡᠯᠲᠡ ᠶᠢᠨ ᠵᠦᠪᠰᠢᠶᠡᠷᠡᠯ ᠤᠨ ᠪᠢᠴᠢᠭ ᠪᠠᠢᠬᠤ ᠡᠰᠡᠬᠦ ᠂ ᠠᠶᠥᠯᠭᠦᠢ ᠬᠠᠮᠢᠶᠠᠷᠤᠯᠲᠠ ᠶᠢᠨ ᠳᠦᠷᠢᠮ ᠲᠣᠭᠳᠠᠭᠠᠯ ᠲᠡᠭᠦᠯᠳᠡᠷᠵᠢᠭᠰᠡᠨ ᠡᠰᠡᠭᠦ᠂ ᠭᠠᠯ ᠢ ᠰᠡᠷᠭᠡᠶᠢᠯᠡᠬᠦ ᠳᠥᠬᠦᠭᠡᠷᠦᠮᠵᠢ ᠬᠡᠪ ᠤᠨ ᠪᠠᠶᠢᠬᠤ ᠡᠰᠡᠭᠦ᠂ ᠭᠠᠯ ᠢ ᠰᠡᠷᠭᠡᠶᠢᠯᠡᠬᠦ ᠠᠶᠥᠯᠭᠦᠢ ᠭᠠᠷᠬᠤ ᠵᠠᠮ ᠰᠢᠯᠤᠭᠤᠨ ᠨᠡᠪᠲᠡᠷᠡᠵᠦ ᠪᠠᠶᠢᠭ᠎ᠠ ᠡᠰᠡᠭᠦ᠂ ᠴᠠᠬᠢᠯᠭᠠᠨ ᠵᠠᠮ ᠬᠠᠭᠤᠴᠢᠷᠠᠭᠰᠠᠨ ᠡᠰᠡᠭᠦ ᠵᠡᠷᠭᠡ ᠠᠭᠤᠯᠭ᠎ᠠ ᠳᠤ ᠭᠤᠣᠯᠴᠢᠯᠠᠨ ᠪᠠᠶᠢᠴᠠᠭᠠᠯᠲᠠ ᠬᠢᠭᠰᠡᠨ ᠪᠠᠶᠢᠨ᠎ᠠ᠃ ᠨᠡᠶᠢᠭᠡᠮ ᠲᠣᠭᠤᠷᠢᠭ ᠤᠨ ᠠᠵᠢᠯᠲᠠᠨ ᠨᠢᠭᠡ ᠭᠠᠵᠠᠷ ᠲᠤ ᠬᠦᠷᠬᠦ ᠪᠣᠯᠭᠠᠨ᠂ ᠣᠢᠷ᠎ᠠ ᠣᠷᠴᠢᠮ ᠤᠨ ᠠᠷᠠᠳ ᠣᠯᠠᠨ ᠳᠤ ᠠᠶᠥᠯᠭᠦᠢ ᠶᠢᠨ ᠠᠩᠬᠠᠷᠬᠤ ᠵᠦᠢᠯᠡᠰ ᠢ ᠨᠠᠷᠠᠯᠢᠭ ᠲᠠᠢᠯᠠᠪᠦᠷᠢᠯᠠᠨ ᠦᠭᠴᠦ᠂ ᠣᠯᠠᠨ‌ᠠᠷᠠᠯᠵᠢᠶᠠᠴᠢᠨ ᠪᠠ ᠰᠠᠭᠤᠭᠠᠯᠢ ᠠᠷᠠᠳ ᠲᠤ ᠠᠰᠢᠭ ᠬᠦᠷᠲᠡᠭᠡᠭᠰᠡᠨ ᠪᠠᠶᠢᠨ᠎ᠠ᠃ᠳᠠᠯᠳᠠ ᠠᠶᠥᠯ ᠭᠡᠮ ᠣᠷᠤᠰᠢᠵᠤ ᠪᠠᠶᠢᠭ᠎ᠠ ᠪᠠᠶᠢᠭᠤᠯᠭ᠎ᠠ ᠳᠤ᠂ ᠠᠵᠢᠯᠲᠠᠨ ᠲᠡᠳᠡᠭᠡᠷ ᠢ ᠵᠢᠯᠤᠭᠤᠳᠤᠨ ᠪᠠᠷᠢᠨ ᠳᠣᠣᠷ᠎ᠠ ᠪᠠᠨ ᠦᠭᠡᠷᠡᠴᠢᠯᠡᠨ ᠵᠠᠰᠠᠭᠤᠯᠵᠤ᠂ ᠪᠠᠷᠢᠨ ᠳᠣᠣᠷ᠎ᠠ ᠪᠠᠨ ᠦᠭᠡᠷᠡᠴᠢᠯᠡᠨ ᠵᠠᠰᠠᠵᠤ ᠳᠡᠶᠢᠯᠬᠦ ᠦᠭᠡᠢ ᠪᠠᠶᠢᠳᠠᠯ ᠪᠠᠶᠢᠪᠠᠯ ᠴᠠᠭ ᠲᠣᠬᠠᠢ ᠳᠤ ᠨᠢ ᠳᠡᠭᠡᠭᠰᠢ ᠪᠠᠨ ᠮᠡᠳᠡᠭᠦᠯᠵᠦ᠂ ᠬᠠᠷᠢᠶᠠᠲᠤ ᠭᠠᠵᠠᠷ ᠤᠨ ᠳᠣᠲᠤᠷᠠᠬᠢ ᠭᠤᠣᠯᠳᠠᠯᠭ᠎ᠠ ᠲᠠᠢ  ᠪᠠᠶᠢᠭᠤᠯᠭ᠎ᠠ᠂ ᠭᠤᠣᠯᠳᠠᠯᠭ᠎ᠠ ᠲᠠᠢ ᠰᠠᠯᠠᠭ᠎ᠠ ᠮᠦᠴᠢᠷ᠂ ᠭᠤᠣᠯᠳᠠᠯᠭ᠎ᠠ ᠲᠠᠢ ᠬᠦᠷᠢᠶ᠎ᠡ ᠬᠡᠪᠴᠢᠶᠡᠨ ᠳᠤ ᠠᠶᠥᠯᠭᠦᠢ ᠶᠢᠨ ᠬᠡᠷᠡᠭ ᠤᠴᠢᠷ ᠡᠭᠦᠰᠬᠦ ᠦᠭᠡᠢ ᠪᠠᠶᠢᠬᠤ ᠶᠢ ᠪᠠᠲᠤᠯᠠᠨ᠎ᠠ      ᠲᠤᠰ ᠤᠳᠠᠭᠠᠨ ᠤ ᠠᠶᠥᠯᠭᠦᠢ ᠦᠢᠯᠡᠳᠪᠦᠷᠢᠯᠡᠯ ᠤᠨ ᠳᠠᠯᠳᠠ ᠭᠡᠮ ᠢ  ᠪᠠᠶᠢᠴᠠᠭᠠᠨ ᠭᠠᠷᠭᠠᠵᠤ ᠥᠭᠡᠷᠡᠴᠢᠯᠡᠨ ᠵᠠᠰᠠᠬᠤ ᠬᠦᠳᠡᠯᠭᠡᠭᠡᠨ ᠶᠠᠪᠤᠭᠳᠠᠬᠤ ᠪᠠᠷ ᠳᠠᠮᠵᠢᠭᠤᠯᠤᠨ᠂ ᠬᠠᠷᠢᠶᠠᠲᠤ ᠭᠠᠵᠠᠷ ᠤᠨ ᠰᠠᠭᠤᠭᠠᠯᠢ ᠠᠷᠠᠳ ᠤᠨ ᠠᠶᠥᠯᠭᠦᠢ ᠶᠢᠨ ᠦᠵᠡᠯ ᠤᠬᠠᠮᠰᠠᠷ ᠪᠠ ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠴᠢᠩᠭᠠᠳᠬᠠᠵᠤ᠂ ᠰᠠᠭᠤᠭᠠᠯᠢ ᠠᠷᠠᠳ ᠤᠨ ᠠᠮᠢ ᠨᠠᠰᠤ ᠡᠳ᠋ ᠬᠥᠷᠦᠩᠭᠡ ᠶᠢᠨ ᠠᠮᠤᠷ ᠲᠥᠪᠰᠢᠨ ᠢ ᠬᠠᠮᠠᠭᠠᠯᠠᠵᠤ᠂ ᠬᠠᠷᠢᠶᠠᠲᠤ ᠭᠠᠵᠠᠷ ᠤᠨ ᠰᠠᠭᠤᠭᠠᠯᠢ ᠠᠷᠠᠳ ᠲᠤ ᠨᠢᠭᠡᠨ ᠰᠠᠢᠨ ᠰᠠᠢᠬᠠᠨ ᠡᠩᠬᠡ ᠲᠠᠢᠪᠤᠩ ᠡᠶ᠎ᠡ ᠵᠣᠬᠢᠴᠠᠩᠭᠤᠢ ᠣᠷᠴᠢᠨ ᠲᠣᠭᠤᠷᠢᠨ ᠢ ᠡᠭᠦᠳᠦᠨ ᠪᠠᠶᠢᠭᠤᠯᠵᠤ ᠥᠭᠭᠦᠭᠰᠡᠨ ᠪᠠᠶᠢᠨ᠎ᠠ᠃
 
ᠢᠷᠡᠯᠲᠡ᠄ ᠰᠢᠭᠤᠶᠢᠲᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号