3 ᠰᠠᠷ᠎ᠠ ᠶᠢᠨ 22 ᠤ ᠡᠳᠦᠷ᠂ ᠦᠪᠡᠷᠲᠡᠭᠡᠨ ᠵᠠᠰᠠᠬᠤ ᠣᠷᠤᠨ ᠤ ᠨᠠᠮ ᠤᠨ ᠬᠤᠷᠢᠶ᠎ᠠ ᠶᠢᠨ | ᠪᠠᠶᠢᠩᠭᠤ ᠶᠢᠨ ᠬᠤᠷᠢᠶᠠᠨ ᠤ ᠭᠡᠰᠢᠬᠦᠨ᠂ ᠵᠤᠬᠢᠶᠠᠨ ᠬᠡᠯᠲᠡᠰ ᠤᠨ ᠬᠡᠯᠲᠡᠰ ᠤᠨ ᠳᠠᠷᠤᠭ᠎ᠠ ᠽᠧᠩ ᠢ ᠴᠦᠨ ᠨᠢᠭᠡ | ᠪᠥᠯᠦᠭ ᠳ᠋ᠠ ᠹᠠ ᠵᠡᠭᠡᠯᠢ ᠭᠤᠳᠤᠮᠵᠢ ᠶᠢᠨ ᠰᠢᠭᠤᠶᠢᠲᠤ ᠨᠡᠶᠢᠭᠡᠮ ᠲᠣᠭᠤᠷᠢᠭ ᠲᠤ ᠬᠦᠷᠴᠦ ᠪᠠᠶᠢᠴᠠᠭᠠᠨᠰᠤᠳᠤᠯᠵᠤ | ᠠᠵᠢᠯ ᠢ ᠵᠢᠯᠤᠭᠤᠳᠴᠠᠢ᠂ ᠲᠣᠭᠤᠷᠢᠭ ᠤᠨ ᠡᠪᠯᠡᠯ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ | ᠲᠣᠭᠤᠷᠢᠭ ᠤᠨ ᠳᠠᠷᠤᠭ᠎ᠠ ᠯᠢ ᠰᠢᠨ ᠴᠦᠨ᠂ ᠲᠣᠭᠤᠷᠢᠭ ᠤᠨ ᠪᠠᠶᠢᠩᠭᠤ ᠶᠢᠨ ᠬᠤᠷᠢᠶᠠᠨ ᠤ ᠭᠡᠰᠢᠬᠦᠨ᠂ ᠵᠣᠬᠢᠶᠠᠨ | ᠪᠠᠶᠢᠭᠤᠯᠬᠤ ᠬᠡᠯᠲᠡᠰ ᠤᠨ ᠳᠠᠷᠤᠭ᠎ᠠ ᠵᠠᠩ ᠬᠠᠢ ᠪᠠᠷ᠎ᠠ ᠪᠣᠯᠤᠨ ᠰᠤᠳᠤᠯᠭᠠᠨ ᠬᠢᠭᠰᠡᠨ ᠪᠠᠶᠢᠨ᠎ᠠ᠃ | ᠽᠧᠩ ᠬᠡᠯᠲᠡᠰ ᠤᠨ ᠳᠠᠷᠤᠭ᠎ᠠ ᠨᠡᠶᠢᠭᠡᠮ ᠲᠣᠭᠤᠷᠢᠭ ᠤᠨ ᠠᠷᠠᠳ ᠤᠨ ᠦᠢᠯᠡᠴᠢᠯᠡᠭᠡ ᠨᠢ ᠮᠡᠷᠭᠡᠵᠢᠴᠢᠯᠡᠭᠰᠡᠨ | ᠵᠡᠷᠭᠡ ᠡᠯ᠎ᠡ ᠲᠥᠷᠦᠯ ᠤᠨ ᠠᠵᠢᠯ ᠤᠨ ᠲᠤᠤᠱᠯᠠᠭᠳᠠᠨ ᠶᠠᠪᠤᠭᠳᠠᠭᠰᠠᠨ ᠪᠠᠶᠢᠳᠠᠯ ᠢ ᠰᠣᠨᠣᠰᠤᠭᠰᠠᠨ ᠪᠠᠶᠢᠨ᠎ᠠ᠂ | ᠤᠨᠴᠠᠭᠠᠶᠢᠯᠠᠨ ︽ᠰᠢᠭᠤᠶᠢᠲᠤ ᠲᠣᠭᠤᠷᠢᠭ ᠤᠨ ᠬᠤᠲᠠ ᠶᠢᠨ ᠠᠩᠬᠠᠨ ᠤ ᠱᠠᠲᠤᠨ ᠤ ᠨᠠᠮ ᠤᠨ ᠪᠠᠶᠢᠭᠤᠯᠤᠯᠲᠠ ᠶᠢᠨ | ᠲᠤᠰᠬᠠᠢ ᠰᠡᠳᠦᠪᠲᠦ ᠹᠢᠯᠢᠮ – – ᠳᠠᠷᠪᠠᠭᠤᠯ ᠬᠡᠶᠢᠰᠭᠡᠨᠣᠩᠭᠤᠴᠠ ᠬᠦᠳᠡᠯᠬᠦ ᠨᠠᠮ ᠤᠨ ᠲᠤᠭ ᠤᠯᠠᠭᠠᠨ︾ | ᠭᠡᠳᠡᠭ ᠢ ᠦᠵᠡᠭᠰᠡᠨ ᠤ ᠰᠡᠭᠦᠯᠡᠷ᠂ ︽ᠲᠠ ᠨᠠᠷ ᠤᠨ ᠠᠵᠤ ᠠᠮᠢᠳᠤᠷᠠᠯ ᠶᠠᠪᠤᠬᠤ ᠲᠣᠲᠤᠮ ᠰᠠᠢᠨ ᠰᠠᠢᠬᠠᠨ ᠵᠣᠯ | ᠵᠢᠷᠭᠠᠯᠲᠠᠢ ᠪᠣᠯᠳᠤᠭᠠᠢ︾ ᠭᠡᠰᠡᠨ ᠭᠤᠴᠤ ᠰᠠᠢᠬᠠᠨ ᠢᠷᠦᠭᠡᠯ ᠳᠡᠪᠰᠢᠭᠦᠯᠦᠭᠰᠡᠨ ᠪᠠᠶᠢᠨ᠎ᠠ᠂᠃ ᠪᠦᠬᠦ ᠲᠠᠯᠠᠪᠤᠷ ᠤᠨ | ᠬᠦᠮᠦᠰ ᠨᠢᠵᠢᠭᠡᠨᠡᠲᠡᠯᠡ ᠠᠯᠠᠭ᠎ᠠ ᠲᠠᠰᠢᠪᠠ᠃ ᠽᠧᠩ ᠬᠡᠯᠲᠡᠰ ᠤᠨ ᠳᠠᠷᠤᠭ᠎ᠠ ᠰᠢᠭᠤᠶᠢᠲᠤ ᠨᠡᠶᠢᠭᠡᠮ ᠲᠣᠭᠤᠷᠢᠭ ᠲᠤ | ᠥᠷᠭᠡᠨ ᠣᠯᠠᠨ ᠺᠠᠲᠠᠷ ᠠᠷᠠᠳ ᠣᠯᠠᠨ ᠳᠤ ᠰᠢ ᠶᠢᠨ ᠫᠢᠩ ᠶᠡᠷᠥᠩᠬᠡᠢ ᠱᠦᠵᠢ ᠠᠷᠪᠠᠨ ᠭᠤᠷᠪᠠᠳᠤᠭᠠᠷ | ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠦᠭᠡᠯᠡᠭᠴᠢᠳ ᠶᠡᠭᠡ ᠬᠤᠷᠠᠯ ᠤᠨ ᠨᠢᠭᠡᠳᠦᠭᠡᠷ ᠬᠤᠷᠠᠯᠳᠤᠭᠠᠨ | ᠥᠪᠦᠷ ᠮᠣᠩᠭᠤᠯ ᠤᠨ ᠲᠥᠯᠦᠭᠡᠯᠡᠭᠴᠢᠳ ᠤᠨ ᠪᠦᠯᠬᠦᠮ ᠬᠢᠨᠠᠨ ᠵᠥᠪᠯᠡᠬᠦ ᠦᠶ᠎ᠡ ᠶᠢᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠳᠠᠮᠵᠢᠭᠤᠯᠤᠭᠰᠠᠨ ᠪᠠᠶᠢᠨ᠎ᠠ᠃ ᠭᠠᠵᠠᠷ ᠣᠷᠤᠨ ᠤ ᠦᠨᠡᠨ ᠪᠣᠲᠠᠲᠤ ᠪᠠᠶᠢᠳᠠᠯ ᠲᠠᠢ ᠤᠶᠠᠯᠳᠤᠭᠤᠯᠤᠨ | ᠨᠠᠷᠠᠯᠢᠭ ᠪᠣᠲᠠᠲᠠᠢ ᠨᠠᠶᠢᠳᠠᠪᠤᠷᠢᠵᠢᠭᠤᠯᠵᠤ᠂ ᠨᠡᠶᠢᠯᠡᠭᠦᠯᠵᠦ ᠨᠡᠪᠲᠡᠷᠡᠭᠦᠯᠦᠨ ᠤᠶᠢᠯᠭᠠᠵᠤ᠂ ᠰᠡᠳᠬᠢᠯ ᠲᠠᠯᠪᠢᠨ | ᠠᠩᠬᠠᠷᠤᠯ ᠢᠶᠠᠨ ᠲᠥᠪᠯᠡᠷᠡᠭᠦᠯᠵᠦ ᠬᠡᠷᠡᠭᠵᠢᠬᠦᠯᠦᠨ ᠨᠠᠶᠢᠳᠠᠪᠤᠷᠢᠵᠢᠭᠤᠯᠤᠨ᠎ᠠ᠃ ᠶᠠᠷᠢᠶᠠᠨ ᠤ ᠵᠣᠷᠢᠭ ᠰᠠᠨᠠᠭ᠎ᠠ ᠶᠢ | ᠬᠥᠷᠦᠰᠥᠨ ᠳᠤ ᠤᠨᠠᠪᠠᠯ ᠦᠨᠳᠦᠰᠦᠯᠡᠵᠦ᠂ ᠴᠡᠴᠡᠭᠯᠡᠵᠦ ᠵᠢᠮᠢᠰᠯᠡᠬᠦ ᠶᠢ ᠲᠦᠯᠬᠢᠨ ᠠᠬᠢᠭᠤᠯᠤᠨ᠎ᠠ᠃ ᠰᠢᠭᠤᠶᠢᠲᠤ | ᠲᠣᠭᠤᠷᠢᠭ ᠠᠵᠤ ᠠᠬᠤᠢ ᠶᠢᠨ ᠨᠡᠶᠢᠭᠡᠮ ᠤᠨ ᠬᠥᠭᠵᠢᠯᠲᠡ ᠶᠢᠨ ᠰᠢᠨ᠎ᠡ ᠳᠦᠷᠢ ᠳᠦᠷᠬᠦ ᠶᠢ ᠳᠠᠰᠤᠷᠠᠯᠲᠠ ᠦᠭᠡᠢ | ᠡᠭᠦᠳᠦᠨ ᠨᠡᠬᠡᠭᠡᠨ᠎ᠡ᠃ ᠡᠭᠦᠨ ᠤ ᠬᠠᠮᠲᠤ ᠽᠧᠩ ᠬᠡᠯᠲᠡᠰ ᠤᠨ ᠳᠠᠷᠤᠭ᠎ᠠ ᠰᠢᠭᠤᠶᠢᠲᠤ ᠨᠡᠶᠢᠭᠡᠮ ᠲᠤᠭᠤᠷᠢᠭ ᠤᠨ ᠡᠯ᠎ᠡ | ᠲᠥᠷᠦᠯ ᠤᠨ ᠠᠵᠢᠯ ᠳᠤ ᠥᠨᠳᠦᠷ ᠦᠨᠡᠯᠡᠯᠲᠡ ᠥᠭᠭᠦᠭᠰᠡᠨ ᠪᠠᠶᠢᠨ᠎ᠠ ᠃ ᠡᠭᠦᠨ ᠳᠤ ᠰᠢᠭᠤᠶᠢᠲᠤ ᠨᠡᠶᠢᠭᠡᠮ | ᠲᠤᠭᠤᠷᠢᠭ ᠤᠨ ᠬᠡᠪᠴᠢᠶ᠎ᠡ ᠬᠡᠳᠦ᠋ᠪᠡᠷ ᠶᠡᠭᠡ ᠪᠢᠰᠢ ᠴᠤ ᠨᠠᠮ ᠤᠨ ᠪᠠᠶᠢᠭᠤᠯᠤᠯᠲᠠ ᠶᠢᠨ ᠠᠵᠢᠯ ᠨᠢ ᠲᠦᠢᠯ ᠤᠨ | ᠣᠨᠴᠠᠯᠢᠭ ᠲᠠᠢ᠃ ᠲᠣᠬᠠᠢ ᠶᠢᠨ ᠭᠠᠵᠠᠷ ᠲᠤ ᠪᠠᠨ ᠲᠣᠬᠢᠷᠠᠭᠤᠯᠵᠤ᠂ ᠪᠣᠲᠠᠲᠠᠢ ᠲᠠᠢ ᠤᠶᠠᠯᠳᠤᠭᠤᠯᠵᠤ᠂ ᠡᠯᠪᠡᠭ | ᠪᠠᠶᠠᠯᠢᠭ ᠦᠩᠭᠡ ᠪᠤᠳᠤᠭ ᠲᠠᠢ᠂ ᠠᠮᠢᠳᠤᠯᠢᠭ ᠣᠯᠠᠨ ᠶᠠᠩᠵᠤ ᠶᠢᠨ᠂ ᠪᠠᠶᠠᠯᠢᠭ ᠦᠷ᠎ᠡ ᠪᠦᠳᠦᠮᠵᠢ ᠲᠠᠢ ᠪᠠᠷ ᠨᠠᠮ ᠤᠨ | ᠪᠠᠶᠢᠭᠤᠯᠤᠯᠲᠠ ᠶᠢᠨ ᠠᠵᠢᠯ ᠢᠶᠠᠨ ᠬᠢᠭᠰᠡᠭᠭᠡᠷ ᠭᠡᠵᠦ ᠤᠨᠴᠠᠭᠠᠶᠢᠯᠠᠨ ᠳᠤᠷᠠᠳᠪᠠ᠃ ᠽᠧᠩ ᠬᠡᠯᠲᠡᠰ ᠤᠨ ᠳᠠᠷᠤᠭ᠎ᠠ | ᠬᠠᠮᠤᠭ ᠰᠡᠭᠦᠯ ᠳᠤ ᠴᠢᠩᠭᠠᠳᠬᠠᠭᠰᠠᠨ ᠨᠢ᠂ ︽ᠭᠤᠷᠪᠠᠨ ᠬᠤᠷᠠᠯ ᠨᠢᠭᠡ ᠬᠢᠴᠢᠶᠡᠯ︾ ᠵᠡᠷᠭᠡ ᠵᠤᠬᠢᠶᠠᠨ | ᠪᠠᠶᠢᠭᠤᠯᠤᠯᠲᠠ ᠶᠢᠨ ᠠᠮᠢᠳᠤᠷᠠᠯ ᠤᠨ ᠳᠦᠷᠢᠮ ᠲᠣᠭᠲᠠᠭᠠᠯ ᠢ ᠬᠡᠷᠡᠭᠵᠢᠬᠦᠯᠦᠨ᠎ᠡ᠃ ᠨᠠᠷᠠᠯᠢᠭ ᠰᠠᠶᠢᠬᠠᠨ ᠬᠡᠷᠡᠭᠵᠢᠭᠦᠯᠵᠦ | ᠂ ᠦᠨᠡᠨ ᠢ ᠪᠠᠷᠢᠨ ᠪᠣᠲᠠᠲᠠᠢ ᠶᠢ ᠬᠢᠵᠦ᠂ ᠶᠣᠰᠤ ᠶᠢᠨ ᠳᠡᠳᠦᠢ ᠦᠩᠭᠡᠷᠡᠭᠦᠯᠬᠦ᠂ ᠬᠡᠯᠪᠡᠷᠢ ᠶᠢᠨ ᠲᠡᠳᠦᠢ | ᠭᠦᠢᠴᠡᠳᠬᠡᠬᠦ ᠠᠴᠠ ᠵᠠᠶᠢᠯᠠᠰᠬᠢᠬᠦ ᠬᠡᠷᠡᠭᠲᠡᠢ᠃ ᠨᠠᠮ ᠤᠨ ᠪᠠᠶᠢᠭᠤᠯᠤᠯᠲᠠ ᠶᠢᠨ ᠠᠵᠢᠯ ᠪᠣᠯ ᠰᠡᠳᠬᠢᠯ ᠲᠠᠯᠪᠢᠨ | ᠰᠠᠭᠤᠭᠠᠯᠢ ᠠᠷᠠᠳ ᠲᠤ ᠦᠢᠯᠡᠴᠢᠯᠡᠵᠤ᠂ ᠯᠠᠪ ᠯᠠᠪᠳᠠᠭᠤᠨᠠᠯᠬᠤᠮ ᠠᠯᠬᠤᠮ ᠢᠶᠠᠷ᠂ ᠳᠤᠰᠠᠲᠠᠢ ᠬᠦᠴᠦᠨ ᠲᠠᠢ | ᠮᠥᠷᠲᠡᠭᠡᠨ ᠤᠷᠲᠤ ᠬᠤᠭᠤᠴᠠᠭ᠎ᠠ ᠬᠦᠴᠦᠨ ᠲᠠᠢ ᠪᠠᠶᠢᠬᠤ ᠶᠢ ᠬᠢᠵᠦ ᠳᠡᠶᠢᠯᠬᠦ ᠬᠡᠷᠡᠭᠲᠡᠢ᠂ ᠠᠷᠠᠳ ᠤᠯᠠᠨ ᠤ | ᠦᠢᠯᠡᠳᠪᠦᠷᠢᠯᠡᠯ ᠠᠮᠢᠳᠤᠷᠠᠯ ᠲᠠᠢ ᠤᠷᠭᠠᠨᠢᠭ ᠢᠶᠠᠷ ᠤᠶᠠᠯᠳᠤᠭᠤᠯᠵᠤ᠂ ᠨᠠᠮ ᠤᠨ ᠠᠵᠢᠯ ᠪᠠ ᠡᠯ᠎ᠡ ᠲᠥᠷᠦᠯ ᠤᠨ | ᠠᠵᠢᠯ ᠢ ᠬᠠᠷᠢᠯᠴᠠᠨ ᠠᠭᠤᠰᠠᠯᠴᠠᠭᠤᠯᠵᠤ᠂ ᠦᠷ᠎ᠡ ᠪᠦᠳᠦᠮᠵᠢ ᠶᠠᠮᠠᠷ ᠰᠢᠥᠬᠠᠨ ᠭᠡᠰᠡᠨ ᠢ ᠣᠯᠠᠨ ᠳᠦᠮᠡᠨ ᠢᠶᠠᠷ | ᠦᠨᠡᠯᠡᠭᠦᠯᠦᠨᠡ᠃ | ᠳᠠᠷᠠᠭ᠎ᠠ ᠠᠯᠬᠤᠮ ᠳᠤ᠂ ᠮᠠᠨ ᠤ ᠵᠡᠭᠡᠯᠢ ᠭᠤᠳᠤᠮᠵᠢ ᠽᠧᠩ ᠬᠡᠯᠲᠡᠰ ᠤᠨ ᠳᠠᠷᠤᠭ᠎ᠠ ᠶᠢᠨ ᠪᠠᠢᠴᠠᠭᠠᠨ | ᠰᠤᠳᠤᠯᠬᠤ ᠶᠠᠷᠢᠶᠠᠨ ᠤ ᠵᠣᠷᠢᠭ ᠰᠠᠨᠠᠭ᠎ᠠ ᠪᠠᠷ᠂ ︽ᠬᠤᠶᠠᠷ ᠢ ᠰᠤᠷᠴᠤ ᠨᠢᠭᠡ ᠶᠢ ᠬᠢᠬᠦ︾ ᠶᠢ ᠤᠶᠠᠯᠳᠤᠭᠤᠯᠤᠨ | ᠭᠦᠨᠵᠡᠭᠡᠢ ᠲᠦᠯᠬᠢᠨ ᠠᠬᠢᠭᠤᠯᠵᠤ ᠰᠤᠷᠤᠯᠴᠠᠯᠭ᠎ᠠ ᠰᠤᠷᠭᠠᠨ ᠬᠦᠮᠦᠵᠢᠯ ᠢ ᠬᠡᠪᠰᠢᠭᠦᠯᠦᠨ ᠳᠦᠷᠢᠮᠵᠢᠭᠦᠯᠦᠨ᠎ᠡ᠂ | ᠰᠢ ᠶᠢᠨ ᠫᠢᠩ ᠶᠡᠷᠥᠩᠬᠡᠢ ᠱᠦᠵᠢ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ | ᠲᠥᠯᠦᠭᠡᠯᠡᠭᠴᠢᠳ ᠤᠨ ᠶᠡᠭᠡ ᠬᠤᠷᠠᠯ ᠤᠨ ᠨᠢᠭᠡᠳᠦᠭᠡᠷ ᠬᠤᠷᠠᠯᠳᠤᠭᠠᠨ ᠳᠤ ᠣᠷᠤᠯᠴᠠᠵᠤ ᠥᠪᠦᠷ ᠮᠣᠩᠭᠤᠯ ᠤᠨ | ᠲᠥᠯᠦᠭᠡᠯᠡᠭᠴᠢᠳ ᠤᠨ ᠪᠥᠯᠬᠦᠮ ᠬᠢᠨᠠᠨ ᠵᠥᠪᠯᠡᠬᠦ ᠦᠶ᠎ᠡ ᠶᠢᠨ ᠴᠢᠬᠤᠯᠠ ᠶᠠᠷᠢᠶᠠᠨ ᠵᠣᠷᠢᠭ ᠰᠠᠨᠠᠭ᠎ᠠ ᠶᠢᠨ ᠦᠷᠭᠡᠨ | ᠳᠡᠯᠭᠡᠷᠡᠬᠦ ᠶᠢ ᠬᠤᠷᠳᠤᠨ ᠦᠷᠨᠢᠭᠦᠯᠵᠤ᠂ ︽ᠤᠭ ᠰᠠᠨᠠᠭ᠎ᠠ ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ | ᠪᠠᠲᠤ ᠴᠡᠭᠡᠵᠢᠯᠡᠬᠦ︾ ᠬᠡᠭᠦ ᠰᠡᠳᠦᠪᠳᠦ ᠰᠤᠷᠭᠠᠨ ᠬᠦᠮᠦᠵᠢᠯ ᠢ ᠲᠦᠯᠬᠢᠨ ᠠᠬᠢᠭᠤᠯᠬᠤ ᠪᠠᠷ᠂ ᠨᠡᠢᠭᠡᠮ ᠲᠤᠭᠤᠷᠢᠭ ᠤᠨ | ︽ᠬᠤᠶᠠᠷ ᠬᠤᠷᠢᠶᠠᠨ︾ ᠤ ᠰᠣᠩᠭᠤᠭᠤᠯᠢ ᠶᠢᠨ ᠬᠤᠭᠤᠴᠠᠭ᠎ᠠ ᠰᠣᠯᠢᠵᠤ᠂ ︽ᠲᠠᠪᠤᠨ ᠲᠥᠷᠦᠯ ᠤᠨ ᠢᠨᠵᠧᠨᠧᠷᠢᠭ︾ | ᠢ ᠶᠠᠪᠤᠭᠳᠠᠭᠤᠯᠵᠤ᠂ ᠨᠠᠮ ᠤᠨ ᠪᠠᠢᠭᠤᠯᠤᠯᠲᠠ ᠶᠢᠨ ᠤᠷᠲᠤ ᠬᠤᠩᠬᠢᠯ ᠢ ᠪᠠᠢᠭᠤᠯᠵᠤ᠂ ᠨᠠᠮ ᠤᠨ ᠡᠭᠦᠷ ᠤᠨ ︽ | ᠭᠤᠷᠪᠠᠨ ᠬᠤᠷᠠᠯ ᠨᠢᠭᠡ ᠬᠢᠴᠢᠶᠡᠯ︾ ᠤᠨ ᠬᠡᠰᠡᠭᠯᠡᠯ ᠤᠨ ᠬᠠᠮᠢᠶᠠᠷᠤᠯᠲᠠ ᠪᠠᠷ ᠭᠤᠣᠯᠳᠠᠯᠭ᠎ᠠ ᠪᠣᠯᠭᠠᠬᠤ ᠶᠢ ᠲᠦᠯᠬᠢᠨ | ᠠᠬᠢᠭᠤᠯᠤᠨ᠎ᠠ᠂ ᠨᠠᠮ ᠤᠨ ᠵᠤᠬᠢᠶᠠᠨ ᠪᠠᠶᠢᠭᠤᠯᠤᠯᠲᠠ ᠶᠢᠨ ᠵᠤᠬᠢᠶᠠᠨ ᠶᠢᠨ ᠬᠦᠴᠦᠯᠡᠴᠡ ᠶᠢ ᠳᠡᠭᠡᠭᠰᠢᠯᠡᠭᠦᠯᠵᠦ᠂ | ᠬᠤᠲᠠ ᠶᠢᠨ ᠠᠩᠬᠠᠨ ᠤ ᠱᠠᠳᠤᠨ ᠤ ᠨᠠᠮ ᠤᠨ ᠪᠠᠶᠢᠭᠤᠯᠤᠯᠲᠠ ᠶᠢᠨ ᠪᠦᠳᠦᠭᠡᠨ ᠪᠠᠶᠢᠭᠤᠯᠤᠯᠲᠠ ᠶᠢᠨ ᠬᠢᠷᠢ | ᠲᠦᠪᠰᠢᠨ ᠢ ᠳᠡᠭᠡᠭᠰᠢᠯᠡᠭᠦᠯᠦᠨ᠎ᠡ᠃ | | |