ᠱᠢᠭᠤᠢᠲᠤ ᠲᠣᠭᠤᠷᠢᠭ ᠤᠨ ᠵᠠᠰᠠᠭ ᠤᠨ ᠶᠠᠪᠣᠳᠠᠯ ᠤᠨ ᠦᠢᠯᠡᠴᠢᠯᠡᠭᠡᠨ ᠤ ᠲᠦᠪ ᠠᠴᠠ ᠳ᠋ᠠ ᠼᠢ᠃ ᠪᠠᠢ ᠬᠤ᠋ ᠭᠸᠦ ᠵᠡᠭᠡᠯᠢ ᠭᠤᠲᠤᠮᠵᠢ ᠶᠢᠨ ᠭᠡᠷᠡᠭ ᠡᠷᠬᠢᠯᠡᠬᠦ ᠭᠠᠵᠠᠷ ᠲᠤ ᠠᠵᠢᠯ ᠶᠢᠨ ᠲᠤᠱᠢᠶᠠᠬᠤ ᠠᠵᠢᠯ ᠶᠠᠪᠤᠭᠳᠠᠪᠠ
ᠨᠡᠶᠢᠲᠡᠯᠡᠭᠰᠡᠨ ᠴᠠᠭ᠄
2018-04-26
ᠠᠷᠠᠳ ᠲᠦᠮᠡᠨ ᠳᠤ ᠬᠠᠮᠤᠭ ᠤᠨ ᠳᠦᠭᠦᠮ ᠠᠪᠰᠠᠷ ᠮᠦᠷᠲᠡᠭᠡᠨ ᠦᠨᠳᠤᠷ ᠦᠷ᠎ᠡ ᠠᠰᠢᠭ ᠲᠠᠢ ᠰᠢᠯᠢᠳᠡᠭ ᠦᠢᠯᠡᠴᠢᠯᠡᠭᠡ ᠶᠢ ᠬᠠᠩᠭᠠᠬᠤ ᠶᠢᠨ ᠲᠦᠯᠦᠭᠡ᠂ ᠣᠢᠴᠠᠭᠠᠢᠯᠠᠨ ᠪᠦᠳᠠ ᠪᠦᠭ᠌ᠯᠡᠬᠦᠤ ᠭᠠᠵᠠᠷ ᠣᠷᠣᠨ ᠳᠤ ᠪᠠᠢᠭ᠎ᠠ ᠬᠠᠭᠤᠴᠢᠨ ᠰᠢᠭᠤᠢᠲᠣ ᠲᠣᠭᠤᠷᠢᠭ ᠤᠨ ᠠᠷᠠᠳ ᠲᠦᠮᠡᠨ ᠳᠤ ᠦᠢᠯᠡᠴᠢᠯᠡᠭᠡ ᠬᠠᠩᠭᠠᠬᠤ ᠶᠢᠨ ᠲᠦᠯᠦᠭᠡ᠂ 4 ᠰᠠᠷ᠎ᠠ ᠶᠢᠨ 16᠎ ᠤ ᠡᠳᠦᠷ᠂ ᠰᠢᠭᠤᠢᠲᠤ ᠲᠣᠭᠤᠷᠢᠭ ᠤᠨ ᠵᠠᠰᠠᠭ ᠤᠨ ᠶᠠᠪᠣᠳᠠᠯ ᠤᠨ ᠦᠢᠯᠡᠴᠢᠯᠡᠭᠡᠨ ᠤ ᠲᠦᠪ ᠤᠨ ᠡᠷᠬᠢᠯᠡᠭᠴᠢ ᠪᠣᠯᠣᠨ ᠳ᠋ᠠ ᠼᠢ᠂ ᠪᠠᠢ ᠬᠤ᠋ ᠭᠸᠦ ᠵᠡᠭᠡᠯᠢ ᠭᠤᠲᠣᠮᠵᠢ ᠶᠢᠨ ᠭᠡᠷᠡᠭ ᠡᠷᠬᠢᠯᠡᠬᠦ ᠭᠠᠵᠠᠷ ᠤᠨ ᠬᠠᠮᠢᠶ᠎ᠠ ᠪᠦᠬᠦᠢ ᠤᠳᠤᠷᠢᠳᠬᠤ ᠬᠦᠮᠦᠰ ᠲᠠᠢ ᠬᠠᠮᠲᠤ ᠪᠠᠷ ᠵᠠᠰᠠᠭ ᠤᠨ ᠶᠠᠪᠣᠳᠠᠯ ᠤᠨ ᠦᠢᠯᠡᠴᠢᠯᠡᠭᠡᠨ ᠤ ᠲᠦᠪ ᠲᠤ ᠠᠵᠢᠯ ᠡᠷᠬᠢᠯᠡᠬᠦ ᠲᠤᠬᠠᠢ ᠬᠠᠮᠢᠶ᠎ᠠ ᠪᠦᠬᠦᠢ ᠶᠠᠪᠣᠳᠠᠯ ᠶᠢᠨ ᠲᠤᠱᠢᠶᠠᠬᠤ ᠠᠵᠢᠯ ᠶᠢᠨ ᠶᠠᠪᠣᠭᠳᠠᠪᠠ᠃ᠭᠤᠣᠯᠳᠠᠭᠤ ᠰᠢᠭᠤᠢᠲᠣ ᠲᠣᠭᠤᠷᠢᠭ ᠤᠨ ᠳ᠋ᠠ ᠼᠢ ᠪᠠ ᠪᠠᠢ ᠬᠤ᠋ ᠭᠸᠦ ᠵᠡᠭᠡᠯᠢ ᠭᠤᠲᠣᠮᠵᠢ ᠶᠢᠨ ᠭᠡᠷᠡᠭ ᠡᠷᠬᠢᠯᠡᠬᠦ ᠭᠠᠵᠠᠷ ᠤᠨ ᠠᠷᠠᠳ ᠲᠦᠮᠡᠨ ᠳᠤ ᠳᠦᠭᠦᠮ ᠦᠢᠯᠡᠴᠢᠯᠡᠭᠡ ᠬᠠᠩᠭᠠᠬᠤ ᠶᠠᠪᠣᠳᠠᠯ ᠤᠳ ᠤᠨ ᠵᠠᠰᠠᠭ ᠤᠨ ᠶᠠᠪᠣᠳᠠᠯ ᠤᠨ ᠦᠢᠯᠡᠴᠢᠯᠡᠭᠡᠨ ᠤ ᠲᠦᠪ ᠲᠤ ᠠᠵᠢᠯ ᠡᠷᠬᠢᠯᠡᠬᠦ ᠳᠤ ᠣᠷᠤᠰᠢᠵᠤ ᠪᠠᠢᠭ᠎ᠠ ᠠᠰᠠᠭᠤᠳᠠᠯ ᠢ ᠶᠠᠷᠢᠯᠴᠠᠪᠠ᠂᠃ ᠨᠢᠭᠡ᠂ ᠬᠡᠷᠬᠢᠨ ᠬᠠᠷᠢᠶ᠎ᠠ ᠲᠣᠭᠤᠷᠢᠭ ᠤᠨ ᠠᠷᠠᠳ ᠲᠦᠮᠡᠨ ᠳᠤ ᠳᠦᠭᠦᠮ ᠠᠪᠰᠠᠷ ᠮᠦᠷᠲᠡᠭᠡᠨ ᠦᠨᠳᠦᠷ ᠦᠷ᠎ᠡ ᠠᠰᠢᠭᠲᠠᠢ ᠰᠢᠯᠢᠳᠡᠭ ᠦᠢᠯᠡᠴᠢᠯᠡᠭᠡ ᠶᠢ ᠬᠠᠩᠭᠠᠬᠤ ᠲᠣᠬᠠᠢ᠃ ᠬᠤᠶᠠᠷ᠂ ᠠᠵᠢᠯ ᠤᠨ ᠲᠦᠷᠢᠮ ᠲᠣᠭᠲᠠᠭᠠᠯ᠂ ᠠᠵᠢᠯ ᠳᠤ ᠬᠠᠷᠢᠭᠤᠴᠠᠬᠤ ᠰᠢᠰᠲ᠋ᠧᠮ ᠵᠡᠷᠭᠡ ᠬᠠᠮᠢᠶ᠎ᠠ ᠪᠦᠬᠦᠢ ᠶᠠᠪᠣᠲᠠᠯ ᠢ ᠨᠠᠢᠳᠠᠪᠤᠷᠢᠵᠢᠭᠤᠯᠪᠠ᠃ᠪᠠᠷᠤᠭ 4 ᠰᠠᠷ᠎ᠠ ᠶᠢᠨ ᠰᠡᠭᠦᠯᠴᠢ ᠪᠠᠷ ᠬᠤᠶᠠᠷ ᠵᠡᠭᠡᠯᠢ ᠭᠤᠲᠣᠮᠵᠢ ᠶᠢᠨ ᠭᠡᠷᠡᠭ ᠡᠷᠬᠢᠯᠡᠬᠦ ᠭᠠᠵᠠᠷ ᠨᠢ ᠵᠠᠰᠠᠭ ᠤᠨ ᠶᠠᠪᠣᠳᠠᠯ ᠤᠨ ᠦᠢᠯᠡᠴᠢᠯᠡᠭᠡᠨ ᠤ ᠲᠦᠪ ᠲᠤ ᠠᠵᠢᠯ ᠡᠷᠬᠢᠯᠡᠬᠦ ᠭᠠᠵᠠᠷ ᠭᠠᠷᠭᠠᠵᠤ ᠲᠣᠰ ᠲᠣᠭᠤᠷᠢᠭ ᠤᠨ ᠠᠷᠠᠳ ᠲᠦᠮᠡᠨ ᠲᠤ ᠳᠦᠬᠦᠮ ᠲᠦᠰᠡᠲᠡᠢ ᠦᠢᠯᠡᠴᠢᠯᠡᠭᠡ ᠶᠢ ᠬᠠᠩᠭᠠᠨ᠎ᠠ᠃ ᠲᠣᠰ ᠣᠳᠠᠭᠠᠨ ᠤ ᠠᠵᠢᠯ ᠲᠣᠱᠢᠶᠠᠬᠤ ᠠᠵᠢᠯ ᠤᠨ ᠶᠠᠪᠣᠭᠳᠠᠭᠰᠠᠨ ᠨᠢ ᠠᠷᠠᠳ ᠲᠦᠮᠡᠨ ᠤ ᠲᠤᠰ ᠪᠡᠶ᠎ᠡ ᠶᠢᠨ ᠱᠠᠭᠠᠷᠳᠠᠯᠭ᠎ᠠ ᠠᠴᠠ ᠡᠭᠦᠰᠴᠤ᠂ ᠨᠠᠮ ᠤᠨ ᠠᠷᠪᠠᠨ ᠶᠢᠰᠦᠳᠦᠭᠡᠷ ᠶᠡᠭᠡ ᠬᠤᠷᠠᠯ ᠤᠨ ᠭᠤᠣᠯ ᠰᠠᠨᠠᠭ᠎ᠠ ᠶᠢ ᠦᠨᠳᠦᠰᠦᠯᠡᠨ ᠠᠷᠠᠳ ᠲᠦᠮᠡᠨ ᠳᠤ ᠦᠨᠳᠦᠷ ᠠᠰᠢᠭᠲᠠᠢ᠂ ᠳᠦᠭᠦᠮ ᠠᠪᠰᠠᠷ ᠦᠢᠯᠡᠴᠢᠯᠡᠭᠡ ᠶᠢ ᠬᠠᠩᠭᠠᠵᠤ᠂ ᠠᠷᠠᠳ ᠲᠦᠮᠡᠨ ᠤ ᠲᠦᠯᠦᠭᠡ ᠪᠣᠳᠤᠯᠬᠢᠯᠠᠵᠤ᠂ ᠠᠷᠠᠳ ᠲᠦᠮᠡᠨ ᠳᠤ ᠪᠣᠳᠠᠲᠤ ᠦᠢᠯᠡᠴᠢᠯᠡᠭᠡ ᠶᠢ ᠬᠠᠩᠭᠠᠨ᠎ᠠ᠃ᠰᠢᠭᠤᠢᠲᠤ ᠲᠤᠭᠤᠷᠢᠭ ᠤᠨ ᠵᠠᠰᠠᠭ ᠤᠨ ᠶᠠᠪᠣᠳᠠᠯ ᠤᠨ ᠦᠢᠯᠡᠴᠢᠯᠡᠭᠡᠨ ᠤ ᠲᠦᠪ2018 ᠣᠨ ᠤ 4 ᠰᠠᠷ᠎ᠠ ᠶᠢᠨ 25᠎ ᠤ ᠡᠳᠦᠷ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号