ᠪᠤᠭᠤᠳᠤ ᠬᠤᠳᠠ ᠶᠢᠨ ᠰᠢᠭᠤᠶᠢᠳᠤ ᠳᠤᠭᠤᠷᠢᠭ ᠤᠨ ᠡᠬᠢ ᠪᠠᠶᠠᠯᠢᠭ ᠰᠢᠪᠬᠠᠷᠤᠭᠰᠠᠨ  ᠬᠤᠳᠠ ᠶᠢᠨ ᠬᠡᠯᠪᠡᠷᠢ ᠪᠠᠨ ᠬᠤᠪᠢᠷᠠᠭᠤᠯᠤᠭᠰᠠᠨ ᠪᠠᠶᠢᠳᠠᠯ
ᠨᠡᠶᠢᠲᠡᠯᠡᠭᠰᠡᠨ ᠴᠠᠭ᠄
2018-09-13
        ᠨᠢᠭᠡ ᠳᠤ᠂ ᠤᠯᠠᠮᠵᠢᠯᠠᠯᠳᠤ ᠠᠵᠦ ᠤᠶᠢᠯᠡᠰ ᠢ ᠦᠭᠡᠷᠡᠴᠢᠯᠡᠨ ᠳᠡᠪᠰᠢᠬᠦᠯᠬᠦ ᠶᠢ ᠦᠷᠬᠦᠯᠵᠢᠯᠡᠨ ᠠᠬᠢᠭᠤᠯᠤᠨ᠎ᠠ᠃ ᠪᠤᠯᠦᠳ ᠲᠡᠮᠤᠷ ᠪᠤᠯᠪᠠᠰᠤᠷᠠᠭᠤᠯᠬᠤ᠂ ᠨᠡᠬᠦᠷᠡᠰᠦ ᠮᠠᠯᠳᠠᠬᠤ᠂ ᠨᠡᠬᠦᠷᠡᠰᠦ ᠬᠡᠤᠷᠰᠢᠬᠦᠯᠬᠦ ᠵᠡᠷᠭᠡ ᠤᠯᠠᠮᠵᠢᠯᠠᠯᠳᠤ ᠠᠵᠦ ᠤᠶᠢᠯᠡᠰ ᠢ ᠦᠭᠡᠷᠡᠴᠢᠯᠡᠨ᠎ᠡ᠃ ᠠᠵᠢᠯ ᠳᠦᠷᠦᠯ ᠤᠨ ᠳᠧᠭᠨᠢᠭ ᠮᠡᠷᠭᠡᠵᠢᠯ ᠤᠨ ᠦᠭᠡᠷᠡᠴᠢᠯᠡᠯᠳᠡ ᠶᠢᠨ ᠬᠦᠷᠦᠩᠭᠡ ᠤᠷᠤᠭᠤᠯᠤᠯᠳᠠ 4800 ᠳᠦᠬᠦᠷᠢᠭ ᠪᠠᠶᠢᠵᠦ᠂ ᠳᠤᠯᠭᠠᠭᠤᠷᠢ ᠬᠡᠯᠪᠡᠷᠢ ᠶᠢᠨ ᠠᠵᠦ ᠤᠶᠢᠯᠡᠰ ᠤᠨ ᠦᠭᠡᠷᠡᠴᠢᠯᠡᠯᠳᠡ ᠶᠢᠨ ᠬᠢᠷᠢ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠬᠦᠯᠵᠡᠢ᠃ ᠰᠢᠭᠤᠶᠢᠳᠤ ᠳᠤᠭᠤᠷᠢᠭ ᠤᠨ ᠠᠵᠦ ᠤᠶᠢᠯᠡᠳᠪᠤᠷᠢ ᠶᠢᠨ ᠬᠦᠷᠢᠶᠡᠯᠡᠩ ᠳᠠᠬᠢ ᠠᠵᠦ ᠠᠬᠤᠶᠢᠯᠠᠯ ᠤᠨ ᠳᠠᠬᠢᠨ ᠪᠠᠶᠢᠭᠤᠯᠵᠦ ᠦᠭᠡᠷᠡᠴᠢᠯᠡᠭᠰᠡᠨ ᠨᠢ 23 ᠡᠷᠦᠭᠡ ᠪᠤᠯᠤᠨ᠎ᠠ᠃ ᠬᠤᠶᠠᠷ ᠳᠤ᠂ ᠤᠷᠤᠭᠤᠯᠤᠨ ᠵᠠᠯᠭᠠᠮᠵᠢᠯᠠᠬᠤ ᠠᠵᠦ ᠤᠶᠢᠯᠡᠰ ᠢ ᠢᠳᠡᠪᠬᠢᠳᠡᠢ ᠬᠦᠭᠵᠢᠬᠦᠯᠦᠨ᠎ᠡ᠃  ᠰᠢᠭᠤᠶᠢᠳᠤ ᠳᠤᠭᠤᠷᠢᠭ ᠨᠢ ᠤᠯᠤᠰ ᠤᠨ ᠬᠤᠶᠠᠳᠤᠭᠠᠷ ᠪᠦᠯᠦᠭ ᠤᠶᠤᠨᠳᠤ ᠬᠤᠳᠠ ᠪᠤᠯᠤᠭᠰᠠᠨ ᠳᠤᠬᠢᠶᠠᠯ ᠢ ᠠᠮᠵᠢᠵᠦ᠂ ᠳᠤᠮᠤ ᠳ᠋ᠠᠶᠢᠲ᠋ᠠ ᠶᠢᠨ ᠠᠵᠦ ᠤᠶᠢᠯᠡᠰ ᠢ ᠬᠦᠭᠵᠢᠬᠦᠯᠬᠦ ᠶᠢ ᠪᠠᠳᠦ ᠡᠵᠡᠮᠳᠡᠨ᠂ ᠪᠤᠭᠤᠳᠤ ᠬᠤᠳᠠ ᠶᠢᠨ ᠳᠤᠮᠤ ᠳ᠋ᠠᠶᠢᠲ᠋ᠠ ᠶᠢᠨ ᠲᠦᠪ ᠠᠰᠢᠭᠯᠠᠯᠳᠠ ᠳᠤ ᠤᠷᠤᠭᠤᠯᠵᠦ᠂ ᠤᠳᠤᠬᠠᠨ ᠳᠤ ᠳᠤᠮᠤ ᠳ᠋ᠠᠶᠢᠲ᠋ᠠ ᠶᠢᠨ ᠬᠡᠷᠡᠭᠯᠡᠬᠡᠨ ᠳᠤ ᠰᠠᠭᠤᠷᠢᠰᠢᠭᠰᠠᠨ ᠠᠵᠦ ᠠᠬᠤᠶᠢᠯᠠᠯ 15 ᠡᠷᠤᠭᠡ ᠪᠠᠶᠢᠨ᠎ᠠ᠃ ᠬᠤᠸᠠ ᠦ ᠿᠸᠠᠨ ᠵᠢᠶᠠᠨ ᠬᠦᠷᠢᠶᠡᠯᠡᠩ ᠤᠨ ᠨᠢᠭᠡᠳᠤᠭᠡᠷ ᠬᠤᠭᠤᠴᠠᠭᠠᠨ ᠤ ᠶᠡᠷᠤᠩᠬᠡᠶᠢᠯᠡᠭᠰᠡᠨ ᠲᠦᠰᠦᠪᠯᠡᠯ ᠨᠢ ᠡᠬᠢᠯᠡᠨ ᠡᠬᠦᠳᠡ ᠨᠡᠬᠡᠬᠡᠵᠦ ᠵᠤᠴᠢᠨ ᠢᠶᠠᠨ ᠤᠭᠳᠤᠭᠰᠠᠨ ᠪᠠᠶᠢᠨ᠎ᠠ᠃ ᠦᠨᠤᠳᠤᠷ ᠪᠤᠯᠳᠠᠯ᠎ᠠ᠂ ᠨᠢᠭᠡᠨᠳᠡ 86 ᠳᠦᠮᠡᠨ ᠵᠤᠭᠠᠴᠠᠭᠰᠠᠳ ᠢ ᠵᠤᠴᠢᠯᠠᠭᠰᠠᠨ ᠪᠠᠶᠢᠨ᠎ᠠ᠃ ᠮᠠᠯ ᠠᠵᠦ ᠠᠬᠤᠢ ᠶᠢᠨ ᠤᠳᠤᠬᠢᠴᠢᠯᠠᠯᠳᠠ ᠶᠢ ᠯᠠᠪᠳᠠᠭᠤᠨ ᠢᠶᠠᠷ ᠳᠦᠯᠬᠢᠨ ᠠᠬᠢᠭᠤᠯᠵᠦ᠂ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠶᠢᠨ ᠪᠠᠷᠢᠮᠵᠢᠶᠠᠯᠠᠭᠰᠠᠨ ᠭᠠᠭ᠋ᠠᠢ ᠲᠡᠵᠢᠬᠡᠨ ᠦᠷᠡᠵᠢᠬᠦᠯᠬᠦ ᠲᠦᠰᠦᠯ ᠤᠨ ᠭᠤᠤᠯ ᠴᠤᠭᠴᠠ ᠶᠢ ᠨᠢᠬᠡᠨᠳᠡ ᠪᠡᠶᠡᠯᠡᠬᠦᠯᠵᠡᠢ᠃ ᠭᠤᠷᠪᠠ ᠳᠤ᠂ ᠰᠢᠭᠤᠶᠢᠳᠤ ᠳᠤᠭᠤᠷᠢᠭ ᠤᠨ ᠰᠠᠭᠤᠷᠢ ᠪᠦᠳᠦᠭᠡᠨ ᠪᠠᠶᠢᠭᠤᠯᠤᠯᠳᠠ ᠶᠢ ᠦᠷᠬᠦᠯᠵᠢᠯᠡᠨ ᠠᠬᠢᠭᠤᠯᠤᠨ᠎ᠠ᠃ ᠠᠵᠦ ᠤᠶᠢᠯᠡᠳᠪᠤᠷᠢ ᠶᠢᠨ ᠬᠦᠷᠢᠶᠡᠯᠡᠩ ᠳᠤᠭᠤᠷᠢᠭ ᠤᠨ ᠳᠤᠳᠤᠭᠠᠳᠤ ᠵᠠᠮ ᠢ ᠨᠡᠶᠢᠲᠡ 18 ᠺᠢᠯᠤᠮᠧᠲᠷ᠂ ᠦᠶᠡᠷ ᠰᠡᠷᠬᠡᠶᠢᠯᠡᠬᠦ ᠲᠠᠯᠠᠩ ᠬᠠᠰᠢᠯᠭ᠎ᠠ 15 ᠺᠢᠯᠤᠮᠧᠲᠷ᠂ ᠳᠠᠷᠢᠶᠠᠨ ᠭᠠᠵᠠᠷ ᠢ ᠳᠡᠭᠰᠢᠯᠡᠭᠰᠡᠨ ᠨᠢ ᠪᠠᠷᠤᠭ 4.67 ᠺᠦᠸᠠᠳ᠋ ᠺᠢᠯᠤᠮᠧᠲᠷ ᠪᠠᠶᠢᠵᠦ᠂ ᠲᠤᠰ ᠲᠦᠰᠦᠯ ᠤᠨ ᠪᠦᠳᠦᠬᠡᠨ ᠪᠠᠶᠢᠭᠤᠯᠤᠯᠳᠠ ᠳᠤ ᠬᠡᠷᠡᠭᠯᠡᠭᠰᠡᠨ ᠭᠠᠵᠠᠷ ᠨᠢ ᠦᠨᠳᠤᠰᠤᠨ ᠳᠤ ᠪᠠᠨ ︽ᠨᠠᠢᠮᠠ ᠨᠡᠪᠳᠡᠷᠡᠬᠦᠯᠵᠦ ᠨᠢᠭᠡ ᠳᠡᠭᠰᠢᠯᠡᠬᠦ︾ ᠳᠤ ᠬᠦᠷᠦᠭᠰᠡᠨ ᠪᠠᠶᠢᠨ᠎ᠠ᠃ ᠪᠤᠭᠤᠳᠤ ᠬᠤᠳᠠ ᠶᠢᠨ ᠬᠠᠮᠳᠤᠪᠠᠷ ᠳᠤᠬᠢᠷᠠᠭᠤᠯᠤᠨ ᠬᠦᠷᠭᠡᠬᠦ ᠡᠳ᠋ ᠪᠠᠷᠠᠭᠠᠨ ᠤ ᠬᠦᠢᠯᠭᠡᠭᠡᠨ ᠤ ᠳᠤᠭᠤᠷᠢᠭ ᠤᠨ ᠪᠦᠳᠦᠭᠡᠨ ᠪᠠᠶᠢᠭᠤᠯᠤᠯᠳᠠ ᠶᠢᠨ ᠳᠠᠯᠠᠪᠠᠢ ᠨᠢ 1.753 ᠺᠦᠸᠠᠳ᠋ ᠺᠢᠯᠤᠮᠧᠲᠷ ᠪᠠᠶᠢᠵᠦ᠂ ᠪᠦᠬᠦᠲᠡ ᠶᠢ ᠤᠶᠤᠨᠳᠤ ᠬᠤᠳᠠ ᠶᠢᠨ ᠬᠠᠮᠢᠶᠠᠷᠤᠯᠳᠠ ᠶᠢᠨ ᠬᠦᠷᠢᠶ᠎ᠡ ᠬᠡᠪᠴᠢᠶᠡᠨ ᠳᠤ ᠤᠷᠤᠭᠤᠯᠪᠠ᠃ ᠨᠡᠶᠢᠳᠡᠮ ᠬᠡᠷᠡᠭᠯᠡᠬᠦ ᠠᠭᠠᠷ ᠤᠨ ᠠᠶᠠᠯᠠᠯ ᠤᠨ ᠠᠵᠦ ᠤᠶᠢᠯᠡᠰ ᠤᠨ ᠬᠦᠷᠢᠶᠡᠯᠡᠩ ᠤᠨ ᠪᠡᠯᠡ ᠤᠷᠤᠭᠤᠯᠤᠯᠳᠠ ᠨᠢ 1.46 ᠳ᠋ᠦᠩᠰᠢᠭᠤᠷ ᠳᠦᠬᠦᠷᠢᠭ᠂ ᠨᠢᠰᠬᠡᠯ ᠤᠨ ᠪᠠᠭᠤᠳᠠᠯ ᠤᠨ ᠠᠭᠠᠷ ᠤᠨ ᠠᠶᠠᠯᠠᠯ ᠤᠨ ᠦᠷᠳᠡᠭᠡᠨ ᠠᠰᠠᠷ ᠨᠢ ᠨᠢᠭᠡᠨᠳᠡ ᠪᠤᠯᠦᠳ ᠪᠦᠳᠦᠴᠡ ᠶᠢᠨ ᠪᠡᠶᠡᠴᠢ ᠴᠤᠭᠴᠠ ᠶᠢ ᠪᠡᠶᠡᠯᠡᠬᠦᠯᠦᠭᠰᠡᠨ ᠪᠠᠶᠢᠨ᠎ᠠ᠃ ᠳᠦᠷᠪᠠ ᠳᠤ᠂  ᠭᠤᠤᠯᠳᠠᠯᠭ᠎ᠠ ᠲᠠᠢ ᠲᠦᠰᠦᠯ ᠤᠨ ᠪᠦᠳᠦᠭᠡᠨ ᠪᠠᠶᠢᠭᠤᠯᠤᠯᠳᠠ ᠶᠢ ᠯᠠᠪᠳᠠᠭᠤᠨ ᠪᠠᠳᠤᠳᠠᠢ ᠠᠬᠢᠭᠤᠯᠤᠨ᠎ᠠ᠃ ᠨᠡᠬᠦᠷᠡᠰᠦ ᠮᠠᠯᠳᠠᠭᠰᠠᠨ ᠠᠴᠠ ᠪᠤᠯᠵᠦ ᠳᠤᠭᠤᠭᠰᠢ ᠰᠠᠭᠤᠭᠰᠠᠨ ᠤᠷᠤᠨ ᠤ ᠬᠡᠷᠡᠯ ᠴᠡᠨᠡᠭ ᠤᠨ ᠳᠠᠭᠠᠭᠤᠯᠬᠤ ᠲᠧᠭᠨᠢᠭ ᠮᠡᠷᠭᠡᠵᠢᠯ ᠤᠨ ᠰᠠᠭᠤᠷᠢᠨ ᠭᠠᠵᠠᠷ ᠤᠨ 1᠂ 2᠂ 3᠂ 8 ᠨᠤᠮᠧᠷᠳᠤ ᠲᠦᠰᠦᠯ ᠢ ᠯᠠᠪᠳᠠᠭᠤᠨ ᠢᠶᠠᠷ ᠠᠬᠢᠭᠤᠯᠵᠦ᠂ 1 ᠳ᠋ᠦᠩᠰᠢᠭᠤᠷ ᠳᠦᠬᠦᠷᠢᠭ ᠤᠨ ᠪᠡᠯᠡ ᠤᠷᠤᠭᠤᠯᠤᠯᠳᠠ ᠶᠢ ᠪᠡᠶᠡᠯᠡᠬᠦᠯᠵᠡᠢ᠃ ᠰᠢᠭᠤᠶᠢᠳᠤ ᠳᠤᠭᠤᠷᠢᠭ ᠤᠨ ᠢᠯᠴᠢ ᠶᠢᠨ ᠬᠦᠴᠦᠨ ᠤ ᠬᠤᠭᠤᠯᠠᠢ ᠶᠢᠨ ᠳᠤᠤᠷ᠂ ᠨᠡᠶᠢᠳᠡᠮ ᠬᠡᠷᠡᠭᠯᠡᠬᠦ ᠠᠭᠠᠷ ᠤᠨ ᠠᠶᠠᠯᠠᠯ ᠨᠢᠰᠬᠡᠯ ᠤᠨ ᠪᠠᠭᠤᠳᠠᠯ ᠤᠨ ᠰᠠᠭᠤᠷᠢ ᠳᠦᠬᠦᠭᠡᠷᠦᠮᠵᠢ᠂ ᠪᠠᠳᠺᠠᠷ ᠰᠦᠮ᠎ᠡ ᠤᠯᠤᠰ ᠤᠨ ᠤᠢ ᠰᠢᠭᠤᠢ ᠶᠢᠨ ᠴᠡᠴᠡᠷᠯᠢᠭ ᠤᠨ ᠰᠠᠭᠤᠷᠢ ᠳᠦᠬᠦᠭᠡᠷᠦᠮᠵᠢ ᠵᠢᠴᠢ ᠢᠵᠢ ᠪᠦᠷᠢᠳᠦᠬᠦᠯᠦᠭᠰᠡᠨ ᠤᠯᠠᠨ ᠨᠡᠶᠢᠲᠡ ᠶᠢᠨ ᠤᠶᠢᠯᠡᠴᠢᠯᠡᠭᠡᠨ ᠤ ᠳᠦᠬᠦᠭᠡᠷᠦᠮᠵᠢ ᠶᠢᠨ ᠪᠠᠶᠢᠭᠤᠯᠤᠯᠳᠠ ᠶᠢ ᠵᠢᠱᠢᠭᠰᠡᠨ ᠶᠤᠰᠤᠭᠠᠷ ᠪᠡᠶᠡᠯᠡᠬᠦᠯᠦᠭᠰᠡᠨ ᠪᠠᠶᠢᠨ᠎ᠠ᠃
 
ᠢᠷᠡᠯᠲᠡ᠄ ᠰᠢᠭᠤᠢ᠌ᠢᠳᠤ ᠳᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号