ᠲᠤᠰ ᠲᠦᠰᠦᠯ ᠢ 5 ᠳ᠋ᠦᠩᠰᠢᠭᠤᠷ ᠳᠦᠬᠦᠷᠢᠭ ᠤᠨ ᠪᠡᠯᠡ ᠤᠷᠤᠭᠤᠯᠤᠯᠳᠠ ᠪᠠᠷ ᠲᠦᠯᠦᠪᠯᠡᠵᠦ᠂ ᠡᠵᠡᠯᠡᠬᠦ | ᠲᠠᠯᠠᠪᠠᠢ ᠨᠢ 300 ᠮᠦ᠂ ᠬᠡᠤᠬᠡᠳ ᠤᠨ ᠴᠡᠴᠡᠷᠯᠢᠭ᠂ ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ | ᠰᠤᠷᠭᠠᠭᠤᠯᠢ ᠠᠴᠠ ᠦᠨᠳᠤᠷ ᠵᠡᠷᠭᠡ ᠶᠢᠨ ᠳᠤᠮᠳᠠᠳᠤ ᠰᠤᠷᠭᠠᠭᠤᠯᠢ ᠵᠢᠴᠢ ᠭᠡᠷ ᠤᠨ ᠠᠬᠠᠮᠠᠳ ᠤᠨ ᠰᠤᠷᠭᠠᠭᠤᠯᠢ᠂ | ᠪᠠᠭᠰᠢ ᠶᠢᠨ ᠪᠤᠯᠪᠠᠰᠤᠷᠠᠯ ᠤᠨ ᠰᠤᠷᠭᠠᠭᠤᠯᠢ ᠵᠡᠷᠭᠡ 6000 ᠭᠠᠷᠤᠢ ᠬᠦᠮᠦᠨ ᠢ ᠪᠠᠭᠳᠠᠭᠠᠭᠰᠠᠨ ᠤᠳᠤᠬᠢᠴᠢᠯᠠᠭᠰᠠᠨ | ᠳᠡᠭᠡᠳᠤ ᠳᠠᠰ ᠤᠨ ᠠᠷᠠᠳ ᠠᠴᠠ ᠡᠷᠬᠢᠯᠡᠭᠰᠡᠨ ᠰᠤᠷᠭᠠᠨ ᠬᠦᠮᠦᠵᠢᠯ ᠤᠨ ᠬᠦᠷᠢᠶᠡᠯᠡᠩ ᠢ ᠪᠦᠳᠦᠭᠡᠨ ᠪᠠᠶᠢᠭᠤᠯᠬᠤ ᠶᠢᠨ | ᠬᠠᠮᠳᠤ ᠭᠠᠳᠠᠭᠠᠳᠤ ᠲᠠᠢ ᠴᠢᠯᠦᠭᠡᠳᠠᠢ ᠶᠠᠪᠤᠯᠴᠠᠬᠤ ᠤᠯᠠᠨ ᠴᠢᠳᠠᠮᠵᠢᠳᠤ ᠰᠤᠷᠭᠠᠨ ᠬᠦᠮᠦᠵᠢᠯ ᠤᠨ ᠳᠤᠭᠤᠷᠢᠭ᠂ | ᠳᠤᠮᠦ ᠬᠡᠯᠪᠡᠷᠢ ᠶᠢᠨ ᠳᠠᠯᠠᠪᠤᠷ ᠵᠡᠷᠭᠡ ᠳᠦᠬᠦᠭᠡᠷᠦᠮᠵᠢ ᠶᠢ ᠳᠤᠬᠢᠷᠠᠭᠤᠯᠬᠤ ᠪᠤᠯᠤᠨ᠎ᠠ᠃ ᠲᠤᠰ ᠲᠦᠰᠦᠯ ᠢ ᠬᠤᠶᠠᠷ | ᠬᠤᠭᠤᠴᠠᠭ᠎ᠠ ᠬᠤᠪᠢᠶᠠᠵᠦ ᠪᠦᠳᠦᠭᠡᠨ ᠪᠠᠶᠢᠭᠤᠯᠤᠯᠳᠠ ᠬᠢᠨ᠎ᠡ᠃ ᠨᠢᠭᠡᠳᠤᠭᠡᠷ ᠬᠤᠭᠤᠴᠠᠭᠠᠨ ᠳᠤ 2.5 ᠳ᠋ᠦᠩᠰᠢᠭᠤᠷ | ᠳᠦᠬᠦᠷᠢᠭ ᠤᠨ ᠪᠡᠯᠡ ᠤᠷᠤᠭᠤᠯᠤᠨ᠂ ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠬᠡᠯᠲᠡᠰ ᠤᠨ ᠬᠡᠷᠡᠭᠰᠡᠬᠦ ᠪᠠᠷᠢᠮᠵᠢᠶᠠᠳᠤ ᠵᠢᠭᠠᠨ ᠰᠤᠷᠭᠠᠬᠤ ᠠᠰᠠᠷ᠂ ᠪᠠᠶᠢᠷᠢ ᠶᠢᠨ ᠠᠰᠠᠷ᠂ ᠬᠤᠭᠤᠯᠠᠨ ᠭᠡᠷ᠂ | ᠶᠡᠷᠦᠩᠭᠡᠶᠢᠯᠡᠭᠰᠡᠨ ᠠᠯᠪᠠᠨ ᠤ ᠠᠰᠠᠷ᠂ ᠮᠡᠳᠡᠬᠦᠯᠦᠯᠳᠡ ᠶᠢᠨ ᠳᠢᠩᠬᠢᠮ᠂ ᠤᠷᠠᠨ ᠵᠢᠷᠤᠭ ᠤᠨ ᠤᠷᠳᠤᠨ᠂ ᠳᠠᠭᠤᠤ | ᠬᠦᠭᠵᠢᠮ ᠤᠨ ᠤᠷᠳᠤᠨ᠂ ᠪᠦᠵᠢᠭ ᠤᠨ ᠤᠷᠳᠤᠨ᠂ ᠪᠠᠭᠰᠢ ᠶᠢᠨ ᠪᠤᠯᠪᠠᠰᠤᠷᠠᠯ ᠤᠨ ᠰᠤᠷᠭᠠᠭᠤᠯᠢ᠂ ᠰᠦᠯᠢᠶᠤᠤ | ᠪᠡᠶ᠎ᠡ ᠶᠢᠨ ᠲᠠᠮᠢᠷ ᠤᠨ ᠳᠠᠯᠠᠪᠤᠷ ᠵᠡᠷᠭᠡ ᠳᠦᠬᠦᠭᠡᠷᠦᠮᠵᠢ ᠶᠢ ᠪᠦᠳᠦᠭᠡᠨ ᠪᠠᠶᠢᠭᠤᠯᠵᠦ᠂ 9 ᠰᠠᠷ᠎ᠠ ᠳᠤ ᠠᠵᠢᠯ ᠢᠶᠠᠨ | ᠡᠬᠢᠯᠡᠬᠦᠯᠬᠦ ᠪᠠᠷ ᠲᠦᠯᠦᠪᠯᠡᠵᠦ᠂ 2019 ᠤᠨ ᠤ 9 ᠰᠠᠷ᠎ᠠ ᠶᠢᠨ 1 ᠤ ᠡᠳᠤᠷ ᠠᠴᠠ ᠡᠮᠤᠨ᠎ᠠ ᠰᠤᠷᠤᠭᠴᠢ ᠡᠯᠰᠡᠬᠦ | ᠪᠦᠭᠡᠳ ᠠᠰᠢᠭᠯᠠᠯᠳᠠ ᠳᠤ ᠤᠷᠤᠭᠤᠯᠤᠨ᠎ᠠ᠃ ᠬᠤᠶᠠᠳᠤᠭᠠᠷ ᠬᠤᠭᠤᠴᠠᠭᠠᠨ ᠳᠤ 2.5 ᠳ᠋ᠦᠩᠰᠢᠭᠤᠷ | ᠳᠦᠬᠦᠷᠢᠭ ᠤᠨ ᠪᠡᠯᠡ ᠤᠷᠤᠭᠤᠯᠤᠨ᠂ ᠬᠡᠤᠬᠡᠳ ᠤᠨ ᠴᠡᠴᠡᠷᠯᠢᠭ᠂ ᠦᠨᠳᠤᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠬᠡᠯᠲᠡᠰ ᠤᠨ ᠬᠡᠷᠡᠭᠰᠡᠬᠦ ᠰᠤᠷᠭᠠᠭᠤᠯᠢ ᠶᠢᠨ ᠵᠢᠭᠠᠨ ᠰᠤᠷᠭᠠᠬᠤ ᠠᠰᠠᠷ᠂ ᠪᠠᠶᠢᠷᠢ ᠶᠢᠨ ᠠᠰᠠᠷ᠂ | ᠳᠤᠷᠰᠢᠯᠳᠠ ᠶᠢᠨ ᠠᠰᠠᠷ᠂ ᠬᠤᠭᠤᠯᠠᠨ ᠭᠡᠷ᠂ ᠰᠦᠯᠢᠶᠤᠤ ᠪᠡᠶ᠎ᠡ ᠶᠢᠨ ᠲᠠᠮᠢᠷ ᠤᠨ ᠳᠠᠯᠠᠪᠤᠷ᠂ ᠭᠡᠷ ᠤᠨ ᠠᠬᠠᠮᠠᠳ ᠤᠨ | ᠰᠤᠷᠭᠠᠭᠤᠯᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠤᠷᠳᠤᠨ᠂ ᠪᠡᠶ᠎ᠡ ᠶᠢᠨ ᠲᠠᠮᠢᠷ ᠤᠨ ᠤᠷᠳᠤᠨ ᠵᠡᠷᠭᠡ | ᠤᠯᠠᠨ ᠴᠢᠳᠠᠮᠵᠢᠳᠤ ᠰᠤᠷᠭᠠᠨ ᠬᠦᠮᠦᠵᠢᠯ ᠤᠨ ᠳᠤᠭᠤᠷᠢᠭ ᠤᠨ ᠬᠡᠷᠡᠭᠰᠡᠬᠦ ᠳᠦᠬᠦᠭᠡᠷᠦᠮᠵᠢ ᠶᠢ ᠪᠦᠳᠦᠭᠡᠨ ᠪᠠᠶᠢᠭᠤᠯᠵᠦ | ᠂ 2020 ᠤᠨ ᠤ 4 ᠰᠠᠷ᠎ᠠ ᠳᠤ ᠠᠵᠢᠯ ᠢᠶᠠᠨ ᠡᠬᠢᠯᠡᠬᠦᠯᠬᠦ ᠪᠠᠷ ᠲᠦᠯᠦᠪᠯᠡᠵᠦ᠂ 2022 ᠤᠨ ᠤ 9 ᠰᠠᠷ᠎ᠠ ᠶᠢᠨ | 1 ᠤ ᠡᠳᠤᠷ ᠠᠴᠠ ᠡᠮᠤᠨ᠎ᠠ ᠰᠤᠷᠤᠭᠴᠢ ᠡᠯᠰᠡᠬᠦ ᠪᠦᠭᠡᠳ ᠠᠰᠢᠭᠯᠠᠯᠳᠠ ᠳᠤ ᠤᠷᠤᠭᠤᠯᠤᠨ᠎ᠠ᠃ |