ᠭᠠᠯᠳᠤ ᠳᠡᠷᠭᠡᠨ ᠪᠢᠯᠧᠲ ᠬᠤᠳᠠᠯᠳᠤᠨ ᠠᠪᠬᠤ ᠰᠢᠨ᠎ᠡ ᠳᠤᠭᠳᠠᠭᠠᠯ
ᠨᠡᠶᠢᠲᠡᠯᠡᠭᠰᠡᠨ ᠴᠠᠭ᠄
2018-09-30
       ᠤᠯᠤᠰ ᠤᠨ ᠪᠠᠶᠠᠷ ᠤᠨ ᠠᠮᠠᠷᠠᠯᠳᠠ ᠬᠦᠷᠴᠦ ᠢᠷᠡᠬᠦ ᠪᠤᠯᠤᠯ᠎ᠠ᠂ ᠭᠠᠯᠳᠤ ᠳᠡᠷᠭᠡᠨ ᠳᠤ ᠰᠠᠭᠤᠵᠦ ᠨᠠᠭᠠᠰᠢ ᠴᠠᠭᠠᠰᠢ ᠶᠠᠪᠤᠭᠰᠠᠳ ᠠᠩᠬᠠᠷᠤᠭᠠᠷᠠᠢ︕ ᠤᠶᠢᠷ᠎ᠠ ᠳᠤ ᠲᠡᠮᠦᠷ ᠵᠠᠮ ᠤᠨ ︽12306︾ ᠠᠴᠠ ᠰᠢᠨ᠎ᠡ ᠳᠤᠭᠳᠠᠭᠠᠯ ᠨᠡᠶᠢᠳᠡᠯᠡᠪᠡ᠃        ᠳᠤᠮᠳᠠᠳᠤ ᠤᠯᠤᠰ ᠤᠨ ᠲᠡᠮᠦᠷ ᠵᠠᠮ ᠤᠨ ᠠᠶᠠᠨᠴᠢᠳ ᠲᠤ ᠤᠶᠢᠯᠡᠴᠢᠯᠡᠬᠦ ᠳᠦᠪ 12306 ᠠᠴᠠ ᠮᠡᠳᠡᠭᠳᠡᠯ ᠨᠠᠶᠢᠳᠡᠯᠡᠵᠦ᠂ 9 ᠰᠠᠷ᠎ᠠ ᠶᠢᠨ 22 ᠤᠨ ᠡᠳᠤᠷ ᠠᠴᠠ ᠰᠦᠯᠵᠢᠶ᠎ᠡ᠂ ᠤᠳᠠᠰᠦ᠂ ᠠᠦ᠋ᠲ᠋ᠤ᠋ ᠪᠢᠯᠧᠲ ᠬᠤᠳᠠᠯᠳᠤᠬᠤ ᠮᠠᠰᠢᠨ ᠵᠢᠴᠢ ᠭᠠᠯᠳᠤ ᠳᠡᠷᠭᠡᠨ ᠦᠷᠳᠡᠭᠡ ᠶᠢᠨ ᠪᠢᠯᠧᠲ ᠬᠤᠳᠠᠯᠳᠤᠬᠤ ᠴᠤᠩᠬᠤ ᠪᠠᠷ ᠳᠠᠮᠵᠢᠨ ᠪᠢᠯᠧᠲ ᠬᠤᠳᠠᠯᠳᠤᠨ ᠠᠪᠬᠤ ᠳᠤ ᠠᠳᠠᠯᠢ ᠳᠡᠷᠬᠡᠨ ᠦᠷᠳᠡᠭᠡ ᠳᠤ ᠳᠡᠷᠭᠡᠨ ᠡᠬᠡᠯᠵᠢ ᠰᠤᠯᠢᠵᠦ ᠰᠠᠭᠤᠬᠤ ᠬᠤᠶᠠᠷ ᠬᠠᠭᠤᠳᠠᠰᠦ ᠪᠢᠯᠧᠲ ᠤᠨ ᠴᠠᠭ ᠨᠢ ᠬᠤᠭᠤᠷᠤᠨᠳᠤ ᠪᠠᠨ 10 ᠮᠢᠨᠦ᠋ᠲ ᠠᠴᠠ ᠳᠡᠭᠡᠭᠰᠢ ᠠᠯᠤᠰᠯᠠᠬᠤ ᠬᠡᠷᠡᠭᠳᠡᠢ᠃ ᠠᠳᠠᠯᠢ ᠪᠤᠰᠤ ᠳᠡᠷᠭᠡᠨ ᠦᠷᠳᠡᠭᠡ ᠳᠤ ᠳᠡᠷᠬᠡᠨ ᠡᠬᠡᠯᠵᠢ ᠰᠤᠯᠢᠵᠦ ᠰᠠᠭᠤᠬᠤ ᠬᠤᠶᠠᠷ ᠬᠠᠭᠤᠳᠠᠰᠤ ᠪᠢᠯᠧᠲ ᠤᠨ ᠴᠠᠭ  ᠨᠢ ᠬᠤᠭᠤᠷᠤᠨᠳᠤ ᠪᠠᠨ 40 ᠮᠢᠨᠦ᠋ᠲ ᠠᠴᠠ ᠳᠡᠭᠡᠭᠰᠢ ᠠᠯᠤᠰᠯᠠᠬᠤ ᠬᠡᠷᠡᠭᠳᠡᠢ᠂ ᠡᠰᠡ ᠳᠠᠶᠢᠮᠦ ᠪᠤᠯ ᠪᠢᠯᠧᠲ ᠬᠤᠳᠠᠯᠳᠤᠨ ᠠᠪᠴᠦ ᠳᠠᠶᠢᠯᠬᠦ ᠦᠬᠡᠢ ᠭᠡᠬᠦ ᠰᠢᠨ᠎ᠡ ᠳᠤᠭᠳᠠᠭᠠᠯ ᠢ ᠨᠡᠶᠢᠳᠡᠯᠡᠵᠡᠢ᠃        ᠪᠢᠯᠧᠲ ᠬᠤᠳᠠᠯᠳᠤᠨ ᠠᠪᠬᠤ ᠳᠤ ᠬᠡᠷᠡᠭᠯᠡᠬᠦ ᠦᠨᠡᠮᠯᠡᠯ        1᠂ ᠳᠡᠮᠦᠷ ᠵᠠᠮ ᠤᠨ ᠪᠢᠯᠧᠲ ᠬᠤᠳᠠᠯᠳᠤᠬᠤ ᠴᠤᠩᠬᠤ ᠠᠴᠠ ᠪᠢᠯᠧᠲ ᠬᠤᠳᠠᠯᠳᠤᠨ ᠠᠪᠬᠤ ᠳᠤ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ᠂ ᠳᠦᠷ ᠴᠠᠭ ᠤᠨ ᠦᠨᠡᠮᠯᠡᠯ᠂ ᠡᠷᠦᠭᠡ ᠠᠮᠠ ᠶᠢᠨ ᠳᠡᠪᠳᠡᠷ᠂ ᠵᠤᠭᠠᠴᠠᠯ ᠤᠨ ᠦᠨᠠᠮᠯᠠᠯ᠂ ᠴᠡᠷᠢᠭ ᠤᠨ ᠪᠠᠳᠤᠯᠠᠪᠤᠷᠢ ᠶᠢᠨ ᠺᠠᠷᠲ᠂ ᠴᠡᠷᠢᠭ ᠤᠨ ᠳᠤᠰᠢᠶᠠᠯᠳᠡᠨ ᠤ ᠦᠨᠡᠮᠯᠡᠯ᠂ ᠵᠡᠪᠰᠡᠭᠳᠤ ᠴᠠᠭᠳᠠᠭ᠎ᠠ ᠶᠢᠨ ᠦᠨᠠᠮᠯᠡᠯ᠂ ᠴᠡᠷᠢᠭ ᠤᠨ ᠦᠨᠠᠮᠯᠡᠯ᠂ ᠴᠡᠷᠢᠭ ᠠᠩᠭᠢ ᠶᠢᠨ ᠠᠵᠢᠯ ᠠᠴᠠ ᠪᠠᠨ ᠳᠠᠷᠬᠠᠯᠠᠭᠳᠠᠭᠰᠠᠨ ᠪᠠ ᠠᠵᠢᠯ ᠠᠴᠠ ᠠᠮᠠᠷᠠᠭᠰᠠᠨ ᠦᠨᠠᠮᠯᠡᠯ᠂ ᠳᠤᠭᠳᠠᠭᠠᠯ ᠶᠤᠰᠤᠭᠠᠷ ᠬᠡᠷᠡᠭᠯᠡᠵᠦ ᠪᠤᠯᠬᠤ ᠬᠦᠴᠦᠨ ᠪᠦᠬᠦᠢ ᠫᠡᠰᠫᠦᠷᠲ᠂ ᠰᠢᠶᠠᠩᠭᠠᠩ ᠤᠤᠮᠧᠨ ᠳᠠᠶᠢᠸᠠᠨ ᠤ ᠰᠠᠭᠤᠭᠠᠯᠢ ᠠᠷᠠᠳ ᠤᠨ ᠰᠠᠭᠤᠬᠤ ᠦᠨᠠᠮᠯᠡᠯ᠂ ᠭᠠᠳᠠᠭᠠᠳᠤ ᠶᠢᠨ ᠬᠦᠮᠦᠨ ᠤ ᠪᠠᠶᠢᠩᠭᠤ ᠰᠠᠭᠤᠬᠤ ᠪᠡᠶ᠎ᠡ ᠶᠢᠨ ᠦᠨᠠᠮᠯᠡᠯ᠂ ᠭᠠᠳᠠᠭᠠᠳᠤ ᠶᠢᠨ ᠬᠦᠮᠦᠨ ᠤ ᠬᠢᠯᠢ ᠪᠠᠷ ᠤᠷᠤᠵᠦ ᠭᠠᠷᠬᠤ ᠦᠨᠠᠮᠯᠡᠯ ᠁ ᠵᠡᠷᠭᠡ 25 ᠵᠤᠶᠢᠯ ᠤᠨ ᠦᠨᠡᠮᠯᠡᠯ ᠴᠦᠮ ᠭᠠᠯᠳᠤ ᠳᠡᠷᠭᠡᠨ ᠪᠢᠯᠧᠲ ᠬᠤᠳᠠᠯᠳᠤᠨ ᠠᠪᠴᠦ ᠪᠤᠯᠤᠨ᠎ᠠ᠃ 1.5 ᠮᠧᠲᠷ ᠠᠴᠠ ᠦᠨᠳᠤᠷ᠂ 16 ᠪᠦᠬᠦᠯᠢ ᠨᠠᠰᠤᠨ ᠠᠴᠠ ᠳᠤᠷᠤᠭᠰᠢ ᠨᠠᠰᠤᠨ ᠳᠤ ᠦᠯᠦ ᠬᠦᠷᠦᠭᠰᠡᠳ ᠤᠨ ᠳᠡᠷᠭᠡᠨ ᠪᠢᠯᠧᠲ ᠬᠤᠳᠠᠯᠳᠤᠨ ᠠᠪᠬᠤ ᠬᠦᠴᠦᠨ ᠪᠦᠭᠦᠢ ᠦᠨᠠᠮᠯᠡᠯ ᠳᠤ ᠰᠤᠷᠤᠭᠴᠢ ᠶᠢᠨ ᠦᠨᠠᠮᠯᠡᠯ ᠢ ᠪᠠᠭᠳᠠᠭᠠᠨ᠎ᠠ᠃        ᠬᠠᠮᠢᠶ᠎ᠡ ᠪᠦᠬᠦᠢ ᠰᠠᠯᠠᠭ᠎ᠠ ᠮᠦᠴᠢᠷ ᠠᠴᠠ ᠰᠠᠨᠠᠭᠤᠯᠬᠤ ᠨᠢ᠂ ᠪᠢᠯᠧᠲ ᠬᠤᠳᠠᠯᠳᠤᠨ ᠠᠪᠬᠤ ᠬᠤᠷᠳᠤᠴᠠ ᠶᠢ ᠪᠠᠳᠤᠯᠠᠬᠤ ᠶᠢᠨ ᠲᠦᠯᠦᠭᠡ᠂ ᠳᠤᠮᠳᠠᠳᠤ ᠤᠯᠤᠰ ᠤᠨ ᠡᠷᠭᠡᠳᠤ ᠠᠷᠠᠳ ᠠᠯᠢ ᠴᠢᠳᠠᠬᠤ ᠪᠠᠷ ᠰᠠᠭᠤᠭᠠᠯᠢ ᠠᠷᠠᠳ ᠤᠨ ᠪᠡᠶ᠎ᠡ ᠶᠢᠨ ᠦᠨᠠᠮᠯᠡᠯ ᠢᠶᠠᠷ ᠢᠶᠠᠨ ᠪᠢᠯᠧᠲ ᠬᠤᠳᠠᠯᠳᠤᠨ ᠠᠪᠤᠭᠠᠷᠠᠢ︕        2᠂ ᠠᠦ᠋ᠲ᠋ᠤ᠋ ᠪᠢᠯᠧᠲ ᠬᠤᠳᠠᠯᠳᠤᠨ ᠠᠪᠬᠤ ᠮᠠᠰᠢᠨ ᠳᠤ ᠡᠷᠬᠡᠪᠰᠢ ᠳᠡᠷᠭᠡᠨ ᠳᠤ ᠰᠠᠭᠤᠬᠤ ᠳᠤᠰ ᠬᠦᠮᠦᠨ ᠤ ᠰᠠᠭᠤᠭᠠᠯᠢ ᠠᠷᠠᠳ ᠤᠨ ᠪᠡᠶ᠎ᠡ ᠶᠢᠨ ᠦᠨᠠᠮᠯᠡᠯ ᠢ ᠬᠡᠷᠡᠭᠯᠡᠬᠦ ᠬᠡᠷᠡᠭᠳᠡᠢ᠃        3᠂ ᠰᠦᠯᠵᠢᠶᠡᠨ App ᠪᠠᠷ ᠪᠢᠯᠧᠲ ᠬᠤᠳᠠᠯᠳᠤᠨ ᠠᠪᠬᠤ ᠳᠤ ᠰᠠᠭᠤᠭᠠᠯᠢ ᠠᠷᠠᠳ ᠤᠨ ᠪᠡᠶ᠎ᠡ ᠶᠢᠨ ᠦᠨᠠᠮᠯᠡᠯ ᠠᠴᠠ ᠭᠠᠳᠠᠨ᠎ᠠ᠂ ᠰᠢᠶᠠᠩᠭᠠᠩ ᠤᠤᠮᠧᠨ ᠤ ᠰᠠᠭᠤᠭᠠᠯᠢ ᠠᠷᠠᠳ ᠤᠨ ᠳᠤᠳᠤᠷ ᠭᠠᠵᠠᠷ ᠲᠤ ᠨᠡᠪᠳᠡᠷᠡᠬᠦ ᠦᠨᠠᠮᠯᠡᠯ᠂ ᠳᠠᠶᠢᠸᠠᠨ ᠤ ᠰᠠᠭᠤᠭᠠᠯᠢ ᠠᠷᠠᠳ ᠤᠨ ᠳᠤᠳᠤᠷ ᠭᠠᠵᠠᠷ ᠲᠤ ᠨᠡᠪᠳᠡᠷᠡᠬᠦ ᠦᠨᠠᠮᠯᠡᠯ᠂ ᠫᠡᠰᠫᠦᠷᠲ ᠡᠨᠡ ᠳᠦᠷᠪᠡᠨ ᠵᠤᠶᠢᠯ ᠤᠨ ᠦᠨᠠᠮᠯᠡᠯ ᠢ ᠬᠡᠷᠡᠭᠯᠡᠵᠦ ᠪᠤᠯᠤᠨ᠎ᠠ᠃        ᠪᠢᠯᠧᠲ ᠢᠶᠠᠨ ᠭᠠᠷᠭᠠᠨ ᠠᠪᠬᠤ ᠵᠢᠴᠢ ᠳᠡᠷᠭᠡᠨ ᠳᠤ ᠭᠠᠷᠬᠤ        ᠳᠡᠷᠬᠡᠨ ᠳᠤ ᠰᠠᠭᠤᠬᠤ ᠳᠤᠰ ᠬᠦᠮᠦᠨ ᠤ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠢᠶᠠᠨ ᠬᠡᠷᠡᠭᠯᠡᠵᠦ 12306᠂ cn ᠰᠦᠯᠵᠢᠶᠡᠨ ᠳᠡᠭᠡᠷ᠎ᠡ ᠠᠴᠠ ᠪᠢᠯᠧᠲ ᠬᠤᠳᠠᠯᠳᠤᠨ ᠠᠪᠤᠭᠰᠠᠨ ᠪᠦᠭᠡᠳ ᠳᠡᠷᠭᠡᠨ ᠳᠤ ᠭᠠᠷᠬᠤ ᠦᠷᠳᠡᠭᠡ ᠪᠠ ᠳᠡᠷᠭᠡᠨ ᠠᠴᠠ ᠪᠠᠭᠤᠬᠤ ᠦᠷᠳᠡᠭᠡ ᠳᠤ ᠴᠦᠮ ᠪᠡᠶ᠎ᠡ ᠶᠢᠨ ᠦᠨᠠᠮᠯᠡᠯ ᠢ ᠢᠯᠭᠠᠨ ᠳᠠᠨᠢᠬᠤ ᠠᠦ᠋ᠲ᠋ᠤ᠋ ᠮᠠᠰᠢᠨ ᠢᠶᠠᠷ ᠪᠢᠯᠧᠲ ᠪᠠᠶᠢᠴᠠᠭᠠᠬᠤ ᠨᠦᠬᠦᠴᠡᠯ ᠲᠠᠢ ᠪᠤᠯ ᠰᠢᠭᠤᠳ ᠠᠦ᠋ᠲ᠋ᠤ᠋ ᠮᠠᠰᠢᠨ ᠢᠶᠠᠷ ᠪᠡᠶ᠎ᠡ ᠶᠢᠨ ᠦᠨᠠᠮᠯᠡᠯ ᠢᠶᠠᠨ ᠤᠩᠰᠢᠭᠤᠯᠵᠦ ᠳᠡᠷᠭᠡᠨ ᠳᠤ ᠰᠠᠭᠤᠵᠦ ᠳᠡᠷᠭᠡᠨ ᠠᠴᠠ ᠪᠠᠭᠤᠵᠦ ᠪᠤᠯᠤᠨ᠎ᠠ᠂ ᠤᠷᠢᠳᠴᠢᠯᠡᠨ ᠴᠠᠭᠠᠰᠤᠨ ᠪᠢᠯᠧᠲ ᠰᠤᠯᠢᠵᠦ ᠠᠪᠬᠤ ᠬᠡᠷᠡᠭ ᠦᠭᠡᠢ ᠶᠤᠮ᠃ ᠪᠤᠰᠤᠳ ᠪᠠᠶᠢᠳᠠᠯ ᠳᠤᠤᠷ᠎ᠠ ᠳᠡᠷᠭᠡᠨ ᠳᠤ ᠭᠠᠷᠬᠤ ᠠᠴᠠ ᠡᠮᠦᠨ᠎ᠡ ᠡᠷᠬᠡᠪᠰᠢ ᠴᠠᠭᠠᠰᠤᠨ ᠪᠢᠯᠧᠲ ᠰᠤᠯᠢᠵᠦ ᠠᠪᠬᠤ ᠬᠡᠷᠡᠭᠳᠡᠢ᠃        ᠪᠢᠯᠧᠲ ᠢᠶᠠᠨ ᠬᠤᠪᠢᠷᠠᠭᠤᠯᠬᠤ ᠪᠠ ᠪᠢᠯᠧᠲ ᠪᠤᠴᠠᠭᠠᠬᠤ        ᠨᠢᠭᠡ᠂ ᠳᠡᠷᠭᠡᠨ ᠪᠢᠯᠧᠲ ᠢᠶᠠᠨ ᠬᠤᠪᠢᠷᠠᠭᠤᠯᠬᠤ        ᠠᠶᠠᠨᠴᠢᠨ ᠪᠢᠯᠧᠲ ᠲᠤ ᠳᠤᠳᠤᠷᠬᠠᠶᠢᠯᠠᠭᠰᠠᠨ ᠳᠡᠷᠭᠡᠨ ᠳᠤ ᠭᠠᠷᠬᠤ ᠦᠷᠳᠡᠭᠡ᠂ ᠡᠳᠤᠷ ᠬᠤᠭᠤᠴᠠᠭ᠎ᠠ᠂ ᠳᠡᠷᠭᠡᠨ ᠡᠭᠡᠯᠵᠢ ᠶᠢᠨ ᠶᠤᠰᠤᠭᠠᠷ ᠶᠠᠪᠤᠵᠦ ᠳᠡᠶᠢᠯᠬᠦ ᠦᠬᠡᠢ ᠪᠤᠯ ᠳᠡᠷᠭᠡ ᠬᠦᠳᠡᠯᠬᠦ ᠠᠴᠠ ᠡᠮᠦᠨ᠎ᠡ ᠳᠡᠷᠭᠡᠨ ᠦᠷᠳᠡᠬᠡᠨ ᠳᠤ ᠬᠦᠷᠴᠦ ᠳᠠᠬᠢᠵᠦ ᠭᠠᠷ ᠤᠨ ᠦᠰᠦᠭ ᠵᠢᠷᠤᠭᠤᠯᠬᠤ ᠭᠠᠷᠳᠠᠮ ᠭᠦᠢᠴᠡᠳᠭᠡᠬᠦ ᠬᠡᠷᠡᠭᠳᠡᠢ᠃ ᠤᠨᠴᠠᠭᠠᠢ ᠪᠠᠶᠢᠳᠠᠯ ᠳᠤᠤᠷ᠎ᠠ ᠪᠢᠯᠧᠲ ᠬᠤᠳᠠᠯᠳᠤᠨ ᠠᠪᠤᠭᠰᠠᠨ ᠭᠠᠵᠠᠷ ᠤᠨ ᠭᠠᠯᠳᠤ ᠳᠡᠷᠭᠡᠨ ᠦᠷᠳᠡᠭᠡ ᠶᠢᠨ ᠳᠠᠷᠤᠭ᠎ᠠ ᠪᠠᠷ ᠵᠦᠪᠰᠢᠶᠡᠷᠡᠬᠦᠯᠵᠦ ᠳᠡᠷᠭᠡ ᠬᠦᠳᠡᠯᠤᠭ᠍ᠰᠡᠨ ᠤ ᠳᠠᠷᠠᠭ᠎ᠠ 2 ᠴᠠᠭ ᠤᠨ ᠳᠤᠳᠤᠷ᠎ᠠ ᠭᠠᠷᠳᠠᠮ ᠢᠶᠠᠨ ᠬᠦᠢᠴᠡᠳᠭᠡᠵᠦ ᠪᠤᠯᠤᠨ᠎ᠠ᠃        ᠬᠤᠶᠠᠷ᠂ ᠪᠢᠯᠧᠲ ᠪᠤᠴᠠᠭᠠᠬᠤ       ᠠᠶᠠᠨᠴᠢᠨ ᠪᠢᠯᠧᠲ ᠪᠤᠴᠠᠭᠠᠬᠤ ᠳᠠᠭᠠᠨ ᠳᠡᠷᠭᠡ ᠬᠦᠳᠡᠯᠬᠦ ᠠᠴᠠ ᠡᠮᠦᠨ᠎ᠡ ᠪᠢᠯᠧᠲ ᠪᠤᠴᠠᠭᠠᠬᠤ ᠭᠠᠷᠳᠠᠮ ᠬᠦᠢᠴᠡᠳᠭᠡᠬᠦ ᠪᠦᠭᠡᠳ ᠵᠤᠬᠢᠬᠤ ᠬᠠᠷᠢᠴᠠᠯ ᠢᠶᠠᠷ ᠪᠢᠯᠧᠲ ᠪᠤᠴᠠᠭᠠᠭᠰᠠᠨ ᠰᠤᠶᠢᠳᠭᠡᠯ ᠳᠤᠰᠢᠶᠠᠬᠤ ᠬᠡᠷᠡᠭᠳᠡᠢ᠃ ᠤᠨᠴᠠᠭᠠᠢ ᠪᠠᠶᠢᠳᠠᠯ ᠳᠤᠤᠷ᠎ᠠ ᠪᠢᠯᠧᠲ ᠬᠤᠳᠠᠯᠳᠤᠨ ᠠᠪᠤᠭᠰᠠᠨ ᠭᠠᠵᠠᠷ ᠤᠨ ᠭᠠᠯᠳᠤ ᠳᠡᠷᠭᠡᠨ ᠦᠷᠳᠡᠭᠡ ᠶᠢᠨ ᠳᠠᠷᠤᠭ᠎ᠠ ᠪᠠᠷ ᠵᠦᠪᠰᠢᠶᠡᠷᠡᠬᠦᠯᠵᠦ ᠳᠡᠷᠭᠡ ᠬᠦᠳᠡᠯᠤᠭ᠍ᠰᠡᠨ ᠤ ᠳᠠᠷᠠᠭ᠎ᠠ 2 ᠴᠠᠭ ᠤᠨ ᠳᠤᠳᠤᠷ᠎ᠠ ᠭᠠᠷᠳᠡᠮ ᠢᠶᠠᠨ ᠬᠦᠢᠴᠡᠳᠭᠡᠵᠦ ᠪᠤᠯᠤᠨ᠎ᠠ᠃        ᠳᠡᠷᠭᠡᠨ ᠪᠢᠯᠧᠲ ᠢᠶᠠᠨ ᠭᠡᠭᠡᠪᠡᠯ ᠶᠠᠭᠠᠬᠢᠬᠤ ᠪᠤᠢ︖        ᠬᠡᠷᠪᠡ ᠳᠡᠷᠭᠡᠨ ᠪᠢᠯᠧᠲ ᠢᠶᠠᠨ ᠬᠡᠬᠡᠭᠰᠡᠨ ᠪᠤᠯ ᠪᠢᠯᠧᠲ ᠬᠤᠳᠠᠯᠳᠤᠨ ᠠᠪᠬᠤ ᠦᠶ᠎ᠡ ᠳᠤ ᠬᠡᠷᠡᠭᠯᠡᠭᠰᠡᠨ ᠬᠦᠴᠦᠨ ᠪᠦᠬᠦᠢ ᠦᠨᠠᠮᠯᠡᠯ ᠢᠶᠠᠨ ᠠᠪᠴᠦ ᠪᠢᠯᠧᠲ ᠪᠠᠶᠢᠴᠠᠭᠠᠬᠤ ᠶᠢ ᠵᠤᠭᠰᠤᠬᠤ ᠠᠴᠠ ᠡᠮᠦᠨ᠎ᠡ 20 ᠮᠢᠨᠦ᠋ᠲ ᠲᠤ ᠭᠠᠯᠳᠤ ᠳᠡᠷᠭᠡᠨ ᠤ ᠪᠢᠯᠧᠲ ᠬᠤᠳᠠᠯᠳᠤᠬᠤ ᠴᠤᠩᠬᠤᠨ ᠳᠤ ᠬᠦᠷᠴᠦ ᠬᠡᠬᠡᠭᠰᠡᠨ ᠢᠶᠠᠨ ᠳᠠᠩᠰᠡᠯᠠᠭᠤᠯᠵᠦ ᠤᠤᠯ ᠤᠨ ᠬᠤᠳᠠᠯᠳᠤᠨ ᠠᠪᠤᠭᠰᠠᠨ ᠪᠢᠯᠧᠲ ᠢᠶᠠᠨ ᠳᠠᠬᠢᠨ ᠬᠤᠳᠠᠯᠳᠤᠨ ᠠᠪᠬᠤ ᠬᠡᠷᠡᠭᠳᠡᠢ ᠪᠦᠭᠡᠳ ᠭᠠᠵᠠᠷ ᠲᠠᠭᠠᠨ ᠬᠦᠷᠦᠭᠰᠡᠨ ᠤ ᠳᠠᠷᠠᠭ᠎ᠠ᠂ 24 ᠴᠠᠭ ᠤᠨ ᠳᠤᠳᠤᠷ᠎ᠠ ᠰᠢᠨ᠎ᠡ ᠪᠠᠷ ᠬᠤᠳᠠᠯᠳᠤᠨ ᠠᠪᠤᠭᠰᠠᠨ ᠪᠢᠯᠧᠲ ᠵᠢᠴᠢ ᠪᠡᠶ᠎ᠡ ᠶᠢᠨ ᠦᠨᠠᠮᠯᠡᠯ ᠢᠶᠠᠨ ᠠᠪᠴᠦ ᠬᠦᠷᠦᠭᠰᠡᠨ ᠭᠠᠵᠠᠷ ᠤᠨ ᠭᠠᠯᠳᠤ ᠳᠡᠷᠭᠡᠨ ᠦᠷᠳᠡᠭᠡ ᠶᠢᠨ ᠪᠢᠯᠧᠲ ᠪᠤᠴᠠᠭᠠᠬᠤ ᠴᠤᠩᠬᠤᠨ ᠳᠤ ᠬᠦᠷᠴᠦ ᠰᠢᠨ᠎ᠡ ᠬᠤᠳᠠᠯᠳᠤᠨ ᠠᠪᠤᠭᠰᠠᠨ ᠳᠡᠷᠭᠡᠨ ᠪᠢᠯᠧᠲ ᠢᠶᠠᠨ ᠪᠤᠴᠠᠭᠠᠬᠤ ᠭᠠᠷᠳᠡᠮ ᠬᠦᠢᠴᠡᠳᠭᠡᠵᠦ ᠪᠤᠯᠤᠨ᠎ᠠ᠂ ᠭᠡᠬᠦ ᠳᠡᠭᠡᠨ ᠵᠤᠬᠢᠬᠤ ᠬᠠᠷᠢᠴᠠᠯ ᠢᠶᠠᠷ ᠪᠢᠯᠧᠲ ᠨᠦᠬᠦᠪᠦᠷᠢᠯᠡᠭᠰᠡᠨ ᠰᠤᠶᠢᠳᠭᠡᠯ ᠳᠤᠰᠢᠶᠠᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号