ᠵᠤᠴᠢᠨ᠄ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠮᠠᠷᠺᠰ ᠤᠨ ᠦᠵᠡᠯ ᠤᠨ ᠳᠡᠭᠡᠳᠤ | ᠰᠤᠷᠭᠠᠭᠤᠯᠢ ᠶᠢᠨ ᠲᠡᠳ᠋ ᠫᠷᠤᠹᠧᠰᠰᠤᠷ ᠳᠠᠪᠰᠢᠯᠳᠤ | ﹇ᠬᠦᠳᠦᠯᠦᠭᠴᠢ﹈ ᠳᠤᠰ ︽ᠳᠦᠷᠢᠮ︾ ᠢ ᠳᠤᠭᠳᠠᠭᠠᠭᠰᠠᠨ ᠠᠬᠤᠢ ᠪᠠᠶᠢᠳᠠᠯ ᠤᠨ ᠳᠤᠬᠠᠢ ᠳᠠᠨᠢᠯᠴᠠᠭᠤᠯᠵᠦ | ᠦᠭᠬᠦᠨᠦ︖ | ﹇ᠵᠤᠴᠢᠨ﹈ ᠨᠢᠭᠡ ᠳᠤ᠂ ᠨᠠᠮ ᠢ ᠴᠢᠩᠭ᠎ᠠ ᠵᠠᠰᠠᠬᠤ ᠳᠤ ᠨᠠᠮ ᠤᠨ ᠰᠠᠭᠤᠷᠢ ᠵᠤᠬᠢᠶᠠᠨ ᠪᠠᠶᠢᠭᠤᠯᠤᠯᠳᠠ ᠠᠴᠠ ᠡᠬᠢᠯᠡᠵᠦ | ᠬᠢᠬᠦ ᠬᠡᠷᠡᠭᠳᠡᠢ᠃ ᠬᠤᠶᠠᠷ ᠲᠤ᠂ ᠨᠠᠮ ᠢ ᠪᠦᠬᠦ ᠳᠠᠯ᠎ᠠ ᠪᠠᠷ ᠴᠢᠩᠭ᠎ᠠ ᠵᠠᠰᠠᠬᠤ ᠨᠠᠮ ᠤᠨ ᠡᠬᠦᠷ ᠨᠠᠮ ᠤᠨ ᠬᠡᠰᠢᠬᠦᠨ | ᠨᠢᠭᠡᠪᠤᠷᠢ ᠳᠤ ᠳᠠᠯᠪᠢᠭᠰᠠᠨ ᠤᠬᠤᠷ ᠱᠠᠭᠠᠷᠳᠠᠯᠭ᠎ᠠ ᠶᠢ ᠪᠡᠶᠡᠯᠡᠬᠦᠯᠬᠦ ᠳᠡᠭᠡᠨ ᠨᠠᠮ ᠤᠨ ᠰᠠᠭᠤᠷᠢ ᠵᠤᠬᠢᠶᠠᠨ | ᠪᠠᠶᠢᠭᠤᠯᠤᠯᠳᠠ ᠳᠤ ᠰᠢᠨ᠎ᠡ ᠳᠦᠷᠢᠮ ᠢ ᠬᠡᠷᠡᠭᠵᠢᠬᠦᠯᠬᠦ ᠨᠢ ᠴᠢᠬᠤᠯᠠ ᠠᠴᠢ ᠬᠤᠯᠪᠤᠭᠳᠠᠯ ᠲᠠᠢ ᠪᠠᠶᠢᠳᠠᠭ᠃ | ᠭᠤᠷᠪᠠ ᠳᠤ᠂ ᠰᠢᠨ᠎ᠡ ᠳᠡᠤᠬᠡᠨ ᠪᠠᠶᠢᠳᠠᠯ ᠳᠤᠤᠷ᠎ᠠ ᠨᠠᠮ ᠤᠨ ᠡᠬᠦᠷ ᠤᠨ ᠠᠵᠢᠯ ᠢ ᠳᠦᠷᠭᠡᠨ ᠠᠬᠢᠭᠤᠯᠬᠤ ᠨᠠᠮ ᠤᠨ | ᠬᠡᠰᠢᠬᠦᠨ ᠤ ᠤᠶᠢᠯᠡᠳᠤᠯ ᠢ ᠤᠯᠠᠮ ᠰᠠᠶᠢᠨ ᠪᠠᠳᠠᠷᠠᠭᠤᠯᠵᠦ ᠨᠠᠮ ᠢ ᠴᠢᠩᠭ᠎ᠠ ᠵᠠᠰᠠᠬᠤ ᠠᠵᠢᠯ ᠢ ᠠᠬᠢᠭᠤᠯᠬᠤ | ᠦᠨᠳᠤᠰᠤᠨ ᠱᠠᠭᠠᠷᠳᠠᠯᠭ᠎ᠠ ᠠᠴᠠ ᠪᠤᠯᠵᠠᠢ᠃ | ﹇ᠬᠦᠳᠦᠯᠦᠭᠴᠢ﹈ ︽ᠳᠤᠮᠳᠠᠳᠤ ᠤᠯᠤᠰ ᠤᠨ ᠡᠪ ᠬᠠᠮᠳᠤ ᠨᠠᠮ ᠤᠨ ᠡᠬᠦᠷ ᠤᠨ ᠠᠵᠢᠯ ᠤᠨ ᠳᠦᠷᠢᠮ ︵ᠳᠤᠷᠰᠢᠨ | ᠬᠡᠷᠡᠭᠵᠢᠬᠦᠯᠬᠦ︶︾ ᠢ ᠳᠤᠭᠳᠠᠭᠠᠨ ᠬᠡᠷᠡᠭᠵᠢᠬᠦᠯᠬᠦ ᠠᠴᠢ ᠬᠤᠯᠪᠤᠭᠳᠠᠯ ᠤᠨ ᠳᠤᠬᠠᠢ ᠳᠠᠨᠢᠯᠴᠠᠭᠤᠯᠵᠦ ᠦᠭᠬᠦᠨᠦ︖ | ﹇ᠵᠤᠴᠢᠨ﹈ ᠨᠢᠭᠡ ᠳᠤ᠂ ᠳᠤᠰ ︽ᠳᠦᠷᠢᠮ︾ ᠪᠤᠯ ᠳᠤᠮᠳᠠᠳᠤ ᠤᠯᠤᠰ ᠤᠨ ᠡᠪ ᠬᠠᠮᠳᠤ ᠨᠠᠮ ᠤᠨ ᠳᠤᠰ | ᠪᠡᠶ᠎ᠡ ᠶᠢᠨ ᠪᠦᠳᠦᠭᠡᠨ ᠪᠠᠶᠢᠭᠤᠯᠤᠯᠳᠠ ᠶᠢ ᠠᠬᠢᠭᠤᠯᠬᠤ ᠴᠢᠬᠤᠯᠠ ᠠᠷᠭ᠎ᠠ ᠪᠠᠷᠢᠯ ᠪᠤᠯᠤᠨ᠎ᠠ᠃ ᠬᠤᠶᠠᠷ ᠲᠤ᠂ ᠳᠤᠰ ︽ | ᠳᠦᠷᠢᠮ︾ ᠢ ᠳᠤᠨᠨᠳᠠᠭᠠᠵᠦ ᠬᠡᠷᠡᠭᠵᠢᠬᠦᠯᠬᠦ ᠨᠢ ᠪᠦᠬᠦ ᠨᠠᠮ ᠤᠨ ᠵᠤᠬᠢᠶᠠᠨ ᠪᠠᠶᠢᠭᠤᠯᠬᠤ ᠴᠢᠳᠠᠪᠤᠷᠢ ᠶᠢ | ᠳᠡᠭᠡᠭᠰᠢᠯᠡᠬᠦᠯᠬᠦ᠂ ᠤᠨᠤᠯ ᠤᠨ ᠴᠢᠳᠠᠪᠤᠷᠢ ᠶᠢ ᠳᠡᠭᠡᠭᠰᠢᠯᠡᠬᠦᠯᠬᠦ᠂ ᠤᠯᠤᠰ ᠳᠦᠷᠦ ᠶᠢᠨ ᠴᠢᠳᠠᠪᠤᠷᠢ ᠶᠢ | ᠳᠡᠭᠡᠭᠰᠢᠯᠡᠬᠦᠯᠬᠦ᠂ ᠳᠦᠷᠦ ᠪᠠᠷᠢᠬᠤ ᠴᠢᠳᠠᠪᠤᠷᠢ ᠶᠢ ᠳᠡᠭᠡᠭᠰᠢᠯᠡᠬᠦᠯᠬᠦ ᠳᠤ ᠴᠢᠬᠤᠯᠠ ᠠᠴᠢ ᠬᠤᠯᠪᠤᠭᠳᠠᠯ ᠲᠠᠢ ᠪᠠᠶᠢᠳᠠᠭ | ᠃ | ﹇ᠬᠦᠳᠦᠯᠦᠭᠴᠢ﹈ ᠳᠤᠮᠳᠠᠳᠤ ᠤᠯᠤᠰ ᠤᠨ ᠡᠪ ᠬᠠᠮᠳᠤ ᠨᠠᠮ ᠤᠨ ᠡᠬᠦᠷ ᠤᠨ ᠠᠵᠢᠯ ᠢ ᠬᠡᠷᠬᠢᠨ ᠴᠢᠩᠭ᠎ᠠ | ᠠᠳᠬᠤᠵᠦ ᠠᠬᠢᠭᠤᠯᠬᠤ ᠪᠤᠢ︖ | ﹇ᠵᠤᠴᠢᠨ﹈ ᠨᠢᠭᠡ ᠳᠤ᠂ ᠨᠠᠮ ᠤᠨ ᠡᠬᠦᠷ ᠤᠨ ᠠᠵᠢᠯ ᠢ ᠰᠠᠶᠢᠳᠤᠷ ᠬᠢᠬᠦ ᠳᠤ ᠨᠠᠮ ᠤᠨ ᠵᠤᠬᠢᠶᠠᠨ | ᠪᠠᠶᠢᠭᠤᠯᠤᠯᠳᠠ ᠶᠢᠨ ᠰᠢᠰᠲ᠋ᠧᠮ ᠢ ᠪᠦᠳᠦᠭᠡᠨ ᠪᠠᠶᠢᠭᠤᠯᠬᠤ ᠪᠠᠷ ᠦᠨᠳᠤᠰᠦᠨ ᠠᠭᠤᠯᠭ᠎ᠠ ᠪᠠᠨ ᠪᠤᠯᠭᠠᠬᠤ ᠬᠡᠷᠡᠭᠳᠡᠢ᠃ | ᠬᠤᠶᠠᠷ ᠲᠤ᠂ ᠨᠠᠮ ᠤᠨ ᠡᠬᠦᠷ ᠤᠨ ᠠᠵᠢᠯ ᠢ ᠰᠠᠶᠢᠳᠤᠷ ᠬᠢᠬᠦ ᠳᠤ ᠨᠠᠮ ᠤᠨ ᠡᠬᠦᠷ ᠤᠨ ᠵᠤᠬᠢᠶᠠᠨ ᠪᠠᠶᠢᠭᠤᠯᠬᠤ | ᠴᠢᠳᠠᠪᠤᠷᠢ ᠪᠠ ᠤᠳᠤᠷᠢᠳᠬᠤ ᠴᠢᠳᠠᠪᠤᠷᠢ ᠶᠢ ᠳᠠᠰᠤᠷᠠᠯᠳᠠ ᠦᠭᠡᠢ ᠳᠡᠭᠡᠭᠰᠢᠯᠡᠬᠦᠯᠬᠦ ᠬᠡᠷᠡᠭᠳᠡᠢ᠃ ᠭᠤᠷᠪᠠ ᠳᠤ᠂ | ᠨᠠᠮ ᠤᠨ ᠡᠬᠦᠷ ᠤᠨ ᠠᠵᠢᠯ ᠢ ᠰᠠᠶᠢᠳᠤᠷ ᠬᠢᠬᠦ ᠨᠢ ᠨᠠᠮ ᠢᠶᠠᠨ ᠬᠠᠮᠢᠶᠠᠷᠬᠤ ᠨᠠᠮ ᠢ ᠵᠠᠰᠠᠬᠤ ᠦᠨᠳᠤᠰᠤᠨ ᠡᠬᠦᠷᠭᠡ | ᠬᠢᠬᠦ ᠳᠠᠨᠢᠯᠳᠠ ᠶᠢ ᠳᠡᠭᠡᠭᠰᠢᠯᠡᠬᠦᠯᠬᠦ ᠬᠡᠷᠡᠭᠳᠡᠢ᠃ ᠳᠦᠷᠪᠡ ᠳᠤ᠂ ᠨᠠᠮ ᠤᠨ ᠡᠬᠦᠷ ᠤᠨ ᠠᠵᠢᠯ ᠳᠤ ᠳᠤᠭᠳᠠᠭᠰᠠᠨ | ᠬᠤᠭᠤᠴᠠᠭ᠎ᠠ ᠲᠠᠢ ᠦᠨᠡᠯᠡᠯᠳᠡ ᠬᠢᠬᠦ ᠬᠡᠷᠡᠭᠳᠡᠢ᠃ |