ᠳ᠋ᠠ ᠼᠢ ᠵᠡᠭᠡᠯᠢ ᠭᠤᠳᠤᠮᠵᠢ 2019 ᠤᠨ ᠤ 1 ᠳ᠋ᠤᠭᠡᠷ ᠰᠠᠷ᠎ᠠ ᠶᠢᠨ ᠠᠶᠤᠯᠬᠦᠢ ᠤᠶᠢᠯᠡᠳᠪᠤᠷᠢᠯᠠᠯ ᠤᠨ ᠠᠵᠢᠯ ᠤᠨ ᠳᠤᠭᠳᠠᠮᠠᠯ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2019-01-16
       1 ᠰᠠᠷ᠎ᠠ ᠶᠢᠨ 10 ᠤ ᠡᠳᠤᠷ᠂ ᠳ᠋ᠠ ᠼᠢ ᠵᠡᠭᠡᠯᠢ ᠭᠤᠳᠤᠮᠵᠢ 2019 ᠤᠨ ᠤ 1 ᠳ᠋ᠤᠭᠡᠷ ᠰᠠᠷ᠎ᠠ ᠶᠢᠨ ᠠᠶᠤᠯᠬᠦᠢ ᠤᠶᠢᠯᠡᠳᠪᠤᠷᠢᠯᠠᠯ ᠤᠨ ᠠᠵᠢᠯ ᠤᠨ ᠳᠤᠭᠳᠠᠮᠠᠯ ᠬᠤᠷᠠᠯ ᠢ ᠬᠤᠷᠠᠯᠳᠤᠭᠤᠯᠪᠠ᠃ ᠵᠡᠭᠡᠯᠢ ᠭᠤᠳᠤᠮᠵᠢ ᠶᠢᠨ ᠪᠦᠬᠦ ᠺᠡᠳᠡᠷ ᠠᠵᠢᠯᠳᠡᠨ ᠠᠵᠢᠯᠴᠢᠨ ᠵᠢᠴᠢ ᠨᠡᠶᠢᠭᠡᠮ ᠳᠤᠭᠤᠷᠢᠭ ᠤᠨ ᠪᠦᠬᠦ ᠠᠵᠢᠯᠳᠡᠨ ᠬᠤᠷᠠᠯ ᠳᠤ ᠤᠷᠤᠯᠴᠠᠪᠠ᠃
       ᠬᠤᠷᠠᠯᠳᠤᠭᠠᠨ ᠠᠴᠠ ᠵᠡᠭᠡᠯᠢ ᠭᠤᠳᠤᠮᠵᠢ ᠶᠢᠨ 2018 ᠤᠨ ᠤ ᠠᠶᠤᠯᠬᠦᠢ ᠤᠶᠢᠯᠡᠳᠪᠤᠷᠢᠯᠡᠯ ᠤᠨ ᠠᠵᠢᠯ ᠢ ᠳ᠋ᠦᠩᠨᠡᠵᠦ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠶᠤᠯᠬᠦᠢ ᠤᠶᠢᠯᠡᠳᠪᠤᠷᠢᠯᠠᠯ ᠤᠨ ᠶᠡᠭᠡ ᠪᠠᠶᠢᠴᠠᠭᠠᠯᠳᠠ ᠶᠢᠨ ᠠᠵᠢᠯ ᠢ ᠳᠤᠬᠢᠷᠠᠭᠤᠯᠤᠨ ᠪᠠᠶᠢᠷᠢᠯᠠᠭᠤᠯᠪᠠ᠃        ᠬᠤᠷᠠᠯ ᠳᠤ ᠴᠠᠭᠠᠨ ᠰᠠᠷ᠎ᠠ ᠠᠴᠠ ᠡᠮᠦᠨᠡᠬᠢ ᠤᠶᠢᠯᠡᠳᠪᠤᠷᠢᠯᠠᠯ ᠤᠨ ᠶᠡᠭᠡ ᠪᠠᠶᠢᠴᠠᠭᠠᠯᠳᠠ ᠶᠢᠨ ᠠᠵᠢᠯ ᠢ ᠳᠡᠭᠡᠳᠤ ᠬᠡᠵᠢᠶ᠎ᠡ ᠪᠠᠷ ᠴᠢᠬᠤᠯᠠᠴᠢᠯᠠᠨ ᠦᠵᠡᠵᠦ᠂ ᠠᠶᠦᠯᠬᠦᠢ ᠤᠶᠢᠯᠡᠳᠪᠤᠷᠢᠯᠡᠯ ᠤᠨ ᠬᠢᠨᠠᠨ ᠬᠠᠮᠢᠶᠠᠷᠤᠯᠳᠠ ᠶᠢᠨ ᠠᠯᠪᠠᠨ ᠬᠡᠷ ᠠᠴᠠ ᠡᠯ᠎ᠡ ᠵᠤᠶᠢᠯ ᠤᠨ ᠪᠠᠶᠢᠴᠠᠭᠠᠬᠤ ᠡᠬᠦᠷᠭᠡ ᠶᠢ ᠬᠤᠪᠢᠶᠠᠷᠢᠯᠡᠵᠦ᠂ ᠠᠶᠦᠯᠬᠦᠢ ᠤᠶᠢᠯᠡᠳᠪᠤᠷᠢᠯᠡᠯ ᠤᠨ ᠶᠡᠭᠡ ᠪᠠᠶᠢᠴᠠᠭᠠᠯᠳᠠ ᠳᠠᠯᠳᠠ ᠭᠠᠵᠠᠷ ᠦᠬᠡᠢ᠂ ᠨᠢᠭᠡ ᠶᠢ ᠴᠦ ᠤᠷᠬᠢᠭᠳᠠᠭᠤᠯᠬᠤ ᠦᠭᠡᠢ ᠪᠠᠶᠢᠬᠤ ᠶᠢ ᠪᠠᠳᠤᠯᠠᠨ᠎ᠠ᠃ ᠭᠤᠤᠯᠳᠠᠯᠭᠠᠳᠤ ᠬᠦᠷᠢᠶ᠎ᠡ ᠬᠡᠪᠴᠢᠶᠡᠨ ᠳᠠᠬᠢ ᠵᠢᠭᠰᠠᠭᠠᠨ ᠪᠠᠶᠢᠴᠠᠭᠠᠵᠦ ᠴᠡᠭᠴᠡᠯᠡᠨ ᠵᠠᠰᠠᠬᠤ ᠡᠷᠴᠢᠮ ᠢᠶᠠᠨ ᠴᠢᠩᠭᠠᠷᠠᠭᠤᠯᠵᠦ᠂ ᠡᠳᠤᠷ ᠳᠤᠳᠤᠮ ᠤᠨ ᠪᠠᠶᠢᠴᠠᠭᠠᠯᠳᠠ ᠬᠢᠭᠡᠳ ᠭᠤᠤᠯᠳᠠᠯᠭ᠎ᠠ ᠲᠠᠢ ᠰᠢᠮᠳᠠᠭᠤᠯᠤᠨ ᠪᠠᠶᠢᠴᠠᠭᠠᠯᠳᠠ ᠶᠢ ᠤᠶᠠᠯᠳᠤᠭᠤᠯᠤᠨ ᠠᠶᠤᠯᠬᠦᠢ ᠤᠶᠢᠯᠡᠳᠪᠤᠷᠢᠯᠠᠯ ᠤᠨ ᠠᠳᠡᠯ ᠡᠬᠦᠰᠬᠦ ᠶᠢ ᠡᠷᠡᠰ ᠬᠢᠵᠠᠭᠠᠷᠯᠠᠵᠦ᠂ ᠬᠠᠷᠢᠶᠠᠨ ᠳᠠᠬᠢ ᠤᠯᠠᠨ ᠳᠦᠮᠡᠨ ᠨᠢᠭᠡᠨ ᠠᠮᠤᠷ ᠳᠦᠪᠰᠢᠨ ᠪᠦᠭᠡᠳ ᠡᠶ᠎ᠡ ᠨᠠᠶᠢᠷᠠᠮᠳᠠᠭᠤ ᠴᠠᠭᠠᠨ ᠰᠠᠷ᠎ᠠ ᠶᠢ ᠦᠩᠭᠡᠷᠡᠬᠦᠯᠬᠦ ᠶᠢ ᠪᠠᠳᠤᠯᠠᠪᠠ᠃
 
ᠢᠷᠡᠯᠲᠡ᠄ ᠦᠵᠡᠰᠬᠦᠯᠡᠩᠳᠤ ᠰᠠᠢᠬᠠᠨ ᠰᠢᠭᠤᠢ᠌ᠢᠳᠤ ᠳᠤᠭᠤᠷᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号