ᠰᠢᠭᠤᠶᠢᠳᠤ ᠳᠤᠭᠤᠷᠢᠭ ᠤᠨ ᠦᠵᠡᠯ ᠤᠬᠠᠮᠰᠡᠷ ᠤᠨ ᠬᠡᠯᠪᠡᠷᠢ ᠶᠢᠨ ᠳᠤᠰᠬᠠᠢ ᠰᠡᠳᠤᠪᠳᠤ ᠰᠤᠷᠤᠯᠴᠠᠬᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2019-01-24
        ᠦᠵᠡᠯ ᠤᠬᠠᠮᠰᠡᠷ ᠤᠨ ᠬᠡᠯᠪᠡᠷᠢ ᠶᠢᠨ ᠠᠵᠢᠯ ᠢ ᠤᠯᠠᠮ ᠨᠢᠭᠡ ᠠᠯᠬᠤᠮ ᠰᠠᠶᠢᠳᠤᠷ ᠪᠡᠶᠡᠯᠡᠬᠦᠯᠦᠨ᠂ ᠳᠤᠭᠤᠷᠢᠨ ᠪᠠᠶᠢᠴᠠᠭᠠᠵᠦ ᠬᠠᠷᠢᠭᠤ ᠳᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠡᠬᠦᠷᠭᠡ ᠶᠢ ᠪᠦᠬᠦ ᠳᠠᠯ᠎ᠠ ᠪᠠᠷ ᠨᠠᠶᠢᠳᠠᠪᠤᠷᠢᠵᠢᠭᠤᠯᠬᠤ ᠶᠢᠨ ᠳᠦᠯᠦᠭᠡ᠂ 1 ᠰᠠᠷ᠎ᠠ ᠶᠢᠨ 11 ᠤ ᠦᠳᠠ ᠶᠢᠨ ᠬᠤᠶᠢᠨ᠎ᠠ᠂ ᠰᠢᠭᠤᠶᠢᠳᠤ ᠳᠤᠭᠤᠷᠢᠭ ᠤᠨ ᠦᠵᠡᠯ ᠤᠬᠠᠮᠰᠡᠷ ᠤᠨ ᠬᠡᠯᠪᠡᠷᠢ ᠶᠢᠨ ᠳᠤᠰᠬᠠᠢ ᠰᠡᠳᠤᠪᠳᠤ ᠰᠤᠷᠤᠯᠴᠠᠬᠤ ᠬᠤᠷᠠᠯ ᠢ ᠬᠤᠷᠠᠯᠳᠤᠭᠤᠯᠪᠠ᠃ ᠪᠤᠭᠤᠳᠤ ᠬᠤᠳᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠤᠯᠤᠰ ᠳᠦᠷᠦ ᠶᠢᠨ ᠤᠬᠠᠭᠠᠨ ᠤ ᠵᠢᠭᠠᠨ ᠰᠤᠳᠤᠯᠬᠤ ᠳᠠᠰᠤᠭ ᠤᠨ ᠡᠷᠬᠢᠯᠡᠭᠴᠢ᠂ ᠳᠡᠳ᠋ ᠫᠷᠦᠹᠧᠰᠰᠤᠷ ᠵᠠᠩ ᠶᠠᠨ ᠵᠢᠶᠦ᠋ᠨ ᠠᠴᠠ ᠦᠵᠡᠯ ᠤᠬᠠᠮᠰᠡᠷ ᠤᠨ ᠬᠡᠯᠪᠡᠷᠢ ᠶᠢᠨ ᠳᠤᠰᠬᠠᠢ ᠰᠡᠳᠤᠪᠳᠤ ᠬᠠᠪᠰᠤᠷᠤᠨ ᠵᠢᠯᠤᠭᠤᠳᠤᠯᠭ᠎ᠠ ᠬᠢᠪᠡ᠃ ᠳᠤᠭᠤᠷᠢᠭ ᠤᠨ ᠳᠡᠳ᠋ ᠰᠠᠯᠠᠭᠠᠨ ᠳᠡᠰ ᠠᠴᠠ ᠳᠡᠭᠡᠭᠰᠢᠬᠢ ᠤᠳᠤᠷᠢᠳᠬᠤ ᠺᠡᠳᠡᠷ᠂ ᠳᠡᠳ᠋ ᠰᠠᠯᠠᠭᠠᠨ ᠳᠡᠰ ᠤᠨ ᠪᠡᠯᠡᠳᠭᠡᠯ ᠺᠡᠳᠡᠷ᠂ ᠡᠯ᠎ᠡ ᠭᠠᠴᠠᠭ᠎ᠠ ︵ᠳᠤᠰᠬᠤᠨ︶ ᠶᠢᠨ ᠨᠠᠮ ᠤᠨ ᠡᠬᠦᠷ ᠤᠨ ᠱᠦᠵᠢ᠂ ᠡᠯ᠎ᠡ ᠨᠡᠶᠢᠭᠡᠮ ᠳᠤᠭᠤᠷᠢᠭ ᠤᠨ ᠨᠠᠮ ᠤᠨ ᠵᠤᠬᠢᠶᠠᠨ ᠪᠠᠶᠢᠭᠤᠯᠤᠯᠳᠠ ᠶᠢᠨ ᠱᠦᠵᠢ ᠰᠤᠷᠤᠯᠴᠠᠯᠭ᠎ᠠ ᠳᠤ ᠤᠷᠤᠯᠴᠠᠪᠠ᠃
               ᠬᠤᠷᠠᠯ ᠤᠨ ᠳᠠᠷᠠᠭ᠎ᠠ᠂ ᠨᠠᠮ ᠤᠨ ᠭᠡᠰᠢᠬᠦᠨ ᠺᠡᠳᠡᠷ ᠠᠴᠠ ᠶᠡᠷᠦᠩᠭᠡᠢ ᠱᠦᠵᠢ ᠰᠢ ᠶᠢᠨ ᠫᠢᠩ ᠤᠨ ᠦᠵᠡᠯ ᠤᠬᠠᠮᠰᠡᠷ ᠤᠨ ᠬᠡᠯᠪᠡᠷᠢ ᠶᠢᠨ ᠠᠵᠢᠯ ᠤᠨ ᠳᠤᠬᠠᠢ ᠴᠢᠬᠤᠯᠠ ᠦᠬᠦᠯᠡᠯᠳᠠ ᠶᠢ ᠨᠠᠷᠢᠨ ᠬᠢᠨᠠᠮᠠᠭᠠᠢ ᠰᠤᠷᠤᠯᠴᠠᠨ ᠳᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠᠨ ᠢᠯᠡᠷᠬᠡᠶᠢᠯᠡᠵᠦ᠂ ᠤᠯᠤᠰ ᠳᠦᠷᠦ ᠶᠢᠨ ᠵᠤᠭᠰᠤᠴᠠ ᠪᠠᠨ ᠤᠯᠠᠮ ᠨᠢᠭᠡ ᠠᠯᠬᠤᠮ ᠳᠡᠭᠡᠭᠰᠢᠯᠡᠬᠦᠯᠵᠦ᠂ ᠳᠤᠮᠳᠠᠳᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠦᠮ ᠤᠨ ᠤᠶᠢᠯᠡᠰ ᠤᠨ ᠠᠯᠤᠰ ᠬᠡᠳᠤ ᠶᠢᠨ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠪᠠᠷ ᠦᠵᠡᠯ ᠤᠬᠠᠮᠰᠡᠷ ᠤᠨ ᠬᠡᠯᠪᠡᠷᠢ ᠶᠢᠨ ᠠᠵᠢᠯ ᠢ ᠳᠡᠭᠡᠳᠤ ᠬᠡᠮᠵᠢᠶᠡᠨ ᠠᠴᠠ ᠳᠠᠨᠢᠵᠦ᠂ ᠦᠭᠡᠷᠡᠴᠢᠯᠡᠯᠳᠠ ᠬᠦᠭᠵᠢᠯᠳᠠ ᠶᠢ ᠠᠬᠢᠭᠤᠯᠬᠤ ᠨᠡᠶᠢᠭᠡᠮ ᠤᠨ ᠳᠤᠭᠳᠠᠭᠤᠨ ᠪᠠᠶᠢᠳᠠᠯ ᠢ ᠬᠠᠮᠠᠭᠠᠯᠠᠬᠤ ᠪᠦᠬᠦ ᠳᠠᠯ᠎ᠠ ᠶᠢᠨ ᠦᠨᠳᠤᠷᠴᠡ ᠠᠴᠠ ᠦᠵᠡᠯ ᠤᠬᠠᠮᠰᠡᠷ ᠤᠨ ᠬᠡᠯᠪᠡᠷᠢ ᠶᠢᠨ ᠠᠵᠢᠯ ᠢ ᠰᠤᠳᠤᠯᠤᠨ᠂ ᠨᠠᠮ ᠤᠨ ᠳᠦᠷᠦ ᠪᠠᠷᠢᠬᠤ ᠴᠢᠳᠠᠪᠤᠷᠢ ᠪᠠᠨ ᠳᠡᠭᠡᠭᠰᠢᠯᠡᠬᠦᠯᠬᠦ᠂ ᠳᠦᠷᠦ ᠪᠠᠷᠢᠬᠤ ᠪᠠᠶᠢᠷᠢ ᠰᠠᠭᠤᠷᠢ ᠶᠢ ᠪᠠᠬᠢᠵᠢᠬᠦᠯᠬᠦ ᠤᠯᠤᠰ ᠳᠦᠷᠦ ᠶᠢᠨ ᠦᠨᠳᠤᠷᠴᠡ ᠠᠴᠠ ᠦᠵᠡᠯ ᠤᠬᠠᠮᠰᠡᠷ ᠤᠨ ᠬᠡᠯᠪᠡᠷᠢ ᠶᠢᠨ ᠠᠵᠢᠯ ᠢ ᠦᠨᠡᠨ ᠬᠦ ᠪᠠᠳᠤᠯᠠᠵᠦ᠂ ᠦᠵᠡᠯ ᠤᠬᠠᠮᠰᠡᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠪᠤᠳᠠᠳᠠᠢ ᠳᠤ ᠨᠠᠶᠢᠳᠠᠪᠤᠷᠢᠵᠢᠭᠤᠯᠬᠤ ᠭᠡᠪᠡ᠃
 
ᠢᠷᠡᠯᠲᠡ᠄ ᠰᠢᠭᠤᠢ᠌ᠢᠳᠤ ᠳᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号