ᠰᠢᠭᠤᠶᠢᠳᠤ ᠳᠤᠭᠤᠷᠢᠭ ᠤᠨ ᠤᠯᠤᠰ ᠳᠦᠷᠦ ᠶᠢᠨ ᠵᠦᠪᠯᠡᠯᠭᠡᠨ ᠤ ᠳᠤᠯᠤᠳᠤᠭᠠᠷ ᠬᠤᠭᠤᠴᠠᠭᠠᠨ ᠤ ᠬᠤᠶᠠᠳᠤᠭᠠᠷ ᠬᠤᠷᠠᠯᠳᠤᠭᠠᠨ ᠡᠬᠢᠯᠡᠪᠡ
ᠨᠡᠶᠢᠲᠡᠯᠡᠭᠰᠡᠨ ᠴᠠᠭ᠄
2019-01-25
       1 ᠰᠠᠷ᠎ᠠ ᠶᠢᠨ 18᠎ ᠤ ᠡᠳᠤᠷ ᠤᠨ ᠦᠳᠠ ᠶᠢᠨ ᠡᠮᠦᠨᠡᠬᠢ 11 ᠴᠠᠭ ᠲᠤ᠂ ᠳᠤᠭᠤᠷᠢᠭ ᠤᠨ ᠠᠷᠠᠳ ᠳᠦᠮᠡᠨ ᠤ ᠠᠩᠬᠠᠷᠤᠯ ᠢ ᠳᠠᠳᠠᠭᠰᠠᠨ ᠰᠢᠭᠤᠶᠢᠳᠤ ᠳᠤᠭᠤᠷᠢᠭ ᠤᠨ ᠤᠯᠤᠰ ᠳᠦᠷᠦ ᠶᠢᠨ ᠵᠦᠪᠯᠡᠯᠭᠡᠨ ᠤ ᠳᠤᠯᠤᠳᠤᠭᠠᠷ ᠬᠤᠭᠤᠴᠠᠭᠠᠨ ᠤ ᠬᠤᠶᠠᠳᠤᠭᠠᠷ ᠬᠤᠷᠠᠯᠳᠤᠭᠠᠨ ᠰᠦᠷ ᠵᠢᠪᠬᠤᠯᠠᠩᠳᠤ ᠤᠯᠤᠰ ᠤᠨ ᠰᠦᠯᠳᠠ ᠳᠠᠭᠤᠤ ᠶᠢᠨ ᠠᠶᠠᠰ ᠬᠦᠭᠵᠢᠮᠳᠡᠨ ᠳᠠᠭᠤᠯᠠᠬᠤ ᠳᠤᠮᠳᠠ ᠦᠪᠡᠳᠡᠭᠰᠢ ᠶᠡᠬᠡᠪᠡᠷ ᠡᠬᠢᠯᠡᠪᠡ᠃ ᠳᠤᠰ ᠤᠳᠠᠭᠠᠨ ᠤ ᠬᠤᠷᠠᠯ ᠳᠤ ᠤᠷᠤᠯᠴᠠᠬᠤ ᠶᠤᠰᠤᠳᠠᠢ ᠬᠡᠰᠢᠬᠦᠨ 107 ᠬᠦᠮᠦᠨ᠂ ᠪᠤᠳᠠᠳᠠᠢ ᠤᠷᠤᠯᠴᠠᠭᠰᠠᠨ ᠨᠢ 99 ᠬᠦᠮᠦᠨ᠂ ᠬᠠᠤᠯᠢ ᠳᠤ ᠳᠤᠭᠳᠠᠭᠠᠭᠰᠠᠨ ᠬᠦᠮᠦᠨ ᠤ ᠳᠤᠭᠠᠨ ᠳᠤ ᠨᠡᠶᠢᠴᠡᠪᠡ᠃
              ᠬᠤᠷᠠᠯ ᠤᠨ ᠬᠦᠢᠴᠡᠳᠭᠡᠬᠦ ᠳᠡᠷᠢᠬᠦᠯᠡᠭᠴᠢ ᠸᠠᠩ ᠸᠧᠢ᠂ ᠮᠢ ᠴᠢᠶᠤᠤ ᠯᠢᠨ᠂ ᠸᠠᠩ ᠿᠦᠩ᠂ ᠹᠦ᠋ ᠴᠦᠨ ᠱᠧᠩ᠂ ᠶᠠᠨ ᠴᠦᠩ ᠿᠦᠨ ᠳᠡᠷᠢᠬᠦᠯᠡᠭᠴᠢ ᠶᠢᠨ ᠳᠠᠶᠢᠰᠠᠨ ᠳᠤ ᠰᠠᠭᠠᠳᠠᠪᠠ᠃        ᠳᠤᠭᠤᠷᠢᠭ ᠤᠨ ᠨᠠᠮ ᠤᠨ ᠬᠤᠷᠢᠶᠠᠨ ᠤ ᠱᠦᠵᠢ ᠴᠧᠨ ᠵᠢᠶᠠᠨ ᠵᠦᠩ᠂ ᠳᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠳᠤᠭᠤᠷᠢᠭ ᠤᠨ ᠳᠠᠷᠤᠭ᠎ᠠ ᠯᠢ ᠰᠢᠨ ᠴᠦᠨ᠂ ᠳᠤᠭᠤᠷᠢᠭ ᠤᠨ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠸᠧᠢ ᠴᠢᠶᠠᠩ ᠵᠢᠴᠢ ᠪᠤᠰᠤᠳ ᠰᠢᠶᠠᠨ ᠤ ᠱᠠᠳᠤᠨ ᠤ ᠤᠳᠤᠷᠢᠳᠤᠯᠭ᠎ᠠ ᠬᠤᠷᠠᠯ ᠳᠤ ᠤᠷᠤᠯᠴᠠᠵᠦ ᠪᠠᠶᠠᠷ ᠬᠦᠷᠭᠡᠪᠡ᠃        ᠸᠠᠩ ᠸᠧᠢ ᠤᠯᠤᠰ ᠳᠦᠷᠦ ᠶᠢᠨ ᠵᠦᠪᠯᠡᠯᠭᠡᠨ ᠤ ᠰᠢᠭᠤᠶᠢᠳᠤ ᠳᠤᠭᠤᠷᠢᠭ ᠤᠨ ᠳᠤᠯᠤᠳᠤᠭᠠᠷ ᠬᠤᠭᠤᠴᠠᠭᠠᠨ ᠤ ᠬᠤᠶᠠᠳᠤᠭᠠᠷ ᠬᠤᠷᠠᠯᠳᠤᠭᠠᠨ ᠳᠤ ᠠᠵᠢᠯ ᠤᠨ ᠢᠯᠡᠳᠭᠡᠯ ᠬᠢᠪᠡ᠃ 2019 ᠤᠨ ᠪᠤᠯ ᠰᠢᠨ᠎ᠡ ᠳᠤᠮᠳᠠᠳᠤ ᠤᠯᠤᠰ ᠪᠠ ᠠᠷᠠᠳ ᠤᠨ ᠤᠯᠤᠰ ᠳᠦᠷᠦ ᠶᠢᠨ ᠵᠦᠪᠯᠡᠯᠭᠡᠨ ᠪᠠᠶᠢᠭᠤᠯᠤᠭᠳᠠᠭᠰᠠᠨ 70 ᠵᠢᠯ ᠤᠨ ᠤᠢ ᠪᠤᠯᠤᠨ᠎ᠠ᠃ ᠴᠢᠨᠡᠭᠡᠯᠢᠭ ᠨᠡᠶᠢᠭᠡᠮ ᠢ ᠪᠦᠬᠦ ᠳᠠᠯ᠎ᠠ ᠪᠠᠷ ᠪᠡᠶᠡᠯᠡᠬᠦᠯᠬᠦ ᠵᠠᠩᠭᠢᠯᠠᠭ᠎ᠠ ᠶᠢᠨ ᠵᠢᠯ᠂ ᠠᠵᠢᠯ ᠢᠶᠠᠨ ᠰᠠᠶᠢᠳᠤᠷ ᠬᠢᠬᠦ ᠳᠤ ᠴᠢᠬᠤᠯᠠ ᠠᠴᠢ ᠬᠤᠯᠪᠤᠭᠳᠠᠯ ᠲᠠᠢ ᠶᠤᠮ᠃        ᠶᠠᠨ ᠴᠦᠩ ᠿᠦᠨ ᠰᠢᠭᠤᠶᠢᠳᠤ ᠳᠤᠭᠤᠷᠢᠭ ᠤᠨ ᠳᠤᠯᠤᠳᠤᠭᠠᠷ ᠬᠤᠭᠤᠴᠠᠭᠠᠨ ᠤ ᠪᠠᠶᠢᠩᠭᠤ ᠶᠢᠨ ᠬᠤᠷᠢᠶᠠᠨ ᠤ ᠨᠠᠶᠢᠳᠠᠯᠭ᠎ᠠ ᠪᠠᠷ ᠳᠤᠯᠤᠳᠤᠭᠠᠷ ᠬᠤᠭᠤᠴᠠᠭᠠᠨ ᠤ ᠠᠩᠬᠠᠳᠤᠭᠠᠷ ᠬᠤᠷᠠᠯᠳᠤᠭᠠᠨ ᠠᠴᠠ ᠨᠠᠭᠠᠰᠢᠬᠢ ᠰᠠᠨᠠᠯ ᠵᠦᠪᠯᠡᠯᠭᠡ ᠶᠢᠨ ᠠᠵᠢᠯ ᠤᠨ ᠪᠠᠶᠢᠳᠠᠯ ᠤᠨ ᠳᠤᠬᠠᠢ ᠮᠡᠳᠡᠬᠦᠯᠦᠯᠳᠠ ᠬᠢᠪᠡ᠃ ᠠᠷᠠᠳ ᠤᠯᠠᠨ ᠤ ᠨᠡᠶᠢᠳᠡᠮ ᠠᠩᠬᠠᠷᠴᠦ ᠪᠠᠶᠢᠭ᠎ᠠ ᠬᠦᠴᠢᠷ ᠪᠡᠷᠭᠡ ᠲᠠᠢ ᠠᠰᠠᠭᠤᠳᠠᠯ ᠢ ᠬᠦᠨᠵᠡᠭᠡᠢ ᠪᠠᠶᠢᠴᠠᠭᠠᠨ ᠰᠤᠳᠤᠯᠤᠨ ᠨᠡᠶᠢᠳᠠ 73 ᠰᠠᠨᠠᠯ ᠵᠦᠪᠯᠡᠯᠭᠡ ᠳᠡᠪᠰᠢᠬᠦᠯᠪᠡ᠃ ᠡᠬᠦᠨ ᠳᠤ ᠠᠵᠦ ᠠᠬᠤᠢ ᠶᠢᠨ ᠠᠵᠢᠯ ᠳᠦᠷᠦᠯ 19 ᠬᠤᠪᠢ᠂ ᠬᠤᠳᠠ ᠶᠢᠨ ᠪᠦᠳᠦᠭᠡᠨ ᠪᠠᠶᠢᠭᠤᠯᠤᠯᠳᠠ ᠶᠢᠨ ᠳᠦᠷᠦᠯ 10 ᠬᠤᠪᠢ᠂ ᠵᠠᠮ ᠬᠠᠷᠢᠯᠴᠠᠭᠠᠨ ᠤ ᠳᠦᠷᠦᠯ 7 ᠬᠤᠪᠢ᠂ ᠰᠤᠶᠤᠯ ᠰᠤᠷᠭᠠᠨ ᠬᠦᠮᠦᠵᠢᠯ ᠡᠷᠡᠬᠦᠯ ᠬᠠᠮᠠᠭᠠᠯᠠᠯ ᠤᠨ ᠳᠦᠷᠦᠯ 11 ᠬᠤᠪᠢ᠂ ᠠᠷᠠᠳ ᠤᠨ ᠠᠮᠢᠳᠤᠷᠠᠯ ᠤᠨ ᠳᠦᠷᠦᠯ 26 ᠬᠤᠪᠢ ᠪᠠᠶᠢᠨ᠎ᠠ᠃ ᠤᠳᠤᠬᠠᠨ ᠪᠤᠯᠳᠠᠯ᠎ᠠ᠂ ᠨᠢᠭᠡᠨᠳᠠ 46 ᠬᠤᠪᠢ ᠰᠢᠢᠳᠪᠤᠷᠢᠯᠡᠵᠦ ᠳᠠᠭᠤᠰᠬᠠᠭᠠᠳ 63%᠎ ᠶᠢ ᠡᠵᠡᠯᠡᠨ᠎ᠡ᠃ ᠳᠦᠯᠦᠪᠯᠡᠭᠡ ᠳᠤ ᠤᠷᠤᠭᠤᠯᠤᠨ ᠤᠳᠤ ᠶᠠᠭ ᠢᠳᠡᠪᠬᠢᠳᠠᠢ ᠠᠬᠢᠭᠤᠯᠵᠦ ᠪᠠᠶᠢᠬᠤ ᠨᠢ 24 ᠬᠤᠪᠢ᠂ 32.9%᠎ ᠶᠢ ᠡᠵᠡᠯᠡᠨ᠎ᠡ᠃ ᠳᠦᠷᠦ ᠶᠢᠨ ᠪᠤᠳᠤᠯᠭ᠎ᠠ ᠵᠡᠷᠭᠡ ᠰᠢᠯᠳᠠᠭᠠᠨ ᠠᠴᠠ ᠪᠤᠯᠵᠦ ᠰᠢᠢᠳᠪᠤᠷᠢᠯᠡᠵᠦ ᠴᠢᠳᠠᠬᠤ ᠦᠬᠡᠢ 3 ᠬᠤᠪᠢ ᠪᠠᠶᠢᠵᠦ᠂ 4.1%᠎ ᠶᠢ ᠡᠵᠡᠯᠡᠨ᠎ᠡ᠃ ᠰᠠᠨᠠᠯ ᠳᠤᠷᠠᠳᠤᠯᠭ᠎ᠠ ᠳᠤ ᠬᠠᠨᠤᠮᠵᠢᠳᠠᠢ ᠬᠠᠷᠢᠭᠤᠯᠳᠠ ᠦᠭᠬᠦᠭᠰᠡᠨ ᠨᠤᠷᠮ᠎ᠠ 97.3% ᠪᠤᠯᠤᠨ᠎ᠠ᠃
 
ᠢᠷᠡᠯᠲᠡ᠄ ᠰᠢᠭᠤᠢ᠌ᠢᠳᠤ ᠳᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号