| | 1 ᠳ᠋ᠤᠭᠡᠷ ᠰᠠᠷ᠎ᠠ ᠶᠢᠨ 19 ᠤ ᠡᠳᠤᠷ᠂ ᠰᠢᠭᠤᠶᠢᠳᠤ ᠳᠤᠭᠤᠷᠢᠭ ᠤᠨ ᠠᠷᠪᠠᠨ ᠵᠢᠷᠭᠤᠳᠤᠭᠠᠷ | ᠬᠤᠭᠤᠴᠠᠭᠠᠨ ᠤ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯ ᠦᠪᠡᠳᠡᠭᠰᠢ | ᠶᠡᠭᠡ ᠪᠠᠷ ᠶᠠᠪᠤᠭᠳᠠᠪᠠ᠃ | ᠬᠤᠷᠠᠯ ᠤᠨ ᠬᠦᠢᠴᠡᠳᠭᠡᠭᠴᠢ ᠳᠡᠷᠢᠬᠦᠯᠡᠭᠴᠢ ᠴᠧᠨ ᠵᠢᠶᠠᠨ ᠵᠦᠩ᠂ ᠯᠢ ᠰᠢᠨ ᠴᠦᠨ᠂ ᠸᠧᠢ ᠴᠢᠶᠠᠩ᠂ | ᠸᠠᠩ ᠸᠧᠢ᠂ ᠪᠠᠢ ᠰᠢᠶᠠᠩ ᠬᠦᠩ᠂ ᠵᠠᠩ ᠬᠠᠢ᠂ ᠶᠤᠤ ᠶᠦᠩ ᠠᠢ᠂ ᠶᠦᠸᠧ ᠵᠢᠶᠠᠨ ᠪᠢᠨ᠂ ᠯᠢ ᠹᠧᠩ ᠮᠢᠩ᠂ ᠯᠢ | ᠴᠢᠩ ᠵᠦᠩ᠂ ᠰᠦᠨ ᠰᠢᠶᠠᠩ ᡁᠢ ᠳᠡᠷᠢᠬᠦᠯᠡᠭᠴᠢ ᠶᠢᠨ ᠳᠠᠶᠢᠰᠠᠨ ᠤ ᠡᠮᠤᠨ᠎ᠡ ᠮᠦᠷ ᠲᠤ ᠰᠠᠭᠠᠳᠠᠪᠠ᠃ | ᠳᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠳᠠᠷᠤᠭ᠎ᠠ ᠯᠢ ᠰᠢᠨ ᠴᠦᠨ ᠠᠴᠠ ᠵᠠᠰᠠᠭ ᠤᠨ | ᠤᠷᠳᠤᠨ ᠤ ᠠᠵᠢᠯ ᠤᠨ ᠢᠯᠡᠳᠭᠡᠯ ᠬᠢᠵᠦ᠂ 2018 ᠤᠨ ᠤ ᠠᠵᠢᠯ ᠢᠶᠠᠨ ᠡᠷᠬᠢᠴᠡᠬᠦᠯᠦᠨ ᠳ᠋ᠦᠩᠨᠡᠵᠦ᠂ 2019 | ᠤᠨ ᠤ ᠠᠵᠢᠯ ᠢᠶᠠᠨ ᠪᠠᠶᠢᠷᠢᠯᠠᠭᠤᠯᠪᠠ᠃ | | | | | | ᠯᠢ ᠰᠢᠨ ᠴᠦᠨ ᠠᠴᠠ ᠦᠩᠭᠡᠷᠡᠭᠰᠡᠨ ᠨᠢᠭᠡ ᠵᠢᠯ ᠪᠤᠯ ᠮᠠᠨ ᠤ ᠳᠤᠭᠤᠷᠢᠭ ᠤᠨ ᠬᠡᠯᠪᠡᠷᠢ ᠪᠠᠨ | ᠬᠤᠪᠢᠷᠠᠭᠤᠯᠤᠨ ᠬᠦᠭᠵᠢᠬᠦᠯᠬᠦ ᠳᠤᠮᠳᠠᠬᠢ ᠮᠠᠰᠢ ᠵᠠᠩᠭᠢᠯᠠᠭ᠎ᠠ ᠶᠢᠨ ᠨᠢᠭᠡ ᠵᠢᠯ ᠮᠦᠨ ᠭᠡᠪᠡ᠃ ᠠᠷᠪᠠᠨ ᠵᠢᠷᠭᠤᠳᠤᠭᠠᠷ | ᠬᠤᠭᠤᠴᠠᠭᠠᠨ ᠤ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠳᠡᠭᠡᠷ᠎ᠡ | ᠳᠤᠭᠳᠠᠭᠠᠭᠰᠠᠨ ᠡᠬᠦᠷᠭᠡ ᠬᠠᠷᠠᠯᠳᠠ ᠶᠢ ᠨᠡᠯᠢᠶᠡᠳ ᠰᠠᠶᠢᠨ ᠪᠡᠶᠡᠯᠡᠬᠦᠯᠪᠡ᠃ ᠳᠤᠭᠤᠷᠢᠭ ᠤᠨ ᠤᠶᠢᠯᠡᠳᠪᠤᠷᠢᠯᠡᠯ ᠤᠨ | ᠶᠡᠷᠦᠩᠭᠡᠢ ᠦᠷᠳᠡᠭ ᠵᠢᠱᠢᠯᠳᠠ ᠪᠠᠷ 6.5% ᠤᠷᠴᠢᠮ ᠨᠡᠮᠡᠭᠳᠡᠵᠦ᠂ ᠳᠤᠭᠳᠠᠮᠠᠯ ᠬᠦᠷᠦᠩᠭᠡ ᠶᠢᠨ ᠪᠡᠯᠡ | ᠤᠷᠤᠭᠤᠯᠤᠯᠳᠠ ᠨᠢᠭᠡ ᠳᠠᠬᠢᠨ ᠤᠷᠴᠢᠮ ᠨᠡᠮᠡᠭᠳᠡᠵᠦ᠂ ᠨᠡᠶᠢᠭᠡᠮ ᠤᠨ ᠬᠡᠷᠡᠭᠯᠡᠭᠡᠨ ᠤ ᠵᠤᠶᠢᠯ ᠤᠨ ᠵᠢᠵᠢᠭᠯᠡᠨ | ᠬᠤᠳᠠᠯᠳᠤᠬᠤ ᠶᠡᠷᠦᠩᠭᠡᠢ ᠳᠤᠭ᠎ᠠ ᠵᠢᠱᠢᠯᠳᠠ ᠪᠠᠷ 6% ᠨᠡᠮᠡᠭᠳᠡᠵᠦ᠂ ᠡᠩ ᠤᠨ ᠤᠯᠠᠨ ᠨᠡᠶᠢᠳᠠ ᠶᠢᠨ ᠡᠳ᠋ ᠤᠨ | ᠵᠠᠰᠠᠭ ᠤᠨ ᠳᠦᠰᠦᠪ ᠤᠨ ᠤᠷᠤᠯᠭ᠎ᠠ 3.83 ᠳ᠋ᠦᠩᠰᠢᠭᠤᠷ ᠳᠦᠬᠦᠷᠢᠭ ᠢ ᠪᠡᠶᠡᠯᠡᠬᠦᠯᠵᠦ᠂ 31.3% ᠨᠡᠮᠡᠭᠳᠡᠵᠦ᠂ | ᠶᠡᠷᠦᠩᠭᠡᠢ ᠬᠡᠮᠵᠢᠶ᠎ᠡ ᠨᠢ ᠪᠦᠬᠦ ᠦᠪᠡᠷᠳᠡᠭᠡᠨ ᠵᠠᠰᠠᠬᠤ ᠤᠷᠤᠨ ᠤ 103 ᠬᠤᠰᠢᠭᠤ ᠰᠢᠶᠠᠨ ᠳᠤᠭᠤᠷᠢᠭ ᠤᠨ 62 ᠲᠤ | ᠳᠤᠳᠤᠷᠠᠵᠦ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠬᠦᠮᠦᠨ ᠪᠦᠷᠢ ᠶᠢᠨ ᠡᠵᠡᠮᠳᠡᠵᠦ ᠪᠤᠯᠬᠤ ᠳᠤᠮᠳᠠᠴᠢ | ᠤᠷᠤᠯᠭ᠎ᠠ ᠵᠢᠱᠢᠯᠳᠠ ᠪᠠᠷ 41670᠂ 15850 ᠳ᠋ᠦᠩᠰᠢᠭᠤᠷ ᠳᠦᠬᠦᠷᠢᠭ ᠢ ᠪᠡᠶᠡᠯᠡᠬᠦᠯᠵᠦ᠂ ᠳᠤᠰ ᠳᠤᠰ 8% | ᠪᠠ 9% ᠨᠡᠮᠡᠭᠳᠡᠪᠡ᠃ | 2019 ᠤᠨ ᠤ ᠠᠵᠦ ᠠᠬᠤᠢ ᠨᠡᠶᠢᠭᠡᠮ ᠤᠨ ᠬᠦᠭᠵᠢᠯᠳᠠ ᠶᠢᠨ ᠵᠢᠱᠢᠭᠰᠡᠨ ᠬᠠᠷᠠᠯᠳᠠ ᠪᠤᠯ | ᠤᠶᠢᠯᠡᠳᠪᠤᠷᠢᠯᠡᠯ ᠤᠨ ᠶᠡᠷᠦᠩᠭᠡᠢ ᠦᠷᠳᠡᠭ ᠢ 6.5% ᠤᠷᠴᠢᠮ ᠨᠡᠮᠡᠭᠳᠡᠬᠦᠯᠦᠨ᠂ ᠳᠤᠭᠳᠠᠮᠠᠯ ᠬᠦᠷᠦᠩᠭᠡ ᠶᠢᠨ ᠪᠡᠯᠡ | ᠤᠷᠤᠭᠤᠯᠤᠯᠳᠠ ᠶᠢᠨ ᠨᠡᠮᠡᠭᠳᠡᠯ ᠢ 10% ᠠᠴᠠ ᠳᠡᠭᠡᠭᠰᠢ ᠪᠠᠶᠢᠯᠭᠠᠵᠦ᠂ ᠨᠡᠶᠢᠭᠡᠮ ᠤᠨ ᠬᠡᠷᠡᠭᠯᠡᠭᠡᠨ ᠤ ᠵᠤᠶᠢᠯ ᠤᠨ | ᠵᠢᠵᠢᠭᠯᠡᠨ ᠬᠤᠳᠠᠯᠳᠤᠬᠤ ᠶᠡᠷᠦᠩᠭᠡᠢ ᠳᠤᠭ᠎ᠠ ᠶᠢ 7% ᠤᠷᠴᠢᠮ ᠨᠡᠮᠡᠭᠳᠡᠬᠦᠯᠦᠨ᠂ ᠡᠩ ᠤᠨ ᠤᠯᠠᠨ ᠨᠠᠶᠢᠳᠠ ᠶᠢᠨ | ᠳᠦᠰᠦᠪ ᠤᠨ ᠤᠷᠤᠯᠭ᠎ᠠ ᠶᠢ 6% ᠤᠷᠴᠢᠮ ᠨᠡᠮᠡᠭᠳᠡᠬᠦᠯᠦᠨ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ | ᠬᠦᠮᠦᠨ ᠪᠦᠷᠢ ᠶᠢᠨ ᠡᠵᠡᠮᠳᠡᠵᠦ ᠪᠤᠯᠬᠤ ᠳᠤᠮᠳᠠᠴᠢ ᠤᠷᠤᠯᠭ᠎ᠠ ᠶᠢ ᠳᠤᠰ ᠳᠤᠰ 7% ᠪᠠ 8% ᠤᠷᠴᠢᠮ | ᠪᠠᠶᠢᠯᠭᠠᠵᠦ᠂ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠳᠠ ᠶᠢᠨ ᠨᠤᠷᠮ᠎ᠠ ᠶᠢ 3.9% ᠳᠤᠳᠤᠷ᠎ᠠ | ᠬᠢᠵᠠᠭᠠᠷᠯᠠᠵᠦ᠂ ᠬᠤᠳᠠ ᠶᠢᠨ ᠪᠠᠭᠤᠯᠭᠠᠭᠰᠠᠨ ᠡᠨᠧᠷᠬᠢ ᠠᠷᠪᠢᠯᠡᠨ ᠪᠤᠬᠢᠷᠳᠤᠯ ᠪᠤᠳᠠᠰ ᠭᠠᠳᠠᠭᠰᠢᠯᠠᠭᠤᠯᠬᠤ ᠬᠡᠮᠵᠢᠶ᠎ᠡ ᠶᠢ | ᠪᠠᠭᠠᠰᠬᠠᠬᠤ ᠡᠬᠦᠷᠭᠡ ᠶᠢ ᠪᠡᠶᠡᠯᠡᠬᠦᠯᠪᠡ᠃ | ᠯᠢ ᠰᠢᠨ ᠴᠦᠨ ᠠᠴᠠ ᠰᠢᠨ᠎ᠡ ᠴᠠᠭ ᠦᠶ᠎ᠡ ᠳᠤ ᠰᠢᠨ᠎ᠡ ᠪᠠᠶᠢᠳᠠᠯ ᠲᠠᠢ᠂ ᠰᠢᠨ᠎ᠡ ᠡᠬᠦᠷᠭᠡ᠂ ᠰᠢᠨ᠎ᠡ | ᠵᠢᠳᠬᠦᠯ ᠴᠢᠷᠮᠠᠶᠢᠯᠭ᠎ᠠ ᠭᠠᠷᠭᠠᠬᠤ ᠶᠢ ᠤᠷᠢᠶᠠᠯᠠᠪᠠ᠃ ᠴᠠᠭ ᠦᠶ᠎ᠡ ᠶᠢᠨ ᠤᠯᠭᠤᠭᠰᠠᠨ ᠳᠡᠤᠭᠡᠳᠤ ᠡᠬᠦᠷᠭᠡ ᠨᠢ | ᠡᠷᠡᠮᠡᠬᠡᠢ ᠳᠡᠮᠡᠴᠡᠯ ᠤᠨ ᠵᠤᠷᠢᠭ ᠢ ᠬᠦᠪᠴᠢᠯᠡᠨ᠎ᠡ᠃ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ | ᠳᠦᠪ ᠬᠤᠷᠢᠶᠠᠨ ᠤ ᠳᠤᠭᠤᠷᠢᠨ ᠳᠤ ᠨᠢᠭ᠌ᠳᠡᠷᠡᠨ ᠪᠦᠯᠬᠦᠮᠳᠡᠵᠦ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ | ᠤᠷᠳᠤᠨ ᠬᠢᠭᠡᠳ ᠳᠤᠭᠤᠷᠢᠭ ᠤᠨ ᠨᠠᠮ ᠤᠨ ᠬᠤᠷᠢᠶᠠᠨ ᠤ ᠪᠠᠳᠤ ᠴᠢᠩᠭ᠎ᠠ ᠤᠳᠤᠷᠢᠳᠤᠯᠭ᠎ᠠ ᠳᠤᠤᠷ᠎ᠠ᠂ ᠬᠠᠷᠠᠯᠳᠠ | ᠴᠢᠩᠭ᠎ᠠ ᠭᠤᠶᠢᠪᠠᠰᠢ ᠦᠭᠡᠢ ᠳᠡᠮᠡᠴᠡᠨ᠂ ᠡᠷᠴᠢ ᠰᠤᠯᠠᠷᠠᠬᠤ ᠦᠭᠡᠢ ᠪᠠᠷ ᠨᠠᠶᠢᠳᠠᠪᠤᠷᠢᠵᠢᠭᠤᠯᠤᠯᠳᠠ ᠶᠢ ᠴᠢᠩᠭ᠎ᠠ | ᠠᠳᠬᠤᠵᠦ᠂ ᠴᠢᠨᠡᠭᠡᠯᠢᠭ ᠨᠠᠶᠢᠭᠡᠮ ᠢ ᠪᠦᠬᠦ ᠳᠠᠯ᠎ᠠ ᠪᠠᠷ ᠪᠡᠶᠡᠯᠡᠬᠦᠯᠬᠦ ᠰᠢᠢᠳᠪᠤᠷᠢᠳᠤ ᠢᠯᠠᠯᠳᠠ ᠶᠢ ᠤᠯᠵᠦ᠂ ᠰᠢᠨ᠎ᠡ | ᠴᠠᠭ ᠦᠶ᠎ᠡ ᠶᠢᠨ ᠡᠬᠢ ᠪᠠᠶᠠᠯᠢᠭ ᠨᠢ ᠰᠢᠪᠬᠠᠷᠤᠭᠰᠠᠨ ᠬᠡᠯᠪᠡᠷᠢ ᠶᠢᠨ ᠭᠠᠵᠠᠷ ᠤᠷᠤᠨ ᠤ ᠬᠡᠯᠪᠡᠷᠢ ᠪᠠᠨ ᠬᠤᠪᠢᠷᠠᠭᠤᠯᠤᠨ | ᠴᠢᠨᠠᠷ ᠰᠠᠶᠢᠳᠠᠢ ᠬᠦᠭᠵᠢᠬᠦᠯᠬᠦ ᠶᠢᠨ ᠳᠦᠯᠦᠭᠡ ᠴᠢᠷᠮᠠᠶᠢᠨ ᠳᠡᠮᠡᠴᠡᠵᠡᠭᠡᠶᠡ︕ ᠰᠢᠯᠢᠳᠡᠭ ᠬᠢᠷᠢ ᠪᠦᠳᠦᠮᠵᠢ ᠪᠠᠷ | ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠶ᠎ᠡ︕ | | |