ᠰᠤᠷᠭᠠᠨ ᠬᠥᠮᠦᠵᠢᠯ ᠤᠨ ᠶᠠᠮᠤᠨ᠄ ᠰᠤᠷᠤᠯᠭ᠎ᠠ ᠶᠢᠨ ᠳᠠᠷᠤᠭᠠᠰᠤ ᠶᠢ ᠰᠢᠨᠵᠢᠯᠡᠬᠦ ᠤᠬᠠᠭᠠᠨᠴᠢ ᠪᠠᠷ ᠬᠦᠡᠭᠭᠡᠷᠡᠬᠦᠯᠬᠦ ᠳᠤ ᠵᠠᠷᠢᠮ ᠲᠠᠷᠤᠭᠠᠰᠤ ᠶᠢ ᠨᠢ ᠨᠡᠮᠡᠭᠳᠡᠭᠦᠯᠵᠦ‌ᠵᠠᠷᠢᠮ ᠲᠠᠷᠤᠭᠠᠰᠤ ᠶᠢ ᠨᠢ ᠬᠦᠡᠭᠭᠡᠷᠡᠬᠦᠯᠬᠦ ᠬᠡᠷᠡᠭᠲᠡᠶ
ᠨᠡᠶᠢᠲᠡᠯᠡᠭᠰᠡᠨ ᠴᠠᠭ᠄
2019-11-12
      ᠰᠢᠨᠬᠤᠸᠠ ᠬᠤᠷᠢᠶᠠᠨ ᠤ ᠪᠡᠭᠡᠵᠢᠩ ᠤᠨ 11 ᠰᠠᠷ᠎ᠠ ᠶᠢᠨ 5 ᠤ ᠡᠳᠦᠷ ᠤᠨ ᠮᠡᠳᠡᠭᠡ ︵ᠰᠤᠷᠪᠤᠯᠵᠢᠯᠠᠭᠴᠢ ᠬᠤ᠋ ᠬᠤᠤ︶ᠤᠶᠢᠷ᠎ᠡ ᠳᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠳᠠᠷᠤᠭᠠᠰᠤ ᠶᠢ ᠬᠦᠡᠭᠭᠡᠷᠡᠬᠦᠯᠬᠦ ᠲᠤᠬᠠᠢ ᠶᠠᠷᠢᠶᠠᠨ ᠤ ᠰᠡᠳᠦᠪ ᠳᠠᠬᠢᠨᠲᠠ ᠨᠡᠶᠢᠭᠡᠮ ᠨᠡᠶᠢᠲᠡ ᠶᠢᠨ ᠬᠠᠯᠠᠭᠤᠨ ᠶᠠᠷᠢᠯᠴᠠᠭ᠎ᠠ ᠪᠤᠯᠪᠠ᠃ ᠰᠤᠷᠭᠠᠨ ᠬᠥᠮᠦᠵᠢᠯ ᠤᠨ ᠶᠠᠮᠤᠨ ᠤ ᠰᠠᠭᠤᠷᠢ ᠰᠤᠷᠭᠠᠨ ᠬᠥᠮᠦᠵᠢᠯ ᠤᠨ ᠵᠤᠷᠭᠠᠨ ᠤ ᠳᠡᠳ᠋ ᠳᠠᠷᠤᠭ᠎ᠠ ᠢᠦᠶ ᠸᠧᠶ ᠶᠤᠸᠠᠢ 5 ᠤ ᠡᠳᠦᠷ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠬᠡᠯᠡᠬᠦ ᠳᠡᠭᠡᠨ᠂ ᠵᠦᠶ ᠵᠣᠬᠢᠰᠲᠠᠶ ᠬᠢᠴᠢᠶᠡᠯ ᠰᠤᠷᠤᠯᠭ᠎ᠠ ᠶᠢᠨ ᠳᠠᠷᠤᠭᠠᠰᠤ ᠪᠣᠯ ᠴᠢᠬᠤᠯᠠ ᠲᠠᠢ ᠶᠤᠮ᠂ ᠰᠤᠷᠤᠯᠴᠠᠬᠤ ᠳᠤ ᠳᠠᠷᠤᠭᠠᠰᠤ ᠪᠠᠶᠢᠬᠤ ᠥᠬᠡᠶ ᠭᠡᠵᠦ ᠥᠬᠡᠶ ᠶᠤᠮ᠃ ᠰᠤᠷᠤᠯᠭ᠎ᠠ ᠶᠢᠨ ᠳᠠᠷᠤᠭᠠᠰᠤ ᠶᠢ ᠰᠢᠨᠵᠢᠯᠡᠬᠦ ᠤᠬᠠᠭᠠᠨᠴᠢ ᠪᠠᠷ ᠬᠥᠩᠭᠡᠷᠡᠬᠦᠯᠬᠦ ᠳᠤ ᠵᠠᠷᠢᠮ ᠲᠠᠷᠤᠭᠠᠰᠤ ᠶᠢ ᠨᠢ ᠨᠡᠮᠡᠭᠳᠡᠭᠦᠯᠵᠦ ᠵᠠᠷᠢᠮ ᠲᠠᠷᠤᠭᠠᠰᠤ ᠶᠢ ᠨᠢ ᠬᠦᠡᠭᠭᠡᠷᠡᠬᠦᠯᠵᠦ᠂ ᠵᠦᠶ ᠵᠣᠬᠢᠰ ᠦᠭᠡᠢ ᠳᠠᠷᠤᠭᠠᠰᠤ ᠶᠢ ᠬᠥᠩᠭᠡᠷᠡᠬᠦᠯᠵᠦ᠂ ᠪᠡᠶ᠎ᠡ ᠶᠢᠨ ᠲᠠᠮᠢᠷ ᠭᠤᠸ᠎ᠠ ᠰᠠᠶᠢᠬᠠᠨ ᠤ ᠬᠥᠮᠦᠵᠢᠯ ᠬᠥᠳᠡᠯᠮᠦᠷᠢ ᠶᠢᠨ ᠰᠤᠷᠭᠠᠨ ᠬᠥᠮᠦᠵᠢᠯ ᠢ ᠨᠡᠮᠡᠭᠳᠡᠭᠦᠯᠬᠦ ᠬᠡᠷᠡᠭᠲᠡᠶ ᠬᠡᠵᠦ ᠬᠡᠯᠡᠪᠡ᠃                ᠢᠦᠶ ᠸᠧᠶ ᠶᠤᠸᠠᠢ ᠲᠠᠨᠢᠯᠴᠠᠭᠤᠯᠬᠤ ᠳᠠᠭᠠᠨ᠂ ᠣᠳᠣᠬᠢ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠭᠤᠤᠯᠳᠠᠯᠭ᠎ᠠ ᠪᠣᠯ ᠭᠤᠤᠯᠳᠠᠭᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠢᠴᠢᠶᠡᠯ ᠤᠨ ᠭᠠᠳᠠᠨᠠᠬᠢ ᠳᠠᠷᠤᠭᠠᠰᠤ ᠬᠡᠲᠦ ᠬᠦᠨᠳᠦ ᠪᠠᠶᠢᠬᠤ ᠠᠰᠠᠭᠤᠳᠠᠯ ᠳᠤ ᠴᠢᠭᠯᠡᠭᠦᠯᠦᠨ᠂ ᠪᠣᠯᠪᠠᠰᠤᠷᠠᠯ ᠤᠨ ᠪᠠᠶᠢᠭᠤᠯᠤᠮᠵᠢ ᠶᠢ ᠵᠠᠰᠠᠬᠤ ᠠᠵᠢᠯ ᠢ ᠥᠷᠨᠢᠭᠦᠯᠬᠦ ᠶᠢᠨ ᠬᠠᠮᠲᠤ ᠰᠤᠷᠭᠠᠭᠤᠯᠢ ᠶᠢᠨ ᠬᠦᠮᠦᠨ ᠬᠦᠮᠦᠵᠢᠬᠦᠯᠬᠦ ᠬᠢᠷᠢ ᠲᠦᠪᠰᠢᠨ ᠢ ᠳᠡᠭᠡᠭᠰᠢᠯᠡᠭᠦᠯᠵᠦ᠂ ᠬᠢᠴᠢᠶᠡᠯ ᠤᠨ ᠳᠠᠷᠠᠭᠠᠬᠢ ᠦᠢᠯᠡᠴᠢᠯᠡᠭᠡ ᠶᠢ ᠰᠠᠶᠢᠲᠤᠷ ᠬᠢᠬᠦ ᠶᠠᠪᠤᠳᠠᠯ ᠪᠣᠯᠤᠨ᠎ᠠ ᠬᠡᠵᠡᠢ᠃      ᠲᠡᠷᠡ᠂ ᠣᠳᠣᠬᠠᠨ ᠳᠤ᠂ ᠮᠠᠨ ᠤ ᠤᠯᠤᠰ ᠤᠨ ᠰᠠᠭᠤᠷᠢ ᠰᠤᠷᠭᠠᠨ ᠬᠥᠮᠦᠵᠢᠯ ᠳᠡᠯᠡᠬᠡᠶ ᠳᠡᠭᠡᠷ᠎ᠡ ᠨᠡᠯᠢᠶᠡᠳ ᠥᠨᠳᠥᠷ ᠲᠦᠪᠰᠢᠨ ᠳᠤ ᠣᠷᠣᠰᠢᠵᠤ᠂ PISA ︵ᠣᠯᠠᠨ ᠤᠯᠤᠰ ᠤᠨ ᠰᠤᠷᠤᠭᠴᠢᠳ ᠢ ᠦᠨᠡᠯᠡᠬᠦ ᠲᠥᠷᠥᠯ ᠵᠦᠢᠯ︶ ᠶᠢᠨ ᠰᠢᠯᠭᠠᠯᠲᠠ ᠳᠤ᠂ ᠳᠤᠮᠳᠠᠳᠤ ᠤᠯᠤᠰ ᠤᠨ ᠰᠤᠷᠤᠭᠴᠢᠳ ᠤᠨ ᠬᠢᠷᠢ ᠪᠦᠲᠦᠮᠵᠢ ᠡᠮᠦᠨ᠎ᠡ ᠡᠩᠨᠡᠭᠡᠨ ᠳᠤ  ᠬᠤᠰᠢᠭᠤᠷᠠᠵᠤ ᠪᠤᠢ᠃ ᠡᠭᠦᠨ ᠠᠴᠠ ᠭᠠᠳᠠᠨ᠎ᠠ᠂ ᠪᠠᠶᠢᠴᠠᠭᠠᠯᠲᠠ ᠠᠴᠠ ᠦᠵᠡᠪᠡᠯ᠂ ᠮᠠᠨ ᠤ ᠤᠯᠤᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠢᠴᠢᠶᠡᠯ ᠤᠨ ᠳᠠᠷᠤᠭᠠᠰᠤ ᠨᠢ ᠳᠤᠮᠳᠠ ᠠᠴᠠ ᠳᠡᠭᠡᠭᠰᠢ ᠣᠷᠣᠯᠭ᠎ᠠ ᠲᠠᠢ ᠤᠯᠤᠰ ᠤᠨ ᠲᠤᠳᠤᠷ᠎ᠠ ᠳᠤᠮᠳᠠ ᠵᠡᠷᠭᠡ ᠶᠢᠨ ᠬᠢᠷᠢ ᠲᠦᠪᠰᠢᠨ ᠳᠤ ᠤᠷᠤᠰᠢᠵᠦ ᠪᠠᠶᠢᠨ᠎ᠠ᠃ ᠮᠠᠨ ᠤ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠪᠠ ᠦᠨᠳᠦᠷ ᠲᠤᠮᠳᠠᠳᠤ ᠶᠢᠨ ᠬᠢᠴᠢᠶᠡᠯ ᠤᠨ ᠲᠥᠰᠦᠯ᠂ ᠬᠢᠴᠢᠶᠡᠯ ᠤᠨ ᠪᠠᠷᠢᠮᠵᠢᠶ᠎ᠠ ᠳᠤ ᠰᠤᠷᠤᠭᠴᠢᠳ ᠤᠨ ᠪᠡᠶᠡᠯᠡᠭᠦᠯᠪᠡᠰᠦ ᠵᠣᠬᠢᠬᠤ ᠬᠢᠴᠢᠶᠡᠯ ᠤᠨ ᠠᠭᠤᠯᠭ᠎ᠠ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠪᠠ᠂ ᠳᠠᠷᠤᠭᠠᠰᠤ ᠶᠢ ᠬᠥᠩᠭᠭᠡᠷᠡᠬᠦᠯᠬᠦ ᠨᠢ ᠬᠢᠴᠢᠶᠡᠯ ᠤᠨ ᠪᠠᠷᠢᠮᠵᠢᠶ᠎ᠠ ᠪᠠ ᠰᠤᠷᠤᠯᠭ᠎ᠠ ᠶᠢᠨ ᠬᠢᠷᠢ ᠬᠡᠮᠵᠢᠶ᠎ᠡ ᠶᠢ ᠪᠠᠭᠤᠷᠠᠭᠤᠯᠤᠨ᠎ᠠ ᠬᠡᠰᠡᠨ ᠶᠠᠪᠤᠳᠠᠯ ᠪᠢᠰᠢ ᠶᠤᠮ ᠬᠡᠵᠦ ᠬᠡᠯᠡᠪᠡ᠃      ᠢᠦᠶ ᠸᠧᠶ ᠶᠤᠸᠠᠢ ᠶᠢᠨ ᠦᠵᠡᠬᠦ ᠪᠠᠷ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠬᠡᠲᠦ ᠬᠦᠨᠳᠦ ᠳᠠᠷᠤᠭᠠᠰᠤ ᠶᠢ ᠬᠦᠡᠭᠭᠡᠷᠡᠬᠦᠯᠬᠦ ᠳᠤ ᠳᠥᠭᠦᠮᠬᠡᠨ ᠢᠶᠠᠷ ᠰᠤᠷᠤᠬᠴᠢ ᠶᠢᠨ ᠰᠤᠷᠭᠠᠭᠤᠯᠢ ᠳᠤ ᠪᠠᠶᠢᠬᠤ ᠴᠠᠭ ᠢ ᠪᠣᠭᠤᠨᠢᠰᠬᠠᠵᠤ᠂ ᠳᠠᠰᠬᠠᠯ ᠲᠠᠭᠠᠭᠠᠯᠭᠠᠪᠤᠷᠢ ᠶᠢ ᠨᠢ ᠪᠠᠭᠠᠰᠬᠠᠵᠤ᠂ ᠬᠢᠴᠢᠶᠡᠯ ᠰᠤᠷᠤᠯᠭ᠎ᠠ ᠶᠢᠨ ᠬᠦᠴᠢᠷᠳᠡᠯ ᠢ ᠪᠠᠭᠤᠷᠠᠭᠤᠯᠬᠤ ᠶᠠᠪᠤᠳᠠᠯ ᠪᠢᠰᠢ᠂ ᠬᠠᠷᠢᠨ‌ᠵᠠᠷᠢᠮ ᠲᠠᠷᠤᠭᠠᠰᠤ ᠶᠢ ᠨᠢ ᠨᠡᠮᠡᠭᠳᠡᠭᠦᠯᠵᠦ ᠵᠠᠷᠢᠮ ᠲᠠᠷᠤᠭᠠᠰᠤ ᠶᠢ ᠨᠢ ᠬᠦᠡᠭᠭᠡᠷᠡᠬᠦᠯᠵᠦ᠂ ᠠᠷᠭᠠᠴᠠᠬᠤ ᠰᠢᠯᠭᠠᠯᠲᠠ ᠶᠢ ᠴᠢᠩᠭᠠᠳᠬᠠᠬᠤ᠂ ᠮᠧᠬᠠᠨᠢᠭ ᠢᠶᠠᠷ ᠰᠡᠳᠦᠪ ᠬᠢᠯᠭᠡᠬᠦ᠂ ᠰᠤᠷᠭᠠᠭᠤᠯᠢ ᠶᠢᠨ ᠭᠠᠳᠠᠨᠠᠬᠢ ᠤᠷᠢᠳᠴᠢᠯᠠᠨ ᠪᠤᠯᠪᠠᠰᠤᠷᠠᠭᠤᠯᠬᠤ ᠪᠠ ᠪᠠᠷᠢᠮᠵᠢᠶ᠎ᠡ ᠠᠴᠠ ᠬᠡᠳᠦᠷᠡᠬᠦᠯᠦᠨ ᠪᠤᠯᠪᠠᠰᠤᠷᠠᠭᠤᠯᠬᠤ ᠵᠡᠷᠭᠡ ᠵᠦᠶ ᠶᠤᠰᠤᠨ ᠤ ᠪᠤᠰᠤ ᠳᠠᠷᠤᠭᠠᠰᠤ ᠶᠢ ᠬᠥᠩᠭᠡᠷᠡᠭᠦᠯᠵᠦ᠂ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠴᠢᠨᠠᠬᠰᠢᠳᠠ ᠳᠡᠭᠡᠭᠰᠢᠯᠡᠭᠦᠯᠵᠦ᠂ ᠶᠣᠰᠣ ᠮᠤᠷᠠᠯ ᠤᠨ ᠬᠥᠮᠦᠵᠢᠯ᠂ ᠪᠡᠶ᠎ᠡ ᠶᠢᠨ ᠲᠠᠮᠢᠷ᠂ ᠭᠤᠸ᠎ᠠ ᠰᠠᠶᠢᠬᠠᠨ ᠤ ᠬᠥᠮᠦᠵᠢᠯ ᠪᠠ ᠬᠥᠳᠡᠯᠮᠦᠷᠢ ᠶᠢᠨ ᠦᠢᠯᠡᠳᠦᠯᠭᠡ ᠶᠢ ᠨᠡᠮᠡᠭᠳᠡᠭᠦᠯᠵᠦ᠂ ᠰᠤᠷᠤᠭᠴᠢᠳ ᠤᠨ ᠳᠤᠷ᠎ᠠ ᠰᠣᠨᠢᠷᠬᠠᠯ ᠢ ᠬᠦᠴᠦᠯᠡᠨ ᠬᠥᠭᠵᠢᠭᠡᠵᠦ᠂ ᠰᠤᠷᠤᠭᠴᠢᠳ ᠤᠨ ᠶᠣᠰᠣ ᠮᠤᠷᠠᠯ ᠣᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠦᠬᠦ ᠲᠠᠯ᠎ᠠ ᠪᠠᠷ ᠬᠥᠭᠵᠢᠬᠦ ᠶᠢ ᠠᠬᠢᠭᠤᠯᠬᠤ ᠬᠡᠷᠡᠭᠲᠡᠶ ᠬᠡᠪᠡ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号