ᠴᠥᠭᠡᠨ ᠪᠤᠰᠤ ᠤᠶᠤᠲᠠᠳ ᠲᠤ ᠠᠪᠴᠤ ᠬᠡᠯᠡᠪᠡᠯ᠂ ᠰᠤᠷᠤᠯᠭ᠎ᠠ ᠲᠡᠭᠦᠰᠬᠦ ︽ᠨᠦᠬᠦᠨ ᠰᠢᠯᠭᠠᠵᠤ ᠲᠡᠭᠦᠰᠭᠡᠬᠦ | ᠰᠢᠯᠭᠠᠯᠲᠠ︾ ᠪᠣᠯ ᠬᠠᠮᠤᠭ ᠤᠨ ᠰᠡᠭᠦᠯᠴᠢ ᠶᠢᠨ ᠬᠠᠮᠠᠭᠠᠯᠠᠯᠲᠠ ᠶᠢᠨ ᠬᠡᠷᠡᠮ ᠪᠣᠯᠤᠨ᠎ᠠ᠃ ᠤᠶᠢᠷ᠎ᠠ ᠳᠤ᠂ ᠰᠢᠯᠭᠠᠯᠲᠠ ᠪᠠ | ᠲᠡᠭᠦᠰᠬᠦ ᠪᠣᠭᠤᠮᠲᠠ ᠶᠢ ᠴᠢᠩᠭ᠎ᠠ ᠰᠠᠬᠢᠵᠤ᠂ ᠵᠢᠩᠬᠢᠨᠢ ᠠᠩᠭᠢ ᠶᠢᠨ ᠰᠤᠷᠭᠠᠨ ᠬᠥᠮᠦᠵᠢᠯ ᠢ ᠪᠥᠬᠦ ᠲᠠᠯ᠎ᠠ ᠪᠠᠷ | ᠬᠥᠭᠵᠢᠭᠦᠯᠬᠦ ᠶᠢᠨ ᠲᠥᠯᠥᠭᠡ᠂ ᠰᠤᠷᠭᠠᠨ ᠬᠥᠮᠦᠵᠢᠯ ᠤᠨ ᠶᠠᠮᠤᠨ ᠳᠠᠬᠢᠨᠲᠠ ᠬᠦᠴᠦᠲᠡᠶ ᠠᠷᠭ᠎ᠠ ᠬᠡᠮᠵᠢᠶ᠎ᠡ ᠠᠪᠴᠤ᠂ | ︽ᠨᠦᠬᠦᠨ ᠰᠢᠯᠭᠠᠵᠤ ᠲᠡᠭᠦᠰᠭᠡᠬᠦ ᠰᠢᠯᠭᠠᠯᠳᠠ︾ ᠶᠢᠨ ᠳᠦᠷᠢᠮ ᠢ ᠡᠷᠡᠰ ᠢᠶᠠᠷ ᠬᠦᠴᠦᠨ ᠥᠬᠡᠶ ᠪᠣᠯᠭᠠᠬᠤ ᠬᠡᠷᠡᠭᠲᠡᠶ | ᠭᠡᠵᠦ ᠱᠠᠭᠠᠷᠳᠠᠪᠠ᠃ | 10 ᠰᠠᠷ᠎ᠠ ᠶᠢᠨ 12 ᠤᠨ ᠡᠳᠦᠷ ᠨᠡᠶᠢᠳᠡᠯᠡᠭᠰᠡᠨ ︽ᠵᠢᠩᠬᠢᠨᠢ ᠠᠩᠭᠢ ᠶᠢᠨ ᠰᠤᠷᠭᠠᠨ ᠬᠥᠮᠦᠵᠢᠯ ᠵᠢᠭᠠᠨ | ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠴᠢᠳᠠᠪᠤᠷᠢᠲᠠᠨ ᠬᠥᠮᠦᠵᠢᠭᠦᠯᠬᠦ ᠶᠠᠰᠤ ᠴᠢᠨᠠᠷ ᠢ ᠪᠥᠬᠦ | ᠲᠠᠯ᠎ᠠ ᠪᠠᠷ ᠳᠡᠭᠡᠭᠰᠢᠯᠡᠭᠦᠯᠬᠦ ᠲᠤᠬᠠᠢ ᠰᠤᠷᠭᠠᠨ ᠬᠥᠮᠦᠵᠢᠯ ᠤᠨ ᠶᠠᠮᠤᠨ ᠤ ᠰᠠᠨᠠᠯ︾ ︵ᠳᠣᠷᠣᠭᠰᠢ ︽ᠰᠠᠨᠠᠯ︾ ᠭᠡᠵᠦ | ᠲᠣᠪᠴᠢᠯᠠᠨ᠎ᠠ︶ ᠳᠤ᠄ ᠶᠠᠪᠤᠴᠠ ᠶᠢᠨ ᠴᠢᠨᠠᠷᠲᠠᠶ ᠬᠢᠨᠠᠨ ᠰᠢᠯᠭᠠᠯᠲᠠ ᠪᠠ ᠦᠷ᠎ᠡ ᠳ᠋ᠦᠩ ᠤᠨ ᠴᠢᠨᠠᠷᠲᠠᠶ ᠬᠢᠨᠠᠨ | ᠰᠢᠯᠭᠠᠯᠲᠠ ᠶᠢ ᠣᠷᠭᠠᠨᠢᠭ ᠢᠶᠠᠷ ᠤᠶᠠᠯᠳᠤᠭᠤᠯᠤᠭᠰᠠᠨ ᠰᠤᠷᠤᠯᠭ᠎ᠠ ᠶᠢᠨ ᠬᠢᠨᠠᠨ ᠦᠨᠡᠯᠡᠬᠦ ᠳᠦᠷᠢᠮ ᠢ | ᠲᠡᠭᠦᠯᠳᠡᠷᠵᠢᠭᠦᠯᠵᠦ᠂ ᠪᠢᠷ ᠤᠨ ᠰᠢᠯᠭᠠᠯᠳᠠ᠂ ᠠᠮᠠᠨ ᠰᠢᠯᠭᠠᠯᠲᠠ᠂ ᠪᠠᠷᠢᠮᠵᠢᠶ᠎ᠠ ᠬᠠᠷᠢᠭᠤᠯᠲᠠ ᠶᠢᠨ ᠪᠤᠰᠤ ᠰᠢᠯᠭᠠᠯᠲᠠ | ᠵᠡᠷᠭᠡ ᠣᠯᠠᠨ ᠵᠦᠢᠯ ᠤᠨ ᠬᠡᠯᠪᠡᠷᠢ ᠶᠢ ᠪᠦᠬᠦ ᠲᠠᠯ᠎ᠠ ᠪᠠᠷ ᠠᠰᠢᠬᠯᠠᠨ ᠬᠢᠴᠢᠶᠡᠯ ᠤᠨ ᠲᠠᠩᠬᠢᠮ ᠳᠠᠬᠢ ᠠᠰᠠᠭᠤᠯᠲᠠ | ᠬᠠᠷᠢᠭᠤᠯᠲᠠ᠂ ᠡᠷᠳᠡᠮ ᠰᠢᠨᠵᠢᠯᠡᠭᠡᠨ ᠤ ᠥᠭᠦᠯᠡᠯ᠂ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ᠂ ᠲᠠᠰᠬᠠᠯ | ᠲᠠᠭᠠᠭᠠᠯᠭᠠᠪᠤᠷᠢ ᠶᠢᠨ ᠰᠢᠯᠭᠠᠨ ᠦᠨᠡᠯᠡᠯᠲᠡ᠂ ᠱᠠᠲᠤ ᠦᠶᠡᠴᠢ ᠴᠢᠨᠠᠷᠲᠠᠶ ᠰᠢᠯᠭᠠᠯᠲᠠ ᠵᠡᠷᠭᠡ ᠶᠠᠪᠤᠴᠠ ᠶᠢᠨ ᠬᠢᠨᠠᠨ | ᠰᠢᠯᠭᠠᠯᠳᠡ ᠶᠢᠨ ᠬᠤᠪᠢ ᠶᠢᠨ ᠵᠢᠩ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠨ᠎ᠡ᠃ ᠰᠢᠯᠭᠠᠯᠲᠠ ᠶᠢᠨ | ᠬᠠᠮᠢᠶᠠᠷᠤᠯᠲᠠ ᠶᠢ ᠴᠢᠩᠭᠠᠳᠬᠠᠵᠤ᠂ ᠰᠢᠯᠭᠠᠯᠲᠠ ᠶᠢᠨ ᠰᠠᠬᠢᠯᠭ᠎ᠠ ᠪᠠᠲᠤ ᠶᠢ ᠴᠢᠩᠳᠠᠯᠠᠨ᠂ ᠲᠡᠭᠦᠰᠬᠦ ᠠᠴᠠ ᠡᠮᠦᠨ᠎ᠡ | ᠨᠥᠬᠦᠨ ᠰᠢᠯᠭᠠᠬᠤ ᠵᠡᠷᠭᠡ ︽ᠨᠦᠬᠦᠨ ᠰᠢᠯᠭᠠᠵᠤ ᠲᠡᠭᠦᠰᠭᠡᠬᠦ ᠰᠢᠯᠭᠠᠯᠳᠠ︾ ᠶᠢᠨ ᠠᠵᠢᠯᠯᠠᠭ᠎ᠠ ᠶᠢ ᠡᠷᠡᠰ ᠢᠶᠠᠷ ᠬᠦᠴᠦᠨ | ᠥᠬᠡᠶ ᠪᠣᠯᠭᠠᠨ᠎ᠠ ᠭᠡᠵᠦ ᠲᠣᠳᠣᠷᠬᠠᠶ ᠵᠢᠭᠠᠵᠤ ᠭᠠᠷᠭᠠᠵᠠᠢ᠃ | ᠵᠠᠷᠢᠮ ᠶᠡᠭᠡ ᠰᠤᠷᠭᠠᠭᠤᠯᠢ ᠶᠢᠨ ᠰᠤᠷᠤᠭᠴᠢᠳ ᠤᠨ ᠰᠥᠨᠢᠵᠢᠨ ᠰᠠᠭᠤᠬᠤ᠂ ᠬᠢᠴᠢᠶᠡᠯ ᠰᠠᠭᠠᠲᠠᠬᠤ᠂ ᠤᠰᠤ | ᠬᠠᠯᠢᠬᠤ ᠬᠦᠳᠡᠯᠭᠡᠭᠡᠨ ᠬᠢᠬᠦ ᠳᠡᠭᠡᠨ ︽ᠢᠳᠡ ᠬᠦᠴᠦ︾ ᠲᠠᠢ ᠪᠠᠶᠢᠳᠠᠭ ᠢ ᠮᠡᠳᠡᠷᠡᠬᠦ ᠦᠭᠡᠢ ᠪᠠᠶᠢᠬᠤ ᠶᠢᠨ ᠠᠷᠭ᠎ᠠ | ᠦᠭᠡᠢ᠃ ᠬᠡᠷᠪᠡ ᠬᠤᠭᠤᠴᠠᠭ᠎ᠠ ᠡᠴᠦᠰ ᠤᠨ ᠰᠢᠯᠭᠠᠯᠲᠠ ᠳᠤ ᠬᠢᠷᠢ ᠲᠡᠩᠴᠡᠭᠰᠡᠨ ᠥᠬᠡᠶ ᠳᠤ ᠬᠦᠷᠪᠡᠯ ᠨᠥᠬᠦᠨ | ᠰᠢᠯᠭᠠᠬᠤ ᠰᠢᠯᠭᠠᠯᠲᠠ ᠳᠤ ᠣᠷᠣᠯᠴᠠᠵᠤ ᠪᠣᠯᠳᠠᠭ︔ ᠨᠥᠬᠦᠨ ᠰᠢᠯᠭᠠᠬᠤ ᠰᠢᠯᠭᠠᠯᠳᠡ ᠳᠤ ᠬᠢᠷᠢ ᠲᠡᠩᠴᠡᠭᠰᠡᠨ | ᠦᠭᠡᠢ ᠳᠤ ᠬᠦᠷᠪᠡᠯ ᠪᠠᠰᠠ ᠳᠠᠬᠢᠨ ᠰᠤᠷᠴᠤ ᠪᠣᠯᠳᠠᠭ︔ ᠬᠡᠷᠪᠡ ᠰᠤᠷᠭᠠᠭᠤᠯᠢ ᠨᠢ ᠳᠠᠬᠢᠨ ᠰᠤᠷᠬᠤ ᠶᠢ ᠵᠥᠪᠰᠢᠶᠡᠷᠡᠬᠦ | ᠦᠭᠡᠢ ᠪᠤᠶᠤ ᠳᠠᠬᠢᠨ ᠰᠤᠷᠬᠤ ᠰᠢᠯᠭᠠᠯᠲᠠ ᠳᠤ ᠮᠦᠨᠬᠦ ᠬᠢᠷᠢ ᠲᠡᠩᠴᠡᠭᠰᠡᠨ ᠦᠭᠡᠢ ᠳᠤ ᠬᠦᠷᠪᠡᠯ᠂ ᠲᠡᠭᠦᠰᠬᠦ ᠠᠴᠠ | ᠡᠮᠦᠨ᠎ᠡ ᠪᠠᠰᠠ ᠨᠢᠭᠡ ᠤᠳᠠᠭᠠᠨ ᠤ ᠰᠢᠯᠭᠠᠯᠲᠠ ᠳᠤ ᠤᠷᠤᠯᠴᠠᠬᠤ ᠲᠣᠬᠢᠶᠠᠯ ᠦᠭᠳᠡᠭ᠂ ᠡᠨᠡ ᠪᠣᠯ ᠳᠠᠷᠤᠶ ᠣᠯᠠᠨ ᠤ | ᠰᠠᠶᠢᠨ ᠮᠡᠳᠡᠳᠡᠭ ︽ᠨᠦᠬᠦᠨ ᠰᠢᠯᠭᠠᠵᠤ ᠲᠡᠭᠦᠰᠭᠡᠬᠦ ᠰᠢᠯᠭᠠᠯᠲᠠ︾ ᠪᠣᠯᠤᠨ᠎ᠠ᠃ ᠰᠤᠷᠤᠭᠴᠢᠳ ᠤᠨ | ᠰᠤᠷᠤᠯᠭ᠎ᠠ ᠶᠢᠨ ᠴᠢᠳᠠᠪᠤᠷᠢ ᠨᠢ ᠲᠡᠭᠦᠰᠬᠦ ᠪᠠᠷᠢᠮᠵᠢᠶ᠎ᠠ ᠳᠤ ᠬᠦᠷᠴᠦ ᠴᠢᠳᠠᠬᠰᠠᠨ ᠡᠰᠡᠬᠦ ᠶᠢ ᠰᠢᠯᠭᠠᠬᠤ ᠬᠠᠮᠤᠭ | ᠡᠴᠦᠰ ᠤᠨ ᠰᠢᠯᠭᠠᠨ ᠪᠠᠶᠢᠴᠠᠭᠠᠯᠲᠠ ᠪᠤᠯᠤᠬᠰᠠᠨ ᠤ ᠬᠤᠪᠢ ᠳᠤ᠂ ︽ᠨᠦᠬᠦᠨ ᠰᠢᠯᠭᠠᠵᠤ ᠲᠡᠭᠦᠰᠭᠡᠬᠦ ᠰᠢᠯᠭᠠᠯᠲᠠ︾ ᠶᠢᠨ | ᠤᠳᠬ᠎ᠠ ᠠᠭᠤᠯᠭ᠎ᠠ ᠶᠢ ᠬᠡᠯᠡᠬᠦ ᠦᠭᠡᠢ ᠪᠠᠷ ᠮᠡᠳᠡᠴᠢᠬᠦ ᠶᠤᠮ᠃ ᠭᠡᠬᠦ ᠳᠡᠭᠡᠨ ᠮᠠᠰᠢ ᠣᠯᠠᠨ ᠰᠤᠷᠭᠠᠭᠤᠯᠢ ᠳᠤ ᠠᠪᠴᠤ | ᠬᠡᠯᠡᠪᠡᠯ᠂ ︽ᠨᠦᠬᠦᠨ ᠰᠢᠯᠭᠠᠵᠤ ᠲᠡᠭᠦᠰᠭᠡᠬᠦ ᠰᠢᠯᠭᠠᠯᠲᠠ︾ ᠨᠢ ᠦᠨᠡᠨ ᠳᠡᠭᠡᠨ ᠨᠢᠭᠡ ᠤᠳᠠᠭᠠᠨ ᠤ ᠬᠠᠮᠲᠤ ᠶᠢᠨ ᠲᠣᠮᠣ | ᠬᠡᠯᠪᠡᠷᠢ ᠶᠢᠨ ︽ᠬᠤᠪᠢ ᠦᠭᠭᠦ︾ ᠠᠬᠤᠶ ᠲᠠᠯᠠᠪᠠᠢ ᠪᠣᠯᠤᠨ᠎ᠠ᠃ ︽ᠨᠦᠬᠦᠨ ᠰᠢᠯᠭᠠᠵᠤ ᠲᠡᠭᠦᠰᠭᠡᠬᠦ ᠰᠢᠯᠭᠠᠯᠳᠠ︾ ᠶᠢᠨ | ᠳᠦᠷᠢᠮ ᠢ ᠬᠦᠴᠦᠨ ᠥᠬᠡᠶ ᠪᠣᠯᠭᠠᠵᠤ᠂ ᠵᠢᠩᠭᠢᠨᠢ ᠠᠩᠭᠢ ᠶᠢᠨ ᠤᠶᠤᠳᠠᠳ ᠤᠨ ᠲᠡᠭᠦᠰᠬᠦ ᠬᠢᠨᠠᠨ ᠰᠢᠯᠭᠠᠯᠲᠠ ᠶᠢ | ᠴᠢᠩᠭ᠎ᠠ ᠬᠠᠮᠢᠶᠠᠷᠬᠤ ᠳᠤ ᠬᠠᠨᠳᠤᠭᠤᠯᠤᠨ᠂ ᠲᠣᠭᠲᠠᠪᠤᠷᠢᠲᠠᠶ ᠲᠡᠭᠦᠰᠬᠦ ᠡᠴᠦᠰ ᠤᠨ ᠬᠠᠮᠠᠭᠠᠯᠠᠯᠲᠠ ᠶᠢᠨ ᠬᠡᠷᠡᠮ ᠢ | ᠨᠤᠷᠠᠭᠠᠪᠠᠯ᠂ ᠤᠶᠤᠲᠠᠳ ᠢ ︽ᠠᠮᠤᠷᠯᠢᠩᠭᠤᠶ ᠡᠭᠦᠷ︾ ᠠᠴᠠ ᠨᠢ ᠬᠥᠭᠡᠭᠡᠨ ᠭᠠᠷᠭᠠᠵᠤ᠂ ᠤᠶᠤᠳᠠᠳ ᠤᠨ ᠪᠡᠶᠡᠴᠢ | ᠴᠣᠭᠴᠠ ᠠᠴᠠ ᠭᠠᠷᠳᠠᠵᠤ ᠵᠢᠩᠭᠢᠨᠢ ᠠᠩᠭᠢ ᠶᠢᠨ ᠤᠶᠤᠳᠠᠳ ᠤᠨ ᠵᠢᠭᠠᠨ ᠰᠤᠷᠭᠠᠯᠲᠠ ᠶᠢᠨ ᠦᠷ᠎ᠡ ᠪᠦᠲᠦᠮᠵᠢ ᠶᠢ | ᠳᠡᠭᠡᠭᠰᠢᠯᠡᠬᠦᠯᠬᠦ ᠶᠢ ᠬᠡᠳᠡᠷᠬᠦ ᠰᠢᠬᠠᠮᠳᠠᠭᠤᠯᠬᠤ ᠪᠤᠯᠤᠨ᠎ᠠ᠃ |