ᠤᠷᠴᠢᠮ ᠤᠨ ᠵᠢᠯ ᠤᠳ ᠲᠤ ᠸᠢᠴᠠᠲ ᠢᠶᠠᠷ ᠮᠦᠩᠭᠦ ᠵᠢᠭᠡᠯᠡᠬᠦ᠂ ᠠᠷᠠᠯᠵᠢᠶᠠᠯᠠᠬᠤ ᠦᠵᠡᠭᠳᠡᠯ ᠲᠦᠭᠡᠮᠡᠯ | ᠪᠤᠯᠬᠤ ᠶᠢ ᠳᠠᠭᠠᠯᠳᠤᠨ ᠸᠢᠴᠠᠲ ᠤᠨ ᠶᠠᠷᠢᠯᠴᠠᠭᠠᠨ ᠤ ᠲᠡᠮᠳᠡᠭᠯᠡᠯ ᠤᠨ ᠲᠤᠬᠠᠢ ᠮᠠᠷᠭᠤᠯᠳᠤᠭᠠᠨ ᠴᠦ ᠤᠯᠠᠮ ᠠᠴᠠ | ᠤᠯᠠᠰᠢᠷᠠᠵᠤ ᠪᠠᠶᠢᠭ᠎ᠠ ᠶᠤᠮ᠃ ᠲᠡᠭᠡᠪᠡᠯ ᠸᠢᠴᠠᠲ ᠤᠨ ᠶᠠᠷᠢᠯᠴᠠᠭᠠᠨ ᠤ ᠲᠡᠮᠳᠡᠭᠯᠡᠯ ᠨᠢ ᠴᠤᠬᠤᠮ ᠪᠠᠷᠢᠮᠲᠠ ᠪᠤᠯᠵᠤ | ᠪᠤᠯᠬᠤ ᠤᠤ︖ ᠦᠩᠭᠡᠷᠡᠭᠰᠡᠨ ᠤ ᠵᠠᠷᠭᠤ ᠶᠢᠨ ᠵᠢᠱᠢᠶᠡᠨ ᠠᠴᠠ ᠦᠵᠡᠪᠡᠯ᠂ ᠸᠢᠴᠠᠲ ᠤᠨ ᠶᠠᠷᠢᠯᠴᠠᠭᠠᠨ ᠤ ᠲᠡᠮᠳᠡᠭᠯᠡᠯ | ᠨᠢ ᠡᠷᠬᠡᠪᠰᠢ ᠬᠠᠮᠢᠶ᠎ᠠ ᠪᠦᠬᠦᠢ ᠨᠦᠭᠦᠴᠡᠯ ᠢ ᠬᠠᠩᠭᠠᠭᠰᠠᠨ ᠪᠠᠶᠢᠳᠠᠯ ᠳᠣᠣᠷ᠎ᠠ ᠰᠠᠶ᠋ᠢ ᠭᠡᠷᠡᠴᠢ ᠪᠠᠷᠢᠮᠲᠠ ᠪᠣᠯᠵᠤ | ᠪᠣᠯᠬᠤ ᠠᠴᠠ ᠪᠢᠰᠢ ᠭᠠᠭᠴᠠ ᠨᠢᠭᠡᠨ ᠵᠢᠷᠤᠭ ᠰᠡᠭᠦᠳᠡᠷ ᠨᠢ ᠭᠡᠷᠡᠴᠢ ᠪᠣᠯᠵᠤ ᠪᠤᠯᠬᠤ ᠦᠭᠡᠢ ᠶᠤᠮ᠃ | 2018 ᠤᠨ ᠤ 8 ᠰᠠᠷ᠎ᠠ ᠳᠤ᠂ ᠠᠷᠠᠳ ᠤᠨ ᠳᠡᠭᠡᠳᠦ ᠰᠢᠭᠦᠬᠦ ᠬᠤᠷᠢᠶᠠᠨ ᠠᠴᠠ ︽ᠸᠢᠴᠠᠲ ᠤᠨ | ᠶᠠᠷᠢᠯᠴᠠᠭᠠᠨ ᠤ ᠲᠡᠮᠳᠡᠭᠯᠡᠯ︾ ᠢᠶᠠᠷ ᠪᠠᠷᠢᠮᠲᠠ ᠪᠣᠯᠭᠠᠨ ᠲᠠᠰᠤᠯᠤᠨ ᠰᠢᠢᠳᠪᠦᠷᠢᠯᠡᠬᠦ ᠲᠤᠬᠠᠢ ᠪᠠᠷᠢᠮᠵᠢᠶ᠎ᠠ ᠶᠢ | ᠨᠡᠶᠢᠲᠡᠯᠡᠭᠰᠡᠨ ᠪᠠᠶᠢᠨ᠎ᠠ᠃ | 1. ᠶᠠᠷᠢᠯᠴᠠᠭᠴᠢ ᠪᠤᠯᠤᠨ ᠶᠠᠷᠢᠯᠴᠠᠭᠠᠨ ᠤ ᠠᠭᠤᠯᠭ᠎ᠠ ᠶᠢ ᠭᠠᠵᠢᠭᠤᠯᠤᠨ ᠦᠭᠡᠷᠡᠴᠢᠯᠡᠭᠰᠡᠨ ᠦᠭᠡᠢ ᠶᠢ | ᠪᠠᠲᠤᠯᠠᠭᠰᠠᠨ ᠪᠠᠶᠢᠳᠠᠯ ᠳᠤ ᠸᠢᠴᠠᠲ ᠤᠨ ᠶᠠᠷᠢᠯᠴᠠᠯᠭ᠎ᠠ ᠨᠢ ᠪᠠᠷᠢᠮᠲᠠ ᠪᠤᠯᠵᠤ ᠪᠤᠯᠤᠨ᠎ᠠ᠃ | 2. ᠰᠢᠭᠦᠯᠲᠡ ᠶᠢᠨ ᠶᠠᠪᠤᠴᠠ ᠳᠤ ᠵᠠᠭᠠᠯᠳᠤᠭᠳᠠᠭᠴᠢ ᠶᠢᠨ ᠸᠢᠴᠠᠲ ᠠᠴᠠ ᠤᠯᠤᠭᠰᠠᠨ ᠤᠲᠠᠰᠤᠨ | ᠳ᠋ᠤᠭᠠᠷ ᠪᠤᠯᠤᠨ ᠸᠢᠴᠠᠲ ᠤᠨ ᠳ᠋ᠤᠭᠠᠷ ᠨᠢ ᠵᠠᠭᠠᠯᠳᠤᠭᠴᠢ ᠶᠢᠨ ᠲᠤᠰ ᠬᠥᠮᠥᠨ ᠮᠦᠨ ᠪᠠᠶᠢᠬᠤ ᠶᠢ ᠪᠠᠲᠤᠯᠠᠭᠰᠠᠨ | ᠪᠠᠶᠢᠳᠠᠯ ᠳᠤ ᠭᠡᠷᠡᠴᠢ ᠪᠣᠯᠵᠤ ᠪᠣᠯᠬᠤ᠃ | 3. ᠲᠤᠰᠬᠠᠢ ᠨᠥᠬᠦᠴᠡᠯ ᠢ ᠬᠠᠩᠭᠠᠭᠰᠠᠨ ᠸᠢᠴᠠᠲ ᠤᠨ ᠶᠠᠷᠢᠯᠴᠠᠯᠭ᠎ᠠ ᠨᠢ ᠶᠠᠯ᠎ᠠ ᠲᠣᠭᠲᠠᠭᠠᠬᠤ | ᠪᠠᠷᠢᠮᠲᠠ ᠪᠤᠯᠵᠤ ᠪᠤᠯᠤᠨ᠎ᠠ᠃ | 4.ᠸᠢᠴᠠᠲ ᠤᠨ ᠶᠠᠷᠢᠶ᠎ᠠ ᠨᠢ ᠴᠠᠬᠢᠮ ᠵᠠᠭᠤᠴᠢ ᠳᠤ ᠬᠠᠳᠠᠭᠠᠯᠠᠭᠳᠠᠵᠤ ᠪᠠᠶᠢᠭ᠎ᠠ ᠳᠠᠭᠤᠨ ᠪᠢᠴᠢᠯᠭᠡ ᠶᠢᠨ | ᠮᠠᠲ᠋ᠧᠷᠢᠶᠠᠯ ᠪᠤᠯᠬᠤᠷ ᠲᠡᠭᠦᠨ ᠢ ᠡᠯᠧᠺᠲᠷᠣᠨ ᠳ᠋ᠸᠢᠲ᠋ᠠ ᠶᠢᠨ ᠭᠡᠷᠡᠴᠢ ᠪᠠᠷ ᠦᠵᠡᠵᠦ ᠪᠣᠯᠣᠨ᠎ᠠ᠃ ᠭᠡᠲᠡᠯ᠎ᠡ ᠳ᠋ᠠᠩ | ᠭᠠᠭᠴᠠ ᠳᠠᠭᠤᠨ ᠪᠢᠴᠢᠯᠭᠡ ᠨᠢ ᠶᠠᠯ᠎ᠠ ᠲᠣᠭᠲᠠᠭᠠᠬᠤ ᠦᠨᠳᠦᠰᠦᠯᠡᠯ ᠪᠤᠯᠵᠤ ᠪᠤᠯᠬᠤ ᠦᠭᠡᠢ᠃ | 5. ᠦᠪᠡᠷ ᠤᠨ ᠨᠡᠷ᠎ᠡ ᠪᠠᠷ ᠢᠶᠠᠨ ᠳᠠᠩᠰᠠᠯᠠᠭᠰᠠᠨ ᠦᠭᠡᠢ ᠸᠢᠴᠠᠲ ᠤᠨ ᠶᠠᠷᠢᠯᠴᠠᠭ᠎ᠠ ᠨᠢ ᠬᠡᠷᠪᠡ ᠦᠨᠡᠨ | ᠪᠣᠳᠠᠲᠠᠢ ᠪᠥᠭᠡᠳ ᠬᠠᠤᠯᠢ ᠶᠣᠰᠣᠨ ᠳᠤ ᠨᠡᠶᠢᠴᠡᠭᠰᠡᠨ ᠪᠤᠯ ᠶᠠᠯ᠎ᠠ ᠲᠣᠭᠲᠠᠭᠠᠬᠤ ᠪᠠᠷᠢᠮᠲᠠ ᠪᠤᠯᠵᠤ ᠪᠤᠯᠤᠨ᠎ᠠ᠃ | ᠲᠤᠰᠬᠠᠢ ᠮᠡᠷᠭᠡᠵᠢᠯᠲᠡᠨ ᠤ ᠰᠠᠨᠠᠭᠤᠯᠤᠮᠵᠢ᠄ ᠸᠢᠴᠠᠲ ᠤᠨ ᠪᠠᠷᠢᠮᠲᠠ ᠶᠢ ᠬᠡᠷᠬᠢᠨ ᠴᠤᠭᠯᠠᠭᠤᠯᠬᠤ ᠪᠤᠢ︖ | ᠸᠢᠴᠠᠲ ᠢᠶᠠᠷ ᠠᠷᠠᠯᠵᠢᠶᠠᠯᠠᠬᠤ᠂ ᠮᠦᠩᠭᠦ ᠰᠢᠯᠵᠢᠭᠦᠯᠬᠦ ᠦᠶᠡᠰ ᠲᠤ ᠬᠠᠤᠯᠢ ᠶᠢᠨ ᠬᠦᠴᠦᠨ ᠲᠠᠢ | ᠪᠠᠷᠢᠮᠲᠠ ᠶᠢ ᠬᠡᠷᠬᠢᠨ ᠴᠤᠭᠯᠠᠭᠤᠯᠬᠤ ᠪᠤᠢ︖ | ᠪᠠᠷᠠᠭᠤᠨ ᠬᠤᠶᠢᠲᠤ ᠶᠢᠨ ᠤᠯᠤᠰ ᠲᠦᠷᠦ ᠬᠠᠤᠯᠢ ᠴᠠᠭᠠᠵᠠ ᠶᠢᠨ ᠶᠡᠭᠡ ᠰᠤᠷᠭᠠᠭᠤᠯᠢ ᠶᠢᠨ ᠢᠷᠭᠡᠨ ᠤ | ᠬᠤᠳᠠᠯᠳᠤᠭᠠᠨ ᠤ ᠬᠠᠤᠯᠢ ᠶᠢᠨ ᠳᠡᠭᠡᠲᠦ ᠰᠤᠷᠭᠠᠭᠤᠯᠢ ᠶᠢᠨ ᠪᠠᠭᠰᠢ ᠯᠢᠤ ᠬᠠᠢ ᠶᠠᠩ ᠤᠨ ᠬᠡᠯᠡᠭᠰᠡᠨ ᠢᠶᠠᠷ᠂ | ᠸᠢᠴᠠᠲ ᠤᠨ ᠭᠡᠷᠡᠴᠢ ᠪᠠᠷᠢᠮᠲᠠ ᠶᠢᠨ ᠲᠤᠬᠠᠢ ᠲᠤᠤᠷᠠᠬᠢ ᠬᠡᠳᠦᠨ ᠲᠠᠯ᠎ᠠ ᠶᠢ ᠠᠩᠬᠠᠷᠬᠤ ᠬᠡᠷᠡᠭᠲᠡᠢ᠃ ᠸᠢᠴᠠᠲ ᠤᠨ | ᠭᠡᠷᠡᠴᠢ ᠪᠠᠷᠢᠮᠲᠠ ᠪᠠᠨ ᠦᠵᠡᠭᠦᠯᠬᠦ ᠳᠡᠭᠡᠨ᠂ ᠶᠠᠭᠤᠨ ᠤ ᠡᠮᠦᠨ᠎ᠡ᠂ ᠦᠪᠡᠷ ᠤᠨ ᠸᠢᠴᠠᠲ ᠳᠤ ᠨᠡᠪᠲᠡᠷᠡᠬᠦ ᠪᠦᠬᠦ | ᠶᠠᠪᠤᠴᠠ ᠶᠢ ᠦᠵᠡᠭᠦᠯᠵᠦ᠂ ᠸᠢᠴᠠᠲ ᠤᠨ ᠶᠠᠷᠢᠯᠴᠠᠭᠠᠨ ᠤ ᠬᠠᠤᠯᠢ ᠶᠤᠰᠤᠴᠢ ᠴᠢᠨᠠᠷ ᠪᠤᠯᠤᠨ ᠬᠤᠪᠢ ᠪᠡᠶ᠎ᠡ ᠶᠢᠨ | ᠦᠨᠡᠨ ᠪᠤᠳᠠᠳᠤ ᠴᠢᠨᠠᠷ ᠢ ᠭᠡᠷᠡᠴᠢᠯᠠᠨᠡ᠃ ᠳᠠᠷᠠᠭ᠎ᠠ ᠨᠢ᠂ ᠬᠤᠶᠠᠷ ᠡᠲᠡᠭᠡᠳ ᠤᠨ ᠬᠤᠪᠢ ᠬᠥᠮᠥᠨ ᠤ ᠴᠢᠮᠡᠭᠡ ᠵᠠᠩᠭᠢ | ᠶᠢ ᠦᠵᠡᠭᠦᠯᠦᠨ᠎ᠡ᠃ ᠳᠠᠷᠤᠢ᠂ ᠸᠢᠴᠠᠲ ᠤᠨ ᠳ᠋ᠤᠭᠠᠷ ᠤᠨ ᠦᠭᠡᠷᠡᠴᠢᠯᠡᠬᠦ ᠪᠤᠯᠤᠮᠵᠢ ᠦᠭᠡᠢ ᠪᠠᠶᠢᠭ᠎ᠠ᠂ ᠬᠤᠪᠢ ᠬᠥᠮᠥᠨ | ᠤ ᠤᠲᠠᠰᠤᠨ ᠤ ᠳ᠋ᠤᠭᠠᠷ᠂ ᠬᠦᠷᠦᠭ ᠵᠢᠷᠤᠭ ᠵᠡᠷᠭᠡ ᠴᠢᠮᠡᠭᠡ ᠵᠠᠩᠭᠢ ᠢ ᠠᠰᠢᠭᠯᠡᠵᠤ ᠬᠤᠶᠠᠷ ᠡᠲᠡᠭᠡᠳ ᠤᠨ ᠦᠨᠡᠨ | ᠪᠤᠲᠠᠲᠤ ᠪᠠᠶᠢᠳᠠᠯ ᠢ ᠭᠡᠷᠡᠴᠢᠯᠠᠨᠡ᠃ ᠭᠤᠷᠪᠠᠳᠤᠭᠠᠷ ᠲᠤ᠂ ᠪᠦᠷᠢᠨ ᠪᠦᠳᠦᠨ ᠶᠠᠷᠢᠯᠴᠠᠭᠠᠨ ᠤ ᠠᠭᠤᠯᠭ᠎ᠠ ᠶᠢ | ᠦᠵᠡᠭᠦᠯᠦᠨ᠎ᠡ᠃ ᠸᠢᠴᠠᠲ ᠤᠨ ᠶᠠᠷᠢᠯᠴᠠᠭᠠᠨ ᠤ ᠠᠭᠤᠯᠭ᠎ᠠ ᠶᠢ ᠵᠦᠪᠬᠡᠨ ᠤᠰᠠᠳᠬᠠᠵᠤ ᠪᠤᠯᠬᠤ ᠠᠴᠠ ᠪᠢᠰᠢ᠂ ᠨᠡᠮᠡᠵᠤ | ᠪᠤᠯᠬᠤ ᠦᠭᠡᠢ ᠭᠡᠳᠡᠭ ᠢ ᠠᠰᠢᠭᠯᠠᠵᠤ᠂ ᠬᠤᠶᠠᠷ ᠡᠲᠡᠭᠡᠳ ᠤᠨ ᠸᠢᠴᠠᠲ ᠤᠨ ᠶᠠᠷᠢᠯᠴᠠᠭᠠᠨ ᠤ ᠠᠭᠤᠯᠭ᠎ᠠ ᠶᠢ | ᠠᠳᠠᠯᠢᠳᠬᠠᠵᠤ᠂ ᠪᠦᠷᠢᠨ ᠪᠦᠲᠦᠨ ᠴᠢᠨᠠᠷ ᠪᠤᠯᠤᠨ ᠦᠨᠡᠨ ᠪᠤᠳᠠᠲᠤ ᠴᠢᠨᠠᠷ ᠢ ᠭᠡᠷᠡᠴᠢᠯᠡᠨ᠎ᠡ᠃ | ᠡᠭᠦᠨ ᠠᠴᠠ ᠭᠠᠳᠠᠨ᠎ᠠ᠂ ᠬᠡᠷᠪᠡ ᠦᠰᠦᠭ ᠢᠶᠠᠷ ᠶᠠᠷᠢᠯᠴᠠᠭᠰᠠᠨ ᠪᠤᠯ ᠵᠢᠷᠤᠭ ᠤᠨ ᠬᠡᠯᠪᠡᠷᠢ ᠪᠠᠷ | ᠬᠠᠳᠠᠭᠠᠯᠠᠵᠤ᠂ ᠬᠡᠷᠪᠡ ᠶᠠᠷᠢᠶ᠎ᠠ ᠪᠠᠷ ᠶᠠᠷᠢᠯᠴᠠᠭᠰᠠᠨ ᠪᠤᠯ ᠸᠢᠴᠠᠲ ᠲᠠᠭᠠᠨ ᠬᠠᠳᠠᠭᠠᠯᠠᠨ᠂ ᠤᠲᠠᠰᠤᠨ ᠤ | ᠪᠠᠭᠲᠠᠭᠠᠮᠵᠢ ᠶᠢ ᠶᠡᠬᠡᠰᠬᠡᠬᠦ ᠦᠶᠡᠰ ᠸᠢᠴᠠᠲ ᠤᠨ ᠶᠠᠷᠢᠯᠴᠠᠯᠭ᠎ᠠ ᠪᠠᠨ ᠠᠳᠡᠭᠦᠷᠡᠵᠦ ᠤᠰᠠᠳᠬᠠᠬᠤ ᠪᠠᠶᠢᠳᠠᠯ ᠠᠴᠠ | ᠪᠤᠯᠭᠤᠮᠵᠢᠯᠠᠪᠠᠯ ᠵᠣᠬᠢᠨ᠎ᠠ᠃ ᠭᠡᠬᠦ ᠳᠡᠭᠡᠨ ᠬᠡᠷᠪᠡ ᠶᠠᠷᠢᠶ᠎ᠠ ᠪᠠᠷ ᠶᠠᠷᠢᠯᠴᠠᠭᠰᠠᠨ ᠪᠤᠯ ᠡᠷᠬᠡᠪᠡᠰᠢ ᠡᠮᠦᠨ᠎ᠡ ᠬᠤᠶᠢᠨ᠎ᠠ ᠨᠢ | ᠠᠪᠴᠠᠯᠳᠤᠭᠰᠠᠨ ᠪᠦᠷᠢᠨ ᠪᠦᠲᠦᠨ ᠶᠠᠷᠢᠯᠴᠠᠭᠠᠨ ᠤ ᠠᠭᠤᠯᠭ᠎ᠠ ᠶᠢ ᠬᠠᠳᠠᠭᠠᠯᠠᠭᠰᠠᠨ ᠪᠠᠶᠢᠬᠤ ᠬᠡᠷᠡᠭᠲᠡᠢ᠃ |