ᠰᠢᠨᠬᠤᠸᠠ ᠬᠤᠷᠢᠶᠠᠨ ᠤ ᠪᠡᠭᠡᠵᠢᠩ ᠤᠨ 12 ᠰᠠᠷ᠎ᠠ ᠶᠢᠨ 10 ᠤ ᠡᠳᠦᠷ ᠤᠨ ᠮᠡᠳᠡᠭᠡ ︵ᠰᠤᠷᠪᠤᠯᠵᠢᠯᠠᠭᠴᠢ | ᠵᠧᠤ ᠸᠧᠶ︶ᠰᠣᠶᠣᠯ ᠵᠢᠭᠤᠯᠴᠢᠯᠠᠯ ᠤᠨ ᠶᠠᠮᠤᠨ ᠤ ᠠᠯᠪᠠᠨ ᠰᠦᠯᠵᠢᠶ᠎ᠡ 10 ᠤ ᠡᠳᠦᠷ ︽ᠤᠯᠤᠰ ᠤᠨ ᠲᠡᠰ ᠤᠨ | ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠤᠯᠠᠮᠵᠢᠯᠠᠨ ᠵᠠᠯᠭᠠᠮᠵᠢᠯᠠᠭᠴᠢ ᠶᠢ ᠮᠠᠭᠠᠳᠯᠠᠨ | ᠲᠣᠭᠲᠠᠭᠠᠬᠤ ᠪᠠ ᠬᠠᠮᠢᠶᠠᠷᠬᠤ ᠠᠷᠭ᠎ᠠ︾ ᠶᠢ ᠨᠡᠶᠢᠲᠡᠯᠡᠪᠡ᠃ ᠠᠷᠭ᠎ᠠ ᠳᠤ ᠤᠯᠤᠰ ᠤᠨ ᠲᠡᠰ ᠤᠨ ᠪᠣᠳᠠᠰ ᠤᠨ ᠪᠤᠰᠤ | ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠤᠯᠠᠮᠵᠢᠯᠠᠨ ᠵᠠᠯᠭᠠᠮᠵᠢᠯᠠᠭᠴᠢ ᠶᠢᠨ ᠤᠯᠠᠮᠵᠢᠯᠠᠨ ᠵᠠᠯᠭᠠᠮᠵᠢᠯᠠᠬᠤ | ᠠᠵᠢᠯᠯᠠᠭ᠎ᠠ ᠶᠢ ᠨᠠᠩ ᠰᠠᠶᠢᠲᠤᠷ ᠥᠷᠨᠢᠭᠦᠯᠬᠦ ᠶᠢ ᠵᠣᠷᠢᠭᠵᠢᠭᠤᠯᠤᠨ ᠳᠡᠮᠵᠢᠬᠦ ᠶᠢᠨ ᠬᠠᠮᠲᠤ ᠤᠯᠤᠰ ᠤᠨ ᠲᠡᠰ ᠤᠨ | ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠤᠯᠠᠮᠵᠢᠯᠠᠨ ᠵᠠᠯᠭᠠᠮᠵᠢᠯᠠᠭᠴᠢ ᠶᠢᠨ ᠤᠬᠤᠷᠢᠨ | ᠭᠠᠷᠬᠤ ᠲᠣᠭᠲᠠᠴᠠ ᠶᠢ ᠲᠡᠭᠦᠯᠳᠡᠷᠵᠢᠭᠦᠯᠦᠨ᠎ᠡ ᠬᠡᠪᠡ᠃ | ᠠᠷᠭ᠎ᠠ ᠳᠤ᠂ ᠤᠯᠤᠰ ᠤᠨ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ | ᠤᠯᠠᠮᠵᠢᠯᠠᠨ ᠵᠠᠯᠭᠠᠮᠵᠢᠯᠠᠭᠴᠢ ᠶᠢ ᠮᠠᠭᠠᠳᠯᠠᠨ ᠲᠣᠭᠲᠠᠭᠠᠬᠤ ᠪᠠ ᠬᠠᠮᠢᠶᠠᠷᠬᠤ ᠳᠤ ᠪᠣᠳᠠᠰ ᠤᠨ ᠪᠤᠰᠤ ᠰᠣᠶᠣᠯ ᠤᠨ | ᠥᠪ ᠤᠨ ᠤᠯᠠᠮᠵᠢᠯᠠᠨ ᠵᠠᠯᠭᠠᠮᠵᠢᠯᠠᠬᠤ ᠰᠢᠰᠲ᠋ᠧᠮ ᠢ ᠲᠡᠭᠦᠯᠳᠡᠷᠵᠢᠭᠦᠯᠦᠨ᠂ ᠪᠣᠳᠠᠰ ᠤᠨ ᠪᠤᠰᠤ ᠰᠣᠶᠣᠯ ᠤᠨ ᠥᠪ ᠤᠨ | ᠦᠷᠭᠦᠯᠵᠢᠯᠡᠨ ᠣᠷᠣᠰᠢᠨ ᠬᠦᠴᠦᠨ ᠢ ᠴᠢᠩᠭᠠᠷᠠᠭᠤᠯᠵᠤ᠂ ᠤᠯᠠᠮᠵᠢᠯᠠᠨ ᠵᠠᠯᠭᠠᠮᠵᠢᠯᠠᠭᠴᠢ ᠶᠢᠨ ᠭᠤᠤᠯ ᠴᠣᠭᠴᠠ ᠶᠢᠨ | ᠪᠠᠶᠢᠷᠢ ᠰᠠᠭᠤᠷᠢ ᠪᠠ ᠡᠷᠬᠡ ᠠᠰᠢᠬ ᠢ ᠬᠦᠨᠳᠦᠳᠬᠡᠨ᠂ ᠨᠡᠶᠢᠭᠡᠮ ᠲᠣᠭᠤᠷᠢᠭ ᠪᠠ ᠬᠠᠮᠲᠤᠯᠢᠭ ᠤᠨ ᠮᠡᠳᠡᠷᠡᠨ | ᠵᠥᠪᠰᠢᠶᠡᠷᠡᠬᠦ ᠰᠡᠳᠬᠢᠯᠭᠡ ᠶᠢ ᠴᠢᠬᠤᠯᠠᠴᠢᠯᠠᠬᠤ ᠬᠡᠷᠡᠭᠲᠡᠶ ᠭᠡᠵᠦ ᠲᠣᠭᠲᠠᠭᠠᠵᠠᠶ᠃ | ᠠᠷᠭ᠎ᠠ ᠨᠢ ᠤᠷ᠎ᠠ ᠮᠡᠷᠭᠡᠰᠢᠯ ᠤᠨ ᠭᠤᠶᠢᠳᠠ ᠨᠠᠷᠢᠯᠢᠭ ᠤᠨ ᠬᠡᠮᠵᠢᠶ᠎ᠡ᠂ ᠲᠥᠯᠥᠭᠡᠯᠡᠬᠦ ᠴᠢᠨᠠᠷ ᠪᠠ | ᠨᠡᠶᠢᠭᠡᠮ ᠤᠨ ᠨᠥᠯᠥᠭᠡᠯᠡᠬᠦ ᠬᠦᠴᠦᠨ᠂ ᠤᠯᠠᠮᠵᠢᠯᠠᠨ ᠵᠠᠯᠭᠠᠮᠵᠢᠯᠠᠬᠤ ᠠᠵᠢᠯᠯᠠᠭ᠎ᠠ ᠥᠷᠨᠢᠭᠦᠯᠬᠦ᠂ ᠬᠡᠪ ᠴᠢᠨᠠᠷ ᠤᠨ | ᠪᠣᠯᠪᠠᠰᠤᠷᠠᠯ ᠵᠡᠷᠭᠡ ᠲᠠᠯ᠎ᠠ ᠠᠴᠠ ᠤᠯᠤᠰ ᠤᠨ ᠲᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ | ᠴᠢᠨᠠᠷᠲᠠᠶ ᠤᠯᠠᠮᠵᠢᠯᠠᠨ ᠵᠠᠯᠭᠠᠮᠵᠢᠯᠠᠭᠴᠢ ᠶᠢ ᠮᠠᠭᠠᠳᠯᠠᠨ ᠲᠣᠭᠲᠠᠭᠠᠬᠤ ᠨᠥᠬᠦᠴᠡᠯ ᠳᠤ ᠨᠠᠷᠢᠯᠢᠬᠵᠢᠭᠤᠯᠤᠭᠰᠠᠨ | ᠲᠣᠭᠲᠠᠭᠠᠯ ᠭᠠᠷᠭᠠᠵᠠᠶ︔ ᠡᠩ ᠤᠨ ᠪᠠᠶᠢᠳᠠᠯ ᠳᠤ ᠲᠠᠪᠤᠨ ᠵᠢᠯ ᠪᠦᠷᠢ ᠳᠤ ᠨᠢᠭᠡ ᠪᠦᠯᠦᠭ ᠤᠯᠤᠰ ᠤᠨ ᠲᠡᠰ ᠤᠨ | ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠬᠦ ᠴᠢᠨᠠᠷᠲᠠᠶ ᠤᠯᠠᠮᠵᠢᠯᠠᠨ ᠵᠠᠯᠭᠠᠮᠵᠢᠯᠠᠭᠴᠢ ᠶᠢ ᠮᠠᠭᠠᠳᠯᠠᠨ | ᠲᠣᠭᠲᠠᠭᠠᠬᠤ ᠠᠵᠢᠯ ᠢ ᠥᠷᠨᠢᠭᠦᠯᠵᠦ᠂ ᠮᠠᠲ᠋ᠧᠷᠢᠶᠠᠯ ᠢ ᠳᠠᠬᠢᠨ ᠬᠢᠨᠠᠬᠤ᠂ ᠬᠡᠷᠡᠭᠴᠡᠭᠡ ᠪᠠᠨ ᠦᠨᠳᠦᠰᠦᠯᠡᠨ ᠲᠤᠬᠠᠶ ᠶᠢᠨ | ᠲᠠᠯᠠᠪᠤᠷ ᠲᠤ ᠠᠰᠠᠭᠤᠯᠳᠠ ᠬᠠᠷᠢᠭᠤᠯᠬᠤ᠂ ᠣᠯᠠᠨ ᠨᠡᠶᠢᠲᠡ ᠶᠢᠨ ᠣᠨᠳᠣᠤ ᠰᠠᠨᠠᠯ ᠵᠡᠷᠭᠡ ᠬᠢᠨᠠᠨ ᠲᠣᠭᠲᠠᠭᠠᠬᠤ ᠵᠢᠷᠤᠮ | ᠪᠠ ᠭᠤᠭᠴᠤᠭ᠎ᠠ ᠶᠢ ᠲᠣᠬᠢᠷᠠᠭᠤᠯᠤᠨ᠎ᠠ ᠭᠡᠵᠦ ᠲᠣᠳᠣᠷᠬᠠᠶᠢᠯᠠᠪᠠ᠃ | | |