ᠳᠤᠮᠳᠠᠳᠤ ᠪᠠᠭ᠎ᠠ ᠰᠤᠷᠭᠠᠭᠤᠯᠢ ᠬᠠᠪᠤᠷ ᠨᠠᠮᠤᠷ ᠤᠨ ᠠᠮᠠᠷᠠᠯᠲᠠ ᠲᠠᠯᠪᠢᠬᠤ ᠶᠢ ︽ᠡᠳᠦᠷ ᠲᠤᠲᠤᠮ ᠤᠨ ᠵᠥᠪᠯᠡᠬᠦ ᠵᠦᠢᠯ ᠳᠡᠭᠡᠨ ᠣᠷᠣᠭᠤᠯᠬᠤ︾ ᠪᠣᠯᠤᠮᠵᠢ ᠲᠠᠢ ᠪᠤᠯᠪᠠ  ᠲᠠᠷᠠᠭᠠᠬᠢ ᠶᠢ ᠦᠵᠡᠭᠡᠷᠡᠢ︕
ᠨᠡᠶᠢᠲᠡᠯᠡᠭᠰᠡᠨ ᠴᠠᠭ᠄
2019-12-17
        ᠰᠢᠨᠬᠤᠸᠠ ᠬᠤᠷᠢᠶᠠᠨ ᠤ ᠪᠡᠭᠡᠵᠢᠩ ᠤᠨ 12 ᠰᠠᠷ᠎ᠠ ᠶᠢᠨ 12 ᠤᠨ ᠡᠳᠦᠷ ᠤᠨ ᠮᠡᠳᠡᠭᠡ ︵ᠰᠤᠷᠪᠤᠯᠵᠢᠯᠠᠭᠴᠢ ᠸᠠᠩ ᠢᠦᠶ ᠰᠢᠶᠣᠤ ᠠᠨ ᠪᠸᠢ︶ ᠰᠤᠷᠪᠤᠯᠵᠢᠯᠠᠭᠴᠢ 12 ᠤᠨ ᠡᠳᠦᠷ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠤᠢᠢᠯᠠᠭᠠᠭᠰᠠᠨ ᠢᠶᠠᠷ᠂ ᠮᠠᠨ ᠤ ᠤᠯᠤᠰ ᠴᠠᠯᠢᠩ ᠲᠠᠢ ᠪᠠᠷ ᠠᠮᠠᠷᠠᠯᠲᠠ ᠠᠪᠬᠤ ᠬᠠᠮᠢᠶ᠎ᠠ ᠪᠦᠬᠦᠢ  ᠳᠦᠷᠢᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠬᠦ ᠪᠠᠷ ᠪᠤᠢ᠂ ᠡᠯ᠎ᠡ ᠭᠠᠵᠠᠷ ᠤᠨ ᠬᠢᠨ ᠠᠭᠤᠷ ᠠᠮᠢᠰᠬᠤᠯ ᠣᠷᠴᠢᠨ ᠲᠣᠭᠤᠷᠢᠨ ᠵᠡᠷᠭᠡ ᠪᠠᠶᠢᠳᠠᠯ ᠲᠠᠢ ᠪᠠᠨ ᠤᠶᠠᠯᠳᠤᠭᠤᠯᠤᠨ ᠡᠪᠦᠯ  ᠵᠤᠨ ᠤ ᠠᠮᠠᠷᠠᠯᠲᠠ ᠶᠢᠨ ᠴᠠᠭ ᠢ ᠨᠢᠭᠡᠳᠦᠯᠲᠡᠶ ᠲᠦᠯᠦᠪᠯᠡᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠬᠠᠪᠤᠷ ᠤᠨ ᠠᠮᠠᠷᠠᠯᠲᠠ ᠪᠤᠶᠤ ᠨᠠᠮᠤᠷ ᠤᠨ ᠠᠮᠠᠷᠠᠯᠲᠠ ᠲᠠᠯᠪᠢᠬᠤ ᠠᠷᠭ᠎ᠠ ᠶᠢ  ᠲᠣᠭᠲᠠᠭᠠᠨ ᠨᠡᠶᠢᠲᠡᠯᠡᠵᠦ ᠪᠣᠯᠤᠨ᠎ᠠ᠃         ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ ᠵᠡᠷᠭᠡ ᠶᠢᠰᠦᠨ ᠰᠠᠯᠠᠭ᠎ᠠ ᠮᠥᠴᠢᠷ ᠤᠨ ᠨᠡᠶᠢᠳᠡᠯᠡᠭᠰᠡᠨ ︽ᠪᠠᠶᠠᠷ ᠳᠤᠷᠠᠰᠬᠠᠯ ᠤᠨ ᠡᠳᠦᠷ ᠪᠠ  ᠠᠮᠠᠷᠠᠯᠲᠠ ᠶᠢᠨ ᠡᠳᠦᠷ ᠭᠠᠳᠠᠬᠰᠢ ᠭᠠᠷᠴᠤ ᠵᠢᠭᠤᠯᠴᠢᠯᠠᠬᠤ ᠣᠷᠴᠢᠨ ᠨᠥᠬᠦᠴᠡᠯ ᠢ ᠰᠠᠶᠢᠵᠢᠷᠠᠭᠤᠯᠵᠤ ᠵᠢᠭᠤᠯᠴᠢᠯᠠᠯ ᠤᠨ ᠬᠡᠷᠡᠭᠯᠡᠭᠡ ᠶᠢ ᠠᠬᠢᠭᠤᠯᠬᠤ ᠲᠤᠬᠠᠢ ᠬᠡᠷᠡᠭᠵᠢᠭᠦᠯᠬᠦ  ᠰᠠᠨᠠᠯ︾ ᠳᠤ᠂ ᠬᠥᠮᠥᠨ ᠬᠡᠷᠡᠭᠯᠡᠵᠦ ᠪᠠᠶᠢᠬᠤ ᠨᠢᠭᠡᠴᠡ ᠵᠢᠯ ᠤᠨ ᠡᠬᠢᠨ ᠳᠤ ᠠᠵᠢᠯ ᠤᠨ ᠬᠡᠷᠡᠭᠴᠡᠭᠡ ᠪᠠ ᠠᠵᠢᠯᠲᠠᠨ ᠠᠵᠢᠯᠴᠢᠨ ᠤ ᠠᠮᠠᠷᠠᠯᠲᠠ ᠶᠢᠨ ᠬᠦᠰᠡᠯ ᠰᠠᠨᠠᠭ᠎ᠠ ᠲᠠᠢ ᠤᠶᠠᠯᠳᠤᠭᠤᠯᠤᠨ ᠲᠤᠬᠠᠶ ᠶᠢᠨ ᠵᠢᠯ ᠤᠨ ᠠᠮᠠᠷᠠᠯᠲᠠ ᠪᠠᠨ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠦᠷ᠎ᠡ ᠬᠡᠦᠬᠡᠳ ᠨᠢ ᠰᠤᠷᠭᠠᠭᠤᠯᠢ ᠳᠤ ᠰᠤᠷᠤᠯᠴᠠᠵᠤ ᠪᠠᠶᠢᠬᠤ ᠠᠵᠢᠯᠲᠠᠨ ᠠᠵᠢᠯᠴᠢᠨ ᠤ ᠡᠪᠦᠯ ᠵᠣᠨ ᠤ ᠠᠮᠠᠷᠠᠯᠲᠠ ᠶᠢ ᠲᠣᠬᠢᠷᠠᠭᠤᠯᠬᠤ ᠶᠢ ᠤᠷᠢᠳᠠᠪᠠᠷ ᠪᠣᠳᠣᠯᠬᠢᠯᠠᠬᠤ ᠶᠢ ᠵᠣᠷᠢᠭᠵᠢᠭᠤᠯᠤᠨ᠎ᠠ︔ ᠤᠯᠤᠰ ᠠᠴᠠ ᠲᠤᠬᠢᠷᠠᠭᠤᠯᠤᠬᠰᠠᠨ ᠬᠢᠴᠢᠶᠡᠯ ᠢ ᠪᠦᠷᠢᠨ ᠬᠦᠢᠴᠡᠳ ᠵᠢᠭᠠᠵᠤ᠂ ᠬᠡᠪ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠡᠭᠦᠷᠭᠡ ᠪᠠᠨ ᠰᠠᠶᠢᠲᠤᠷ ᠪᠡᠶᠡᠯᠡᠭᠦᠯᠬᠦ ᠶᠢ ᠪᠠᠲᠤᠯᠠᠭᠰᠠᠨ ᠤᠷᠢᠲᠠᠯ ᠳᠣᠤᠷ᠎ᠠ᠂ ᠡᠯ᠎ᠡ ᠭᠠᠵᠠᠷ ᠤᠨ ᠬᠢᠨ ᠠᠭᠤᠷ ᠠᠮᠢᠰᠬᠤᠯ ᠣᠷᠴᠢᠨ ᠲᠣᠭᠤᠷᠢᠨ ᠵᠡᠷᠭᠡ ᠪᠠᠶᠢᠳᠠᠯ ᠲᠠᠢ ᠪᠠᠨ ᠤᠶᠠᠯᠳᠤᠭᠤᠯᠤᠨ ᠡᠪᠦᠯ ᠵᠣᠨ ᠤ ᠠᠮᠠᠷᠠᠯᠲᠠ ᠶᠢᠨ ᠴᠠᠭ ᠢ ᠨᠢᠭᠡᠳᠦᠯᠲᠡᠶ ᠲᠥᠯᠥᠪᠯᠡᠨ᠂ ᠳᠤᠮᠳᠠᠳᠤ ᠪᠠᠭ᠎ᠠ ᠰᠤᠷᠭᠠᠭᠤᠯᠢ ᠶᠢᠨ ᠬᠠᠪᠤᠷ ᠤᠨ ᠠᠮᠠᠷᠠᠯᠲᠠ ᠪᠤᠶᠤ ᠨᠠᠮᠤᠷ ᠤᠨ ᠠᠮᠠᠷᠠᠯᠲᠠ ᠲᠠᠯᠪᠢᠬᠤ ᠠᠷᠭ᠎ᠠ ᠶᠢ ᠲᠣᠭᠲᠠᠭᠠᠨ ᠨᠡᠶᠢᠲᠡᠯᠡᠵᠦ᠂ ᠠᠵᠢᠯᠲᠠᠨ ᠠᠵᠢᠯᠴᠢᠨ ᠤ ᠭᠡᠷ ᠪᠦᠯᠢ ᠶᠢᠨ ᠭᠠᠳᠠᠬᠰᠢ ᠭᠠᠷᠬᠤ ᠳᠤ ᠲᠣᠬᠢᠷᠠᠮᠵᠢᠲᠠᠶ ᠤᠯᠠᠷᠢᠯ ᠳᠤ ᠴᠠᠯᠢᠩ ᠲᠠᠢ ᠪᠠᠷ ᠠᠮᠠᠷᠠᠯᠲᠠ ᠠᠪᠬᠤ ᠶᠢ ᠬᠥᠲᠥᠯᠥᠨ ᠵᠢᠯᠣᠭᠤᠳᠴᠤ ᠪᠣᠯᠤᠨ᠎ᠠ ᠬᠡᠵᠦ ᠵᠢᠭᠠᠵᠤ ᠭᠠᠷᠭᠠᠪᠠ᠃         ᠰᠠᠨᠠᠯ ᠳᠤ᠂ ᠴᠠᠯᠢᠩ ᠲᠠᠢ ᠪᠠᠷ ᠠᠮᠠᠷᠠᠯᠲᠠ ᠠᠪᠬᠤ ᠶᠢ ᠲᠦᠷᠭᠡᠳᠭᠡᠨ ᠠᠬᠢᠭᠤᠯᠬᠤ ᠬᠡᠷᠡᠭᠲᠡᠶ᠃ ᠴᠠᠯᠢᠩ ᠲᠠᠢ ᠪᠠᠷ ᠵᠢᠯ ᠤᠨ ᠠᠮᠠᠷᠠᠯᠲᠠ ᠠᠪᠬᠤ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠠᠵᠢᠯᠲᠠᠨ ᠠᠵᠢᠯᠴᠢᠨ ᠤ ᠶᠡᠭᠡ ᠬᠤᠷᠠᠯ᠂ ᠠᠵᠢᠯᠲᠠᠨ ᠠᠵᠢᠯᠴᠢᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠨ ᠵᠦᠪᠯᠡᠬᠦ ᠵᠦᠢᠯᠡᠰ ᠲᠤ ᠣᠷᠣᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠲᠤᠰ ᠨᠢᠭᠡᠴᠡ ᠶᠢᠨ ᠢᠶᠠᠨ ᠠᠵᠢᠯᠲᠠᠨ ᠠᠵᠢᠯᠴᠢᠨ ᠳᠤ ᠮᠡᠳᠡᠬᠦᠯᠦᠯᠳᠡ ᠪᠠ ᠲᠣᠳᠣᠷᠬᠠᠶᠢᠯᠠᠯᠲᠠ ᠬᠢᠬᠦ ᠬᠡᠷᠡᠭᠳᠡᠢ᠃ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠬᠢᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠥᠮᠦᠨ ᠬᠡᠷᠡᠭᠯᠡᠵᠦ ᠪᠠᠶᠢᠬᠤ ᠨᠢᠭᠡᠴᠡ ᠶᠢᠨ ᠠᠵᠢᠯᠲᠠᠨ ᠠᠵᠢᠯᠴᠢᠨ ‍ᠤ‌‍ᠴᠠᠯᠢᠩ ᠲᠠᠢ ᠪᠠᠷ ᠠᠮᠠᠷᠠᠯᠲᠠ ᠠᠪᠬᠤ ᠶᠢ ᠨᠠᠶᠢᠳᠠᠪᠤᠷᠢᠵᠢᠭᠤᠯᠤᠬᠰᠠᠨ ᠪᠠᠶᠢᠳᠠᠯ ᠢ ᠬᠢᠨᠠᠨ ᠪᠠᠶᠢᠴᠠᠭᠠᠬᠤ ᠬᠡᠷᠡᠭᠲᠡᠶ ᠬᠡᠵᠦ ᠲᠤᠷᠠᠳᠤᠨ ᠭᠠᠷᠭᠠᠵᠠᠢ᠃
 
ᠢᠷᠡᠯᠲᠡ᠄ ᠠᠷᠠᠳ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号