ᠡᠨᠡ ᠵᠢᠯ ᠪᠤᠯ ᠪᠦᠬᠦ ᠤᠯᠤᠰ ᠤᠨ ᠬᠦᠰᠡᠯ ᠢᠨᠵᠧᠨᠧᠷᠢᠩ ᠢ ᠬᠡᠷᠡᠭᠵᠢᠬᠦᠯᠦᠭᠰᠡᠨ 30 ᠵᠢᠯ ᠤᠨ ᠤᠢ | ᠪᠤᠯᠬᠤ ᠪᠦᠭᠡᠳ ᠦᠪᠤᠷ ᠮᠤᠩᠭᠤᠯ ᠤᠨ ᠬᠦᠰᠡᠯ ᠢᠨᠵᠧᠨᠧᠷᠢᠩ ᠢ ᠬᠡᠷᠡᠭᠵᠢᠬᠦᠯᠦᠭᠰᠡᠨ 29 ᠵᠢᠯ ᠪᠤᠯᠤᠨ᠎ᠠ᠃ 1990 | ᠤᠨ ᠤ 3 ᠰᠠᠷ᠎ᠠ ᠳᠤ᠂ ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠡᠪᠯᠡᠯ ᠤᠨ ᠬᠤᠷᠢᠶ᠎ᠠ ᠶᠢᠨ ᠬᠢᠨ | ︽ᠬᠦᠰᠡᠯ ᠢᠨᠵᠧᠨᠧᠷᠢᠩ ᠰᠤᠷᠤᠯᠭ᠎ᠠ ᠶᠢᠨ ᠲᠡᠳᠭᠦᠮᠵᠢ ᠶᠢᠨ ᠮᠦᠡᠭᠭᠦ︾ ᠶᠢ ᠭᠠᠷᠭᠠᠵᠤ᠂ ᠲᠦᠷᠦᠬᠦᠤ ᠪᠦᠯᠦᠭ 300 | ᠰᠤᠷᠤᠯᠭ᠎ᠠ ᠠᠯᠳᠠᠬᠰᠠᠨ ᠬᠡᠤᠬᠡᠳ ᠢ ᠠᠪᠤᠷᠠᠨ ᠲᠤᠰᠠᠯᠠᠬᠤ ᠲᠦᠷᠦᠯ ᠵᠦᠢᠯ ᠢ ᠨᠠᠶᠢᠳᠠᠪᠤᠷᠢᠵᠢᠭᠤᠯᠤᠭᠰᠠᠨ ᠠᠴᠠ | ᠡᠬᠢᠯᠡᠵᠤ ᠦᠪᠤᠷ ᠮᠤᠩᠭᠤᠯ ᠬᠦᠰᠡᠯ ᠢᠨᠵᠧᠨᠧᠷᠢᠩ ᠢ ᠬᠡᠷᠡᠭᠵᠢᠬᠦᠯᠬᠦ ᠬᠦᠰᠢᠭᠡ ᠪᠠᠨ ᠰᠡᠬᠦᠵᠤ᠂ ᠤᠳᠤ ᠪᠤᠯᠳᠠᠯ᠎ᠠ | ᠨᠡᠶᠢᠭᠡᠮ ᠤᠨ ᠡᠯ᠎ᠠ ᠡᠳᠡᠭᠡᠳ ᠤᠨ ᠬᠠᠨᠳᠢᠪᠯᠠᠭᠰᠠᠨ ᠡᠳ᠋ ᠪᠤᠳᠠᠰ ᠵᠤᠭᠤᠰ ᠮᠦᠡᠭᠭᠦ ᠶᠢ ᠨᠡᠶᠢᠳᠡ 5.83 ᠳ᠋ᠦᠡᠭᠰᠢᠭᠤᠷ | ᠲᠦᠭᠦᠷᠢᠭ ᠬᠤᠷᠢᠶᠠᠮᠵᠢᠯᠠᠵᠤ᠂ ᠪᠦᠬᠦᠨ ᠢ ᠠᠮᠢᠳᠤᠷᠠᠯ ᠶᠠᠳᠠᠭᠤ ᠬᠦᠴᠢᠷᠳᠡᠯᠳᠡᠢ ᠰᠤᠷᠤᠬᠴᠢᠳ ᠤᠨ ᠦᠷᠬᠦᠯᠵᠢᠯᠡᠨ | ᠰᠤᠷᠤᠯᠴᠠᠬᠤ ᠪᠠ ᠮᠠᠯᠵᠢᠬᠤ ᠲᠠᠷᠢᠶᠠᠯᠠᠬᠤ ᠤᠷᠤᠨ ᠤ ᠰᠠᠭᠤᠷᠢ ᠰᠤᠷᠭᠠᠨ ᠬᠦᠮᠦᠵᠢᠯ ᠤᠨ ᠰᠤᠷᠭᠠᠭᠤᠯᠢ ᠡᠷᠬᠢᠯᠡᠬᠦ | ᠨᠦᠬᠦᠴᠡᠯ ᠢ ᠰᠠᠶᠢᠵᠢᠷᠠᠭᠤᠯᠬᠤ ᠳᠤ ᠬᠡᠷᠡᠭᠯᠡᠪᠡ᠃ | ︽ᠬᠦᠰᠡᠯ ᠢᠨᠵᠧᠨᠧᠷᠢᠩ︾ ᠪᠤᠯ ᠡᠪ ᠬᠠᠮᠳᠤ ᠵᠠᠯᠠᠭᠤᠴᠤᠳ ᠤᠨ ᠡᠪᠯᠡᠯ ᠤᠨ ᠲᠦᠪ ᠬᠤᠷᠢᠶ᠎ᠠ᠂ ᠲᠤᠮᠳᠠᠳᠤ | ᠤᠯᠤᠰ ᠤᠨ ᠵᠠᠯᠠᠭᠤᠴᠤᠳ ᠪᠠᠭᠠᠴᠤᠳ ᠤᠨ ᠦᠢᠯᠡᠰ ᠤᠨ ᠭᠦᠭᠵᠢᠯᠳᠠ ᠶᠢᠨ ᠰᠠᠭᠤᠷᠢ ᠮᠦᠡᠭᠭᠦᠨ ᠤ ᠨᠡᠶᠢᠭᠡᠮᠯᠢᠭ ᠠᠴᠠ | ᠶᠠᠳᠠᠭᠤ ᠬᠦᠴᠢᠷᠳᠡᠯᠳᠡᠢ ᠭᠠᠵᠠᠷ ᠤᠷᠤᠨ ᠤ ᠰᠤᠷᠤᠯᠭ᠎ᠠ ᠠᠯᠳᠠᠬᠰᠠᠨ ᠪᠠᠭᠠᠴᠤᠳ ᠬᠡᠤᠬᠡᠳ ᠢ ᠠᠪᠤᠷᠠᠨ | ᠲᠤᠰᠠᠯᠠᠬᠤ ᠪᠠᠷ ᠵᠤᠷᠢᠯᠳᠠ ᠪᠠᠨ ᠪᠤᠯᠭᠠᠬᠰᠠᠨ ᠨᠡᠶᠢᠳᠡ ᠶᠢᠨ ᠠᠰᠠᠷᠠᠮᠵᠢ ᠶᠢᠨ ᠦᠢᠯᠡᠰ ᠪᠤᠯᠬᠤ ᠶᠤᠮ᠃ ᠬᠦᠰᠡᠯ | ᠢᠨᠵᠧᠨᠧᠷᠢᠩ ᠢ ᠬᠡᠷᠡᠭᠵᠢᠬᠦᠯᠦᠭᠰᠡᠨ ᠨᠢ ᠰᠤᠷᠤᠯᠭ᠎ᠠ ᠠᠯᠳᠠᠭᠰᠠᠨ ᠬᠡᠤᠬᠡᠳ ᠤᠨ ᠬᠤᠪᠢ ᠵᠠᠶᠠᠭ᠎ᠠ ᠶᠢ ᠨᠢ | ᠬᠤᠪᠢᠷᠠᠭᠤᠯᠵᠤ᠂ ᠶᠠᠳᠠᠭᠤ ᠬᠦᠴᠢᠷᠳᠡᠯᠳᠡᠢ ᠭᠠᠵᠠᠷ ᠤᠷᠤᠨ ᠤ ᠰᠤᠷᠭᠠᠭᠤᠯᠢ ᠡᠷᠬᠢᠯᠡᠬᠦ ᠨᠦᠬᠦᠴᠡᠯ ᠢ ᠰᠠᠶᠢᠵᠢᠷᠠᠭᠤᠯᠤᠨ᠂ | ᠰᠠᠭᠤᠷᠢ ᠰᠤᠷᠭᠠᠨ ᠬᠦᠮᠦᠵᠢᠯ ᠤᠨ ᠭᠦᠭᠵᠢᠯᠳᠠ ᠶᠢ ᠠᠬᠢᠭᠤᠯᠪᠠ᠃ | ᠬᠦᠰᠡᠯ ᠪᠠᠭ᠎ᠠ ᠰᠤᠷᠭᠠᠭᠤᠯᠢ ᠶᠢ ᠲᠠᠳᠬᠦᠨ ᠪᠠᠶᠢᠭᠤᠯᠵᠤ᠂ ᠮᠠᠯᠵᠢᠬᠤ ᠲᠠᠷᠢᠶᠠᠯᠠᠬᠤ ᠤᠷᠤᠨ ᠤ ᠰᠠᠭᠤᠷᠢ | ᠰᠤᠷᠭᠠᠨ ᠬᠦᠮᠦᠵᠢᠯ ᠤᠨ ᠰᠤᠷᠭᠠᠭᠤᠯᠢ ᠡᠷᠬᠢᠯᠡᠬᠦ ᠨᠦᠬᠦᠴᠡᠯ ᠢ ᠰᠠᠶᠢᠵᠢᠷᠠᠭᠤᠯᠤᠨ᠂ ᠮᠠᠯᠵᠢᠬᠤ ᠲᠠᠷᠢᠶᠠᠯᠠᠬᠤ ᠤᠷᠤᠨ ᠤ | ᠠᠮᠢᠳᠤᠷᠠᠯ ᠶᠠᠳᠠᠭᠤ ᠬᠦᠴᠢᠷᠳᠡᠯᠳᠡᠢ ᠵᠠᠯᠠᠭᠤᠴᠤᠳ ᠪᠠᠭᠠᠴᠤᠳ ᠤᠨ ᠰᠤᠷᠭᠠᠭᠤᠯᠢ ᠳᠤ ᠰᠤᠷᠤᠯᠴᠠᠵᠤ᠂ ᠨᠠᠩ ᠤᠯᠠᠨ | ᠰᠤᠷᠭᠠᠨ ᠬᠦᠮᠦᠵᠢᠯ ᠤᠨ ᠡᠬᠢ ᠪᠠᠶᠠᠯᠢᠭ ᠢ ᠡᠳ᠋ᠯᠡᠬᠦᠯᠬᠦ ᠪᠤᠯ ᠬᠦᠰᠡᠯ ᠢᠨᠵᠧᠨᠧᠷᠢᠩ ᠤᠨ ᠴᠢᠬᠤᠯᠠ ᠨᠢᠭᠡᠨ | ᠠᠵᠢᠯ ᠤᠨ ᠠᠭᠤᠯᠭ᠎ᠠ ᠪᠤᠯᠬᠤ ᠶᠤᠮ᠃ 29 ᠵᠢᠯ ᠤᠨ ᠲᠤᠷᠰᠢ᠂ ᠦᠪᠦᠷ ᠮᠤᠩᠭᠤᠯ ᠤᠨ ᠬᠦᠰᠡᠯ ᠢᠨᠵᠧᠨᠧᠷᠢᠩ | ᠨᠡᠶᠢᠳᠡ 582 ᠬᠦᠰᠡᠯ ᠪᠠᠭ᠎ᠠ ᠰᠤᠷᠭᠠᠭᠤᠯᠢ ᠶᠢ ᠲᠡᠳᠭᠦᠨ ᠪᠠᠶᠢᠭᠤᠯᠵᠤ᠂ ᠮᠠᠯᠵᠢᠬᠤ ᠲᠠᠷᠢᠶᠠᠯᠠᠬᠤ ᠤᠷᠤᠨ ᠤ ᠪᠠᠭ᠎ᠠ | ᠰᠤᠷᠭᠠᠭᠤᠯᠢ ᠶᠢᠨ 3631 ᠪᠠᠭᠰᠢ ᠳᠤ ᠦᠨ᠎ᠠ ᠲᠦᠯᠦᠪᠤᠷᠢ ᠦᠭᠡᠢ ᠪᠤᠯᠪᠠᠰᠤᠷᠠᠯ ᠬᠦᠷᠳᠡᠭᠡᠵᠦ᠂ ᠬᠦᠰᠡᠯ | ᠢᠨᠵᠧᠨᠧᠷᠢᠩ ᠨᠤᠮ ᠤᠨ ᠦᠷᠦᠭᠡ᠂ ᠺᠣᠮᠫᠢᠦ᠋ᠲ᠋ᠧᠷ ᠤᠨ ᠲᠠᠰᠤᠭ᠂ ᠲᠠᠭᠤᠤ ᠭᠦᠭᠵᠢᠮ ᠪᠡᠶ᠎ᠠ ᠶᠢᠨ ᠲᠠᠮᠢᠷ ᠤᠷᠠᠨ | ᠵᠢᠷᠤᠭ ᠤᠨ ᠬᠢᠴᠢᠶᠡᠯ ᠤᠨ ᠭᠡᠷ ᠵᠡᠷᠭᠡ ᠶᠢ 3687 ᠪᠠᠶᠢᠭᠤᠯᠵᠤ᠂ ᠮᠠᠯᠵᠢᠬᠤ ᠲᠠᠷᠢᠶᠠᠯᠠᠬᠤ ᠤᠷᠤᠨ ᠤ ᠰᠠᠭᠤᠷᠢ | ᠰᠤᠷᠭᠠᠨ ᠬᠦᠮᠦᠵᠢᠯ ᠤᠨ ᠰᠤᠷᠭᠠᠭᠤᠯᠢ ᠡᠷᠬᠢᠯᠡᠬᠦ ᠨᠦᠬᠦᠴᠡᠯ ᠢ ᠢᠯᠡᠳᠳᠡ ᠰᠠᠶᠢᠵᠢᠷᠠᠭᠤᠯᠵᠦ᠂ 13.1 ᠲᠦᠮᠡᠨ | ᠶᠠᠳᠠᠭᠤ ᠬᠦᠴᠢᠷᠳᠡᠯᠳᠡᠢ ᠰᠤᠷᠤᠬᠴᠢ ᠶᠢ ᠬᠠᠪᠰᠤᠷᠤᠨ ᠲᠠᠳᠬᠦᠵᠤ᠂ ᠰᠤᠷᠤᠯᠭ᠎ᠠ ᠶᠢ ᠨᠢ ᠠᠮᠵᠢᠯᠳᠠ ᠲᠠᠢ ᠲᠡᠭᠦᠰᠭᠡᠭᠰᠡᠨ | ᠪᠠᠶᠢᠨ᠎ᠠ᠃ | |